ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠥᠰᠢᠨᠵᠤᠤ ᠪᠠᠯᠭᠠᠰᠣᠨ ᠤ ᠬᠤᠲᠠ ᠪᠠᠯᠭᠠᠰᠣ  ᠶᠢᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭᠠᠲᠤ ᠠᠵᠢᠯ ᠳᠤ ᠪᠠᠶᠢᠴᠠᠭᠠᠨ ᠰᠣᠳᠣᠯᠣᠯᠲᠠ ᠬᠢᠪᠠ
ᠨᠡᠶᠢᠲᠡᠯᠡᠭᠰᠡᠨ ᠴᠠᠭ᠄
2018-11-12
     11 ᠰᠠᠷ᠎ᠠ ᠶᠢᠨ 9 ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠥᠰᠢᠨᠵᠤᠤ ᠪᠠᠯᠭᠠᠰᠣᠨ ᠤ ᠢ ᠰᠢᠨ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠨᠤᠮᠢᠨ ᠪᠦᠷᠢᠳᠦ ᠨᠡᠶᠢᠭᠡᠮ ᠲᠣᠭᠤᠷᠢᠭ᠂ ᠦᠥᠰᠢᠨᠵᠤᠤ ᠪᠠᠯᠭᠠᠰᠣᠨ ᠤ ᠪᠤᠷᠤ ᠭᠡᠷᠲᠣ ᠲᠣᠭᠤᠷᠢᠭ ᠢ ᠦᠭᠡᠷᠡᠴᠢᠯᠡᠨ ᠵᠠᠰᠠᠬᠤ ᠠᠵᠢᠯ ᠤᠨ ᠵᠢᠯᠣᠭᠤᠳᠬᠤ ᠲᠦᠪ᠂ ᠦᠥᠰᠢᠨᠵᠤᠤ ᠭᠠᠴᠠᠭᠠᠨ ᠤ ᠰᠦᠮ᠎ᠡ ᠨᠡᠬᠦᠳᠡᠯ ᠠᠷᠠᠳ ᠤᠨ ᠲᠣᠭᠤᠷᠢᠭ᠂ ᠬᠤᠵᠢᠷ ᠤᠨ ᠨᠠᠭᠤᠷ ᠤᠨ ᠳᠣᠷᠰᠢᠯᠳᠡ  ᠶᠢᠨ ᠦᠷᠳᠡᠭᠡ ᠵᠡᠷᠭᠡ ᠭᠠᠵᠠᠷ ᠤᠳ ᠢᠶᠠᠷ ᠬᠦᠷᠴᠦ᠂ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠲᠡ᠂ ᠠᠵᠤ ᠠᠬᠤᠶᠢᠯᠠᠯ ᠤᠨ ᠠᠶᠦᠯᠬᠦᠢ ᠦᠢᠯᠡᠳᠪᠤᠷᠢᠯᠠᠯ ᠵᠡᠷᠭᠡ ᠭᠤᠤᠯᠳᠠᠯᠭᠠᠲᠤ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠦᠦᠰᠢᠨᠵᠣᠣ ᠪᠠᠯᠭᠠᠰᠤ᠂ ᠬᠤᠰᠢᠭᠤ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠷᠠᠳᠠᠨ ᠪᠠᠶᠢᠴᠠᠭᠠᠪᠠ᠃
     ᠪᠠᠶᠢᠴᠠᠭᠠᠨ ᠰᠤᠳᠤᠯᠤᠯᠲᠠ ᠳᠤᠮᠳᠠ ᠡᠷᠳᠡᠨᠢᠪᠢᠯᠢᠭ ᠵᠢᠭᠠᠬᠤ ᠳᠠᠭᠠᠨ ᠬᠤᠲᠠ ᠪᠠᠯᠭᠠᠰᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠦᠨᠳᠦᠰᠦᠨ ᠬᠠᠷᠠᠯᠲᠠ ᠪᠣᠯ ᠪᠤᠵᠠᠷ ᠪᠤᠷᠲᠠᠭ ᠮᠦᠷᠳᠡᠬᠡᠨ ᠡᠷᠦᠢ ᠬᠤᠷᠣᠢ ᠦᠭᠡᠢ ᠪᠠᠶᠢᠬᠤ ᠣᠷᠴᠢᠨ ᠲᠣᠭᠤᠷᠢᠨ ᠦᠵᠡᠭᠳᠡᠯ ᠢ ᠵᠠᠰᠠᠨ ᠴᠡᠭᠴᠡᠯᠡᠵᠣ᠂ ᠰᠠᠭᠤᠭᠠᠯᠢ ᠠᠷᠠᠳ ᠤᠨ ᠳᠠᠭᠠᠯᠠᠮᠵᠢᠳᠣ ᠰᠠᠳᠬᠢᠯᠬᠡ ᠪᠠ ᠵᠣᠯ ᠵᠢᠷᠭᠠᠯᠳᠣ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢᠨ ᠥᠨᠳᠥᠷᠴᠡ ᠠᠴᠠ ᠬᠤᠲᠠ ᠪᠠᠯᠭᠠᠰᠤᠨ ᠤ ᠣᠷᠴᠢᠨ ᠲᠣᠭᠤᠷᠢᠨ ᠤ ᠴᠡᠭᠴᠡᠯᠡᠯᠲᠡ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠤᠲᠠ ᠬᠦᠳᠡᠭᠡ ᠶᠢᠨ ᠬᠥᠭᠵᠢᠯᠲᠡ ᠶᠢᠨ ᠣᠷᠴᠢᠨ ᠳᠣᠭᠤᠷᠢᠨ ᠪᠠ ᠶᠠᠰᠣ ᠴᠢᠨᠡᠷ ᠢ ᠪᠦᠬᠦ ᠳᠠᠯ᠎ᠠ ᠪᠠᠷ ᠳᠡᠭᠡᠭᠰᠢᠯᠡᠭᠦᠯᠦᠨ ᠥᠷᠭᠡᠨ ᠣᠯᠠᠨ ᠲᠦᠮᠡᠨ ᠤ ᠠᠵᠣ ᠠᠮᠢᠳᠣᠷᠠᠯ ᠢ ᠨᠡᠩ ᠰᠠᠶᠢᠨ ᠰᠠᠶᠢᠬᠠᠨ ᠪᠣᠯᠭᠠᠬᠤ ᠬᠡᠷᠡᠭᠳᠡᠢ ᠬᠡᠪᠠ᠃
    ᠲᠡᠷᠡ ᠴᠢᠬᠤᠯᠠᠴᠢᠯᠠᠬᠤ ᠳᠠᠭᠠᠨ ᠪᠣᠷᠣ ᠬᠡᠷᠳᠣ ᠲᠣᠭᠤᠷᠢᠭ ᠤᠨ ᠥᠭᠡᠷᠡᠴᠢᠯᠡᠯᠲᠡ ᠶᠢᠨ ᠰᠠᠭᠤᠭᠠᠯᠢ ᠠᠷᠠᠳ ᠢ ᠲᠦᠪᠬᠢᠨᠡᠬᠦᠯᠬᠦ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠬᠦᠯᠥᠨ ᠬᠠᠮᠢᠶᠠᠷᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ᠂ ᠣᠷᠴᠢᠨ ᠲᠣᠭᠤᠷᠢᠨ ᠪᠣᠵᠠᠷ ᠮᠦᠷᠳᠡᠬᠡᠨ ᠡᠷᠦᠢ ᠬᠤᠷᠣᠢ ᠦᠭᠡᠢ ᠪᠠᠶᠢᠬᠤ ᠵᠡᠷᠭᠡ ᠰᠠᠭᠤᠭᠠᠯᠢ ᠠᠷᠠᠳ ᠤᠨ ᠬᠠᠷᠢᠭᠤ ᠳᠣᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ ᠦᠢᠯᠡᠴᠢᠯᠡᠭᠡ ᠰᠠᠶᠢᠨ᠂ ᠣᠷᠴᠢᠨ ᠲᠣᠭᠤᠷᠢᠨ ᠨᠢ ᠴᠡᠪᠡᠷ ᠠᠷᠢᠭᠤᠨ᠂ ᠠᠷᠠᠳ ᠣᠯᠠᠨ ᠬᠠᠨᠤᠮᠵᠢᠲᠠᠢ ᠪᠠᠶᠢᠬᠤ ᠨᠡᠶᠢᠬᠡᠮ ᠲᠣᠭᠤᠷᠢᠭ ᠢ ᠪᠦᠲᠦᠭᠡᠨ ᠪᠠᠶᠢᠭᠤᠯᠬᠤ ᠬᠡᠷᠡᠭᠲᠡᠢ᠃ ᠨᠡᠭᠦᠳᠡᠯ ᠠᠷᠠᠳ ᠤᠨ ᠡᠯ᠎ᠡ ᠲᠥᠷᠥᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠦ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠨ ᠪᠣᠷᠣ ᠬᠡᠷᠳᠣ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠢᠨᠵᠧᠨᠧᠷᠢᠩ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠡᠢ᠃
     ᠬᠤᠵᠢᠷ ᠤᠨ ᠨᠠᠭᠤᠷ ᠤᠨ ᠲᠤᠷᠰᠢᠯᠲᠠ ᠶᠢᠨ ᠥᠷᠲᠡᠭᠡᠨ ᠤ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ᠂ ᠦᠢᠯᠡᠳᠪᠦᠷᠢᠯᠡᠯ ᠤᠨ ᠲᠠᠰᠤᠭ ᠵᠡᠷᠭᠡ ᠭᠠᠵᠠᠷ ᠢᠶᠠᠷ ᠪᠠᠶᠢᠴᠠᠭᠠᠨ ᠦᠵᠡᠭᠰᠡᠨ ᠤ ᠳᠠᠷᠠᠭ᠎ᠠ ᠡᠷᠳᠡᠨᠢᠪᠢᠯᠢᠭ ᠴᠢᠬᠤᠯᠠᠴᠢᠯᠠᠬᠤ ᠳᠠᠭᠠᠨ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠲᠡᠷᠢᠭᠦᠨ ᠴᠢᠬᠤᠯᠠ ᠡᠭᠦᠷᠭᠡ ᠪᠠᠶᠢᠵᠣ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠬᠡᠪᠰᠢ ᠰᠤᠯᠠᠷᠠᠭᠤᠯᠬᠤ ᠦᠭᠡᠢ ᠪᠠᠷ ᠴᠢᠩᠭ᠎ᠠ ᠠᠳᠬᠤᠵᠤ᠂ ᠬᠥᠮᠥᠵᠢᠯ ᠵᠢᠯᠣᠭᠤᠳᠤᠯᠭ᠎ᠠ ᠪᠠᠷ ᠳᠠᠮᠵᠢᠭᠤᠯᠤᠨ ᠪᠦᠬᠦ ᠠᠵᠢᠯᠲᠠᠨ ᠤ ᠠᠶᠤᠯᠭᠦᠢ ᠶᠢᠨ ᠲᠠᠨᠢᠯᠲᠠ ᠶᠢ ᠳᠡᠭᠡᠭᠰᠢᠯᠡᠭᠦᠯᠦᠨ ᠠᠶᠤᠯᠭᠦᠢ ᠶᠢᠨ ᠳᠠᠯᠳᠠ ᠭᠡᠮ ᠢ ᠨᠠᠷᠢᠨ ᠬᠢᠨᠠᠮᠠᠭᠠᠢ ᠪᠠᠶᠢᠴᠠᠭᠠᠵᠤ᠂ ᠠᠶᠤᠯᠭᠦᠢ ᠲᠣᠭᠲᠠᠭᠤᠨ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠨᠢ ᠣᠷᠴᠢᠨ ᠲᠣᠭᠤᠷᠢᠨ ᠤ ᠠᠰᠠᠭᠤᠳᠠᠯ ᠢ ᠴᠢᠬᠤᠯᠠᠴᠢᠯᠠᠨ ᠦᠵᠡᠵᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠳᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠦᠢᠯᠡᠳᠪᠦᠷᠢᠯᠡᠯ ᠤᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠵᠣᠷᠢᠭ ᠰᠠᠨᠠᠭ᠎ᠠ ᠪᠠᠷ ᠠᠰᠠᠭᠤᠳᠠᠯ ᠢ ᠵᠥᠪ ᠣᠨᠣᠪᠴᠢᠲᠠᠢ ᠡᠷᠢᠨ ᠭᠠᠷᠭᠠᠵᠤ᠂ ᠠᠰᠠᠭᠤᠳᠠᠯ ᠳᠤ ᠲᠣᠬᠢᠷᠠᠭᠤᠯᠤᠨ ᠰᠢᠨᠵᠢᠯᠡᠬᠦ ᠣᠬᠠᠭᠠᠨᠴᠢ ᠠᠷᠭ᠎ᠠ ᠬᠡᠮᠵᠢᠶ᠎ᠡ ᠠᠪᠴᠤ ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠠᠵᠤ ᠠᠬᠤᠢ ᠶᠢ ᠬᠥᠭᠵᠢᠭᠦᠯᠬᠦ ᠶᠢᠨ ᠵᠡᠷᠭᠡᠪᠡᠷ ᠬᠥᠬᠡᠮᠳᠦᠭ ᠠᠭᠤᠯᠠ ᠴᠡᠩᠬᠡᠭ ᠤᠰᠤ ᠶᠢ ᠬᠠᠮᠠᠭᠠᠯᠠᠬᠤ ᠬᠡᠷᠡᠭᠲᠡᠢ᠃ ᠡᠬᠦᠨ ᠤ ᠬᠠᠮᠳᠣ ᠠᠵᠤ ᠠᠬᠤᠶᠢᠯᠠᠯ ᠴᠠᠭ ᠲᠤᠬᠠᠢ ᠳᠤᠨᠢ ᠠᠵᠢᠯᠴᠢᠨ ᠤ ᠴᠠᠯᠢᠩ ᠮᠥᠩᠭᠦ ᠶᠢ ᠬᠦᠢᠴᠡᠳ ᠳᠣᠭᠠᠴᠠᠵᠣ᠂ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号