ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠵᠠᠰᠠᠭ ᠤᠨ ᠣᠷᠳᠣᠨ ᠤ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ 2019 ᠤᠨ ᠤ ᠲᠥᠯᠥᠪᠵᠢᠭᠦᠯᠤᠨ ᠭᠡᠷᠡᠭᠵᠢᠭᠦᠯᠭᠦ ᠪᠠᠷ ᠪᠠᠶᠢᠭ᠎ᠠ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠲᠥᠷᠥᠯ ᠵᠥᠢᠯ ᠳᠤ ᠲᠤᠰᠬᠠᠢ ᠰᠡᠳᠤᠪᠳᠤ ᠰᠤᠳᠤᠯᠤᠯᠳᠠ ᠭᠢᠪᠠ
ᠨᠡᠶᠢᠲᠡᠯᠡᠭᠰᠡᠨ ᠴᠠᠭ᠄
2018-11-12
     11 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠵᠠᠰᠠᠭ ᠤᠨ ᠣᠷᠳᠣᠨ ᠤ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠬᠤᠷᠠᠯ ᠡᠷᠬᠢᠯᠡᠨ ᠮᠠᠨ ᠤ ᠬᠤᠰᠢᠭᠤᠨ ᠤ 2019 ᠤᠨ ᠤ ᠲᠥᠯᠥᠪᠵᠢᠭᠦᠯᠤᠨ ᠭᠡᠷᠡᠭᠵᠢᠭᠦᠯᠭᠦ ᠪᠠᠷ ᠪᠠᠶᠢᠭ᠎ᠠ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠴᠢᠬᠤᠯᠠ ᠲᠤᠮᠤ ᠲᠥᠷᠥᠯ ᠵᠥᠢᠯ ᠳᠤ ᠲᠤᠰᠬᠠᠢ ᠰᠡᠳᠤᠪᠳᠤ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠤᠨ ᠤ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠶᠠᠨᠴᠢᠮᠡᠭ᠂ ᠰᠤᠪᠤᠷᠭ᠎ᠠ ᠠᠵᠤ ᠠᠬᠤᠢ ᠨᠡᠭᠡᠭᠡᠯᠳᠠ  ᠶᠢᠨ ᠤᠷᠤᠨ ᠤ ᠨᠠᠷᠢᠠᠭᠤᠤᠯ ᠠᠵᠤ ᠦᠢᠯᠡᠳᠪᠤᠷᠢ ᠶᠢᠨ ᠲᠦᠷᠦᠯ ᠵᠦᠢᠯ ᠤᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ᠂ ᠰᠤᠪᠤᠷᠭ᠎ᠠ ᠠᠵᠤ ᠠᠬᠤᠢ ᠨᠡᠭᠡᠭᠡᠯᠳᠠ ᠶᠢᠨ ᠤᠷᠤᠨ ᠤ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠰᠢᠶᠤᠤ ᡁᠢ ᠺᠤᠸᠠᠨ ᠪᠤᠯᠤᠨ ᠰᠤᠪᠤᠷᠭ᠎ᠠ ᠠᠵᠤ ᠠᠬᠤᠢ ᠨᠡᠭᠡᠭᠡᠯᠳᠠ ᠶᠢᠨ ᠤᠷᠤᠨ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠥᠭᠡᠷᠡᠴᠢᠯᠠᠯᠳᠠ ᠶᠢᠨ ᠲᠤᠪᠴᠢᠶ᠎ᠠ᠂ ᠠᠵᠤ ᠠᠬᠤᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠳᠠ ᠶᠢᠨ ᠲᠤᠪᠴᠢᠶ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
     ᠬᠤᠷᠠᠯ ᠳᠡᠭᠡᠷ᠎ᠡ᠂ ᠭᠥᠭᠵᠢᠭᠦᠯᠥᠯᠳᠠ ᠥᠭᠡᠷᠡᠴᠢᠯᠡᠯᠲᠠ ᠶᠢᠨ ᠲᠤᠪᠴᠢᠶ᠎ᠠ ᠠᠴᠠ 2019 ᠤᠨ ᠤ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠴᠢᠬᠤᠯᠠ ᠲᠤᠮᠤ ᠲᠥᠷᠥᠯ ᠵᠥᠢᠯ ᠤᠨ ᠲᠥᠯᠥᠪᠵᠢᠭᠦᠯᠭᠡ ᠤᠨ ᠠᠵᠢᠯ ᠢ ᠬᠠᠷᠢᠭᠤ ᠮᠡᠳᠡᠭᠦᠯᠵᠦ ᠡᠯ᠎ᠠ ᠭᠥᠷᠢᠶᠠᠯᠠᠩ ᠲᠤᠭᠤᠷᠢᠭ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠶᠠᠷᠢᠯᠴᠠᠭ᠎ᠠ ᠥᠷᠨᠢᠭᠦᠯᠥᠭᠰᠠᠨ ᠪᠠᠶᠢᠨ᠎ᠠ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠲᠥᠷᠥᠯ ᠵᠥᠢᠯ ᠪᠤᠯᠤᠨ ᠪᠡᠯᠡ ᠤᠷᠤᠭᠤᠯᠤᠯᠳᠠ ᠪᠤᠯ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠪᠠᠶᠠᠯᠠᠭᠦᠯᠭᠦ ᠶᠢᠨ ᠴᠢᠬᠤᠯᠠ ᠭᠠᠷᠳᠠᠴᠠ ᠪᠠᠶᠢᠵᠤ ᠠᠵᠤ ᠥᠢᠯᠠᠰ ᠤᠨ ᠭᠥᠭᠵᠢᠯᠳᠠ ᠶᠢᠨ ᠤᠳᠤᠭᠢ ᠪᠠᠶᠢᠳᠠᠯ ᠳᠤ ᠰᠠᠭᠤᠷᠢᠯᠠᠨ ᠬᠢᠨᠠᠮᠠᠭᠠᠢ ᠰᠤᠳᠤᠯᠤᠨ ᠰᠢᠨᠵᠢᠯᠠᠭᠦ ᠤᠬᠠᠭᠠᠨᠴᠢ ᠲᠥᠯᠥᠪᠵᠢᠭᠦᠯᠭᠡ ᠭᠢᠵᠤ ᠲᠥᠷᠥᠯ ᠵᠥᠢᠯ ᠤᠨ ᠵᠤᠭᠢᠶᠠᠨ ᠪᠠᠶᠢᠭᠤᠯᠤᠯᠳᠠ ᠪᠤᠯᠤᠨ ᠭᠡᠷᠡᠭᠵᠢᠭᠦᠯᠥᠯᠳᠠ ᠶᠢ ᠨᠢᠭᠡᠳᠤᠯᠳᠠᠢ ᠲᠥᠯᠥᠪᠵᠢᠭᠦᠯᠤᠨ ᠴᠢᠩᠭ᠎ᠠ ᠠᠳᠬᠤᠬᠤ ᠭᠡᠷᠡᠭᠳᠠᠢ᠃ ᠭᠥᠭᠵᠢᠭᠦᠯᠥᠯᠳᠠ ᠥᠭᠡᠷᠡᠴᠢᠯᠠᠯᠳᠠ᠂ ᠠᠵᠤ ᠠᠬᠤᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠳᠠ ᠶᠢᠨ ᠰᠠᠯᠠᠭ᠎ᠠ ᠮᠥᠴᠢᠷ ᠪᠤᠯᠤᠨ ᠡᠯ᠎ᠠ ᠭᠥᠷᠢᠶᠠᠯᠠᠩ ᠲᠤᠭᠤᠷᠢᠭ᠂ ᠡᠯ᠎ᠠ ᠰᠠᠯᠠᠭ᠎ᠠ ᠮᠥᠴᠢᠷ ᠠᠵᠤ ᠠᠬᠤᠶᠢᠯᠠᠯ ᠬᠠᠷᠢᠯᠴᠠᠨ ᠬᠤᠯᠪᠤᠭᠠᠯᠠᠨ ᠪᠥᠷᠢᠨ ᠪᠥᠳᠥᠨ᠂ ᠵᠥᠪ ᠤᠨᠤᠪᠴᠢᠳᠠᠢ᠂ ᠨᠠᠷᠢᠯᠢᠭ ᠪᠤᠳᠠᠳᠠᠢ ᠳ᠋ᠥᠩᠰᠢᠭᠤᠷ ᠲᠥᠭᠦᠷᠢᠭ ᠠᠴᠠ ᠲᠡᠭᠡᠭᠰᠢᠭᠢ ᠲᠥᠷᠥᠯ ᠵᠥᠢᠯ ᠤᠨ ᠪᠡᠯᠡ ᠤᠷᠤᠭᠤᠯᠤᠯᠳᠠ ᠶᠢᠨ ᠲᠤᠳᠤᠷᠬᠠᠢ ᠲᠥᠯᠥᠪᠵᠢᠭᠦᠯᠭᠡ ᠶᠢᠨ ᠭᠥᠰᠤᠨᠤᠭ᠌ ᠢ ᠪᠠᠶᠢᠭᠤᠯᠤᠨ ᠲᠠᠭᠦᠯᠳᠡᠷᠵᠢᠭᠦᠯᠭᠦ ᠭᠡᠷᠡᠭᠳᠠᠢ᠃ ᠲᠥᠷᠥᠯ ᠵᠥᠢᠯ ᠤᠨ ᠨᠠᠷ᠎ᠠ᠂ ᠪᠡᠯᠡ ᠤᠷᠤᠭᠤᠯᠬᠤ ᠲᠥᠯᠥᠪᠯᠡᠭᠡ ᠪᠤᠯᠤᠨ ᠪᠠᠷᠢᠯᠭ᠎ᠠ ᠲᠠᠭᠤᠰᠬᠠᠬᠤ ᠴᠠᠭ ᠤᠨ ᠭᠢᠵᠠᠭᠠᠷ  ᠢ ᠭᠢᠨᠠᠮᠠᠭᠠᠢ ᠬᠠᠷᠭᠤᠭᠤᠯᠤᠨ  ᠲᠤᠭ᠎ᠠ ᠪᠠᠷᠢᠮᠳᠠ ᠶᠢᠨ ᠤᠨᠤᠪᠴᠢᠳᠠᠢ ᠪᠠᠶᠢᠬᠤ ᠶᠢ ᠪᠠᠳᠤᠯᠠᠵᠦ ᠵᠢᠯ ᠤᠨ ᠠᠵᠤ ᠠᠬᠤᠢ  ᠶᠢᠨ ᠭᠥᠭᠵᠢᠯᠳᠠ ᠶᠢᠨ ᠬᠠᠷᠠᠯᠳᠠ ᠪᠤᠯᠤᠨ ᠬᠤᠵᠢᠮ ᠤᠨ ᠲᠥᠷᠥᠯ ᠵᠥᠢᠯ ᠤᠨ ᠲᠤᠭᠢᠷᠠᠭᠤᠯᠤᠯᠳᠠ ᠳᠤ ᠤᠨᠤᠪᠴᠢᠳᠠᠢ ᠲᠤᠭ᠎ᠠ ᠪᠠᠷᠢᠮᠳᠠ ᠬᠠᠩᠭᠠᠬᠤ ᠶᠢ ᠪᠠᠳᠤᠯᠠᠬᠤ ᠭᠡᠷᠡᠭᠳᠠᠢ᠃ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠨᠢ ᠤᠯᠤᠰ  ᠤᠨ ᠠᠵᠤ ᠥᠢᠯᠡᠰ ᠤᠨ ᠴᠢᠭᠯᠡᠯ ᠪᠤᠯᠤᠨ ᠵᠠᠬ᠎ᠠ ᠲᠡᠯᠭᠡᠭᠦᠷ ᠤᠨ ᠭᠥᠭᠵᠢᠯᠳᠠ ᠶᠢᠨ ᠬᠠᠨᠳᠤᠰᠢ ᠶᠢ ᠭᠥᠨᠵᠡᠭᠡᠢ ᠰᠤᠳᠤᠯᠤᠨ ᠠᠷᠠᠳ ᠤᠨ ᠠᠮᠢᠳᠤᠷᠠᠯ ᠤᠨ ᠭᠡᠷᠡᠭᠴᠡᠭᠡ ᠶᠢ ᠤᠨᠤᠪᠴᠢᠳᠠᠢ ᠡᠵᠡᠮᠳᠠᠵᠦ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠥᠷᠤᠯ ᠵᠥᠢᠯ ᠤᠨ ᠲᠥᠯᠥᠪᠵᠢᠭᠦᠯᠭᠡ ᠶᠢ ᠰᠠᠶᠢᠲᠤᠷ ᠭᠢᠵᠤ ᠲᠡᠭᠡᠳᠤ ᠱᠠᠳᠤᠨ ᠤ ᠰᠠᠯᠠᠭ᠎ᠠ ᠮᠥᠴᠢᠷ ᠲᠤ ᠬᠠᠷᠢᠭᠤ ᠮᠡᠳᠡᠭᠦᠯᠤᠨ ᠲᠠᠳᠠᠨ ᠤ ᠲᠠᠮᠵᠢᠯᠭᠡ ᠶᠢ ᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号