| | | | | 11 ᠰᠠᠷ᠎ᠠ ᠶᠢᠨ 7 ᠤ ᠡᠳᠦᠷ᠂ ︽ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ | ᠪᠠᠷᠢᠮᠵᠢᠶᠠᠵᠢᠭᠤᠯᠣᠭᠰᠠᠨ ᠪᠠᠶᠢᠭᠤᠯᠣᠯᠲᠠ ᠶᠢᠨ ᠳᠣᠭᠳᠠᠯᠴᠠᠭ᠎ᠠ︾ ᠶᠢ ᠠᠬᠢᠭᠤᠯᠬᠤ ᠦᠬᠡᠷᠡᠴᠢᠯᠡᠯᠳᠡ ᠶᠢᠨ ᠦᠷ᠎ᠡ | ᠪᠦᠲᠦᠮᠵᠢ ᠶᠢ ᠦᠨᠡᠯᠡᠬᠦ ᠰᠠᠭᠤᠳᠠᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ | ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠤᠨ ᠠᠯᠪᠠᠨ ᠬᠡᠷ | ᠂ ᠬᠤᠰᠢᠭᠤ ᠣᠷᠣᠨ ᠳᠣᠭᠠᠨ ᠤ ᠵᠦᠪᠯᠡᠯ ᠤᠨ ᠠᠯᠪᠠᠨ ᠬᠡᠷ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ | ᠬᠤᠰᠢᠭᠤ ᠤᠷᠤᠨ ᠰᠠᠭᠤᠴᠠ ᠪᠠ ᠬᠤᠳᠠ ᠬᠦᠳᠡᠭᠡ ᠶᠢᠨ ᠲᠦᠯᠥᠪᠵᠢᠬᠦᠯᠬᠡ ᠪᠦᠲᠦᠬᠡᠨ ᠪᠠᠶᠢᠭᠤᠯᠤᠯᠲᠠ ᠶᠢᠨ | ᠲᠤᠪᠴᠢᠶ᠎ᠠ ᠵᠡᠷᠭᠡ ᠪᠦᠬᠦ ᠬᠤᠰᠢᠭᠤᠨ ᠤ ᠡᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ 32 ᠰᠠᠯᠠᠭ᠎ᠠ ᠮᠦᠴᠢᠷ | ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠠᠭᠤᠳᠠᠯ ᠤᠨ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ᠂ ᠬᠤᠰᠢᠭᠤ ᠣᠷᠣᠨ ᠳᠣᠭᠠᠨ ᠤ ᠵᠦᠪᠯᠡᠯ ᠤᠨ ᠠᠯᠪᠠᠨ ᠬᠡᠷ ᠠᠴᠠ ᠪᠦᠬᠦ ᠬᠤᠰᠢᠭᠤᠨ ᠤ | ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠪᠠᠷᠢᠮᠵᠢᠶᠠᠵᠢᠭᠤᠯᠣᠭᠰᠠᠨ ᠪᠠᠶᠢᠭᠤᠯᠣᠯᠲᠠ ᠶᠢᠨ ᠳᠣᠭᠳᠠᠯᠴᠠᠭ᠎ᠠ ᠶᠢᠨ | ᠠᠵᠢᠯ ᠤᠨ ᠳᠣᠬᠠᠢ ᠮᠡᠳᠡᠬᠦᠯᠦᠯᠲᠡ ᠬᠢᠵᠦ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠠᠴᠠ | ᠳᠣᠬᠠᠢ ᠶᠢᠨ ᠠᠵᠢᠯ ᠲᠠᠢ ᠪᠠᠨ ᠣᠶᠠᠯᠳᠣᠭᠤᠯᠣᠨ ᠰᠠᠨᠠᠯ ᠵᠦᠪᠯᠡᠯᠬᠡ ᠳᠣᠷᠠᠳᠪᠠ᠃ ᠬᠤᠰᠢᠭᠤ ᠨᠠᠮ ᠤᠨ ᠬᠤᠷᠢᠶᠠᠨ ᠤ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠤᠨ ᠠᠯᠪᠠᠨ ᠬᠡᠷ ᠠᠴᠠ ᠪᠦᠬᠦ ᠬᠤᠰᠢᠭᠤᠨ ᠤ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠤᠨ ᠪᠠᠷᠢᠮᠵᠢᠶᠠᠵᠢᠭᠤᠯᠣᠭᠰᠠᠨ ᠪᠠᠶᠢᠭᠤᠯᠣᠯᠲᠠ ᠶᠢᠨ ᠳᠣᠭᠳᠠᠯᠴᠠᠭ᠎ᠠ ᠶᠢᠨ ᠠᠵᠢᠯ ᠢ ᠰᠠᠶᠢᠳᠣᠷ | ᠬᠢᠬᠦ ᠳᠣᠬᠠᠢ ᠪᠠᠶᠢᠷᠢᠯᠠᠭᠤᠯᠣᠯᠲᠠ ᠬᠢᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠳᠣᠰ ᠣᠳᠠᠭᠠᠨ ᠤ ᠰᠠᠭᠤᠳᠠᠯ ᠤᠨ ᠬᠤᠷᠠᠯ ᠢ ᠳᠣᠬᠢᠶᠠᠯᠳᠣᠭᠤᠯᠣᠨ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠪᠰᠣᠷᠣᠯᠴᠠᠭ᠎ᠠ ᠪᠠᠨ ᠴᠢᠩᠭᠠᠳᠬᠠᠵᠣ ᠠᠵᠢᠯ ᠢᠶᠠᠨ | ᠨᠠᠷᠢᠯᠢᠭᠵᠢᠭᠤᠯᠤᠨ ᠣᠯᠠᠮ ᠨᠢᠬᠡ ᠠᠯᠬᠤᠮ ᠲᠤᠭᠤᠰᠢᠯᠠᠭᠤᠯᠤᠨ ᠨᠠᠶᠢᠳᠠᠪᠣᠷᠢᠵᠢᠭᠤᠯᠵᠣ ᠪᠦᠬᠦ ᠬᠤᠰᠢᠭᠤᠨ ᠤ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠤᠨ ᠪᠠᠷᠢᠮᠵᠢᠶᠠᠵᠢᠭᠤᠯᠣᠭᠰᠠᠨ ᠪᠠᠶᠢᠭᠤᠯᠣᠯᠲᠠ ᠶᠢᠨ ᠳᠣᠭᠳᠠᠯᠴᠠᠭ᠎ᠠ ᠶᠢᠨ ᠠᠵᠢᠯ | ᠤᠨ ᠰᠢᠨ᠎ᠡ ᠦᠷ᠎ᠡ ᠪᠦᠲᠦᠮᠵᠢ ᠣᠯᠬᠤ ᠶᠢ ᠳᠦᠯᠬᠢᠨ ᠠᠬᠢᠭᠤᠯᠬᠤ ᠬᠡᠷᠡᠭᠲᠡᠢ ᠬᠡᠪᠡ᠃ |