11 ᠰᠠᠷ᠎ᠠ ᠶᠢᠨ 6 ᠠᠴᠠ 7 ᠤ ᠡᠳᠦᠷ ᠪᠤᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋ ᠨᠠᠷ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ | ᠪᠤᠯᠤᠨ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠬᠦᠷᠴᠤ ᠬᠦᠷᠢᠶᠡᠯᠡᠩ ᠲᠤᠭᠤᠷᠢᠭ ᠳᠠᠬᠢ | ᠠᠵᠤ ᠠᠬᠤᠶᠢᠯᠠᠯ ᠤᠨ ᠬᠢᠨ ᠲᠠᠢ ᠰᠠᠭᠤᠳᠠᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠤᠷᠤᠯᠠᠭᠴᠢ ᠳᠠᠷᠤᠭ᠎ᠠ ᠵᠤᠦ ᠹᠧᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ ᠵᠸᠦ ᠱᠤᠸᠠᠢ᠂ ᠸᠠᠩ ᠭᠠᠩ | ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠦᠭᠡᠷᠡᠴᠢᠯᠡᠯᠲᠡ ᠬᠦᠭᠵᠢᠭᠦᠯᠤᠯᠲᠠ ᠶᠢᠨ ᠲᠤᠪᠴᠢᠶ᠎ᠠ᠂ | ᠲᠤᠭ᠎ᠠ ᠪᠦᠷᠢᠳᠬᠡᠯ ᠤᠨ ᠳᠤᠪᠴᠢᠶ᠎ᠠ᠂ ᠠᠵᠤ ᠠᠬᠤᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠲᠠ ᠵᠡᠷᠭᠡ | ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠤᠯᠤᠨ ᠬᠦᠷᠢᠶᠡᠯᠡᠩ ᠲᠤᠭᠤᠷᠢᠭ ᠳᠠᠬᠢ ᠠᠵᠤ ᠠᠬᠤᠶᠢᠯᠠᠯ ᠤᠨ | ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃ | | | | | ᠬᠤᠷᠠᠯ ᠳᠡᠭᠡᠷ᠎ᠡ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠦ | ᠤᠶᠢᠯᠡᠳᠪᠤᠷᠢ ᠶᠢᠨ ᠬᠦᠷᠢᠶᠡᠯᠡᠩ ᠲᠤᠭᠤᠷᠢᠭ ᠪᠤᠯᠤᠨ ᠡᠯ᠎ᠡ ᠠᠵᠤ ᠠᠬᠤᠶᠢᠯᠠᠯ ᠤᠨ ᠬᠢᠨ ᠪᠦᠬᠦ ᠵᠢᠯ ᠤᠨ ᠬᠠᠷᠠᠯᠲᠠ | ᠪᠠᠨ ᠪᠡᠶᠡᠯᠡᠭᠦᠯᠦᠭᠰᠡᠨ ᠪᠠᠶᠢᠳᠠᠯ᠂ ᠤᠷᠤᠰᠢᠵᠤ ᠪᠠᠶᠢᠭ᠎ᠠ ᠬᠦᠴᠢᠷᠳᠡᠯ ᠵᠢᠴᠢ 2019 ᠤᠨ ᠤ ᠦᠢᠯᠡᠳᠪᠦᠷᠢᠯᠡᠯ | ᠪᠤᠯᠤᠨ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠲᠦᠯᠦᠪᠵᠢᠭᠦᠯᠭᠡ ᠶᠢᠨ ᠲᠤᠬᠠᠢ ᠲᠤᠰᠪᠤᠷᠢ ᠬᠠᠷᠢᠭᠤ | ᠮᠡᠳᠡᠬᠦᠯᠪᠡ᠃ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠢᠨ ᠠᠵᠤ ᠠᠬᠤᠶᠢᠯᠠᠯ ᠤᠨ | ᠲᠤᠷᠠᠳᠤᠭᠰᠠᠨ ᠠᠰᠠᠭᠤᠳᠠᠯ ᠳᠤ ᠲᠠᠶᠢᠯᠪᠤᠷᠢᠯᠠᠨ ᠲᠤᠲᠤᠷᠬᠠᠶᠢᠯᠠᠯᠲᠠ ᠬᠢᠪᠡ᠃ | ᠵᠤᠤ ᠹᠸᠢ ᠯᠤ᠋ ᠵᠢᠭᠠᠬᠤ ᠳᠤ ᠪᠠᠨ᠂ ᠡᠨᠡ ᠵᠢᠯ ᠠᠴᠠ ᠨᠠᠰᠢ ᠡᠯ᠎ᠡ ᠲᠤᠮᠤ ᠠᠵᠤ ᠠᠬᠤᠶᠢᠯᠠᠯ ᠤᠨ ᠬᠢᠨ ᠠᠵᠤ | ᠠᠬᠤᠢ ᠶᠢᠨ ᠳᠠᠷᠤᠯᠲᠠ ᠪᠤᠯᠤᠨ ᠭᠠᠳᠠᠭᠠᠳᠤ ᠤᠷᠴᠢᠨ ᠤ ᠠᠰᠢᠭ ᠦᠭᠡᠢ ᠤᠯᠠᠨ ᠬᠦᠴᠦᠨ ᠵᠦᠢᠯ ᠤᠨ ᠨᠦᠯᠦᠭᠡᠯᠡᠯ | ᠲᠤᠤᠷ᠎ᠠ ᠡᠯ᠎ᠡ ᠲᠠᠯ᠎ᠠ ᠶᠢᠨ ᠳᠠᠷᠤᠯᠲᠠ ᠶᠢ ᠢᠳᠡᠪᠬᠢᠲᠠᠢ ᠪᠠᠷ ᠲᠤᠭᠤᠯᠤᠨ ᠭᠠᠷᠴᠦ᠂ ᠤᠯᠠᠨ ᠲᠠᠯ᠎ᠠ ᠶᠢᠨ ᠴᠢᠷᠮᠠᠶᠢᠯᠭ᠎ᠠ | ᠪᠠᠷ ᠲᠠᠮᠵᠢᠨ ᠵᠢᠯ ᠤᠨ ᠡᠬᠢᠨ ᠳᠤ ᠲᠤᠭᠲᠠᠭᠠᠭᠰᠠᠨ ᠡᠭᠦᠷᠭᠡ ᠬᠠᠷᠠᠯᠲᠠ ᠪᠠᠨ ᠲᠦᠯᠦᠪᠯᠡᠭᠡ ᠶᠤᠰᠤᠭᠠᠷ ᠲᠦᠯᠬᠢᠨ | ᠠᠬᠢᠭᠤᠯᠵᠤ ᠨᠡᠯᠢᠶᠡᠳ ᠰᠠᠶᠢᠨ ᠦᠷ᠎ᠡ ᠪᠦᠲᠦᠮᠵᠢ ᠤᠯᠵᠤ ᠪᠦᠬᠦ ᠬᠤᠰᠢᠭᠤᠨ ᠤ ᠠᠵᠤ ᠠᠬᠤᠢ ᠶᠢᠨ ᠲᠤᠭᠲᠠᠭᠤᠨ | ᠬᠦᠭᠵᠢᠯᠲᠡ ᠳᠤ ᠪᠠᠲᠦ ᠴᠢᠩᠭ᠎ᠠ ᠪᠠᠲᠤᠯᠠᠭ᠎ᠠ ᠬᠠᠩᠭᠠᠪᠠ ᠭᠡᠵᠡᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ ᠡᠯ᠎ᠡ ᠬᠦᠷᠢᠶᠡᠯᠡᠩ ᠲᠤᠭᠤᠷᠢᠭ᠂ ᠰᠠᠯᠠᠭ᠎ᠠ ᠮᠦᠴᠢᠷ ᠵᠢᠴᠢ ᠠᠵᠤ | ᠠᠬᠤᠶᠢᠯᠠᠯ ᠤᠨ ᠬᠢᠨ ᠤᠯᠤᠰ ᠤᠨ ᠲᠤᠲᠤᠭᠠᠲᠦ ᠭᠠᠳᠠᠭᠠᠲᠦ ᠶᠢᠨ ᠠᠵᠤ ᠠᠬᠤᠢ ᠶᠢᠨ ᠪᠠᠶᠢᠳᠠᠯ ᠢ ᠬᠦᠨᠵᠡᠭᠡᠢ | ᠵᠠᠳᠠᠯᠵᠤ 2019 ᠤᠨ ᠤ ᠦᠢᠯᠡᠳᠪᠦᠷᠢᠯᠡᠯ ᠤᠨ ᠲᠦᠯᠦᠪᠵᠢᠭᠦᠯᠭᠡ ᠪᠤᠯᠤᠨ ᠦᠢᠯᠡᠳᠭᠦᠨ ᠤ ᠦᠷᠲᠡᠭ᠂ ᠠᠰᠢᠭ | ᠭᠠᠶᠢᠯᠢ ᠵᠡᠷᠭᠡ ᠶᠢᠨ ᠵᠢᠭᠠᠯᠲᠠ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠬᠤ ᠬᠡᠷᠡᠭᠲᠡᠢ᠃ ᠠᠵᠤ ᠠᠬᠤᠢ | ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠤᠰᠤᠭᠠᠷ ᠲᠦᠷᠦᠯ ᠵᠦᠢᠯ ᠤᠨ ᠪᠠᠶᠢᠭᠤᠯᠤᠯᠲᠠ | ᠶᠢ ᠠᠳᠬᠤᠵᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠷᠭ᠎ᠠ ᠪᠠᠨ ᠳᠠᠰᠤᠷᠠᠯᠲᠠ ᠦᠭᠡᠢ ᠰᠢᠨᠡᠴᠢᠯᠡᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠲᠠᠪᠠᠭᠤᠯᠢᠭ ᠠᠵᠤ ᠦᠢᠯᠡᠰ ᠲᠤ ᠪᠠᠨ ᠲᠦᠰᠢᠭᠯᠡᠵᠤ | ᠬᠤᠯᠪᠤᠭᠠᠯᠠᠵᠤ ᠲᠦᠪᠯᠡᠷᠡᠭᠰᠡᠨ ᠴᠢᠨᠠᠷ ᠢᠶᠠᠷ ᠴᠢᠩᠭ᠎ᠠ ᠲᠦᠷᠦᠯ ᠵᠦᠢᠯ ᠢ ᠤᠷᠤᠨᠵᠢᠭᠤᠯᠬᠤ ᠬᠡᠷᠡᠭᠲᠠᠢ ᠬᠡᠪᠡ᠃ | | | | | ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠤ ᠠᠵᠤ ᠠᠬᠤᠶᠢᠯᠠᠯ ᠤᠨ | ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ | ᠶᠢ ᠴᠢᠩᠭ᠎ᠠ ᠪᠠᠷ ᠲᠤᠭᠤᠰᠢᠯᠠᠭᠤᠯᠤᠨ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠢ ᠴᠢᠩᠭᠠᠳᠬᠠᠵᠤ | ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠬᠦᠯᠦᠨ ᠲᠦᠷᠦᠯ ᠵᠦᠢᠯ᠂ ᠪᠠᠷᠢᠯᠭ᠎ᠠ ᠶᠢᠨ ᠭᠠᠵᠠᠷ ᠤᠨ | ᠡᠯ᠎ᠡ ᠭᠤᠭᠴᠤᠭᠠᠨ ᠤ ᠬᠠᠮᠢᠶᠠᠷᠤᠯᠲᠠ ᠶᠢ ᠴᠢᠩᠭᠠᠳᠬᠠᠵᠤ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ | ᠬᠡᠷᠡᠭᠲᠡᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ | ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢ ᠰᠡᠷᠭᠡᠶᠢᠯᠡᠨ ᠵᠠᠰᠠᠬᠤ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ | ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠢᠢᠳᠪᠦᠷᠢᠯᠡᠬᠦ ᠵᠡᠷᠭᠡ ᠤᠷᠴᠢᠨ ᠲᠤᠭᠤᠷᠢᠨ ᠤ ᠬᠠᠮᠠᠭᠠᠯᠠᠯᠲᠠ | ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠤᠨ ᠪᠤᠬᠢᠷᠲᠤᠯ ᠦᠭᠡᠢ ᠦᠢᠯᠡᠳᠪᠦᠷᠢᠯᠡᠯ ᠤᠨ | ᠳᠦᠪᠰᠢᠨ ᠢ ᠦᠨᠡᠨᠬᠦ ᠳᠡᠭᠡᠭᠰᠢᠯᠡᠬᠦᠯᠬᠦ ᠬᠡᠷᠡᠭᠲᠡᠢ ᠬᠡᠪᠡ᠃ | ᠵᠤᠤ ᠹᠸᠢ ᠯᠤ᠋ ᠬᠦᠷᠢᠶᠡᠯᠡᠩ ᠲᠤᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠰᠠᠶᠢᠵᠢᠷᠠᠭᠤᠯᠬᠤ ᠲᠤᠬᠠᠢ ᠴᠢᠬᠤᠯᠠᠴᠢᠯᠠᠬᠤ ᠳᠤ ᠪᠠᠨ᠂ ᠬᠦᠷᠢᠶᠡᠯᠡᠩ ᠲᠤᠭᠤᠷᠢᠭ ᠤᠨ ᠵᠠᠮ᠂ ᠰᠤᠷᠭᠠᠨ ᠬᠦᠮᠦᠵᠢᠯ᠂ | ᠰᠤᠶᠤᠯ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠤ ᠬᠦᠷᠢᠶᠠᠯᠠᠩ | ᠲᠤᠭᠤᠷᠢᠭ᠂ ᠠᠵᠤ ᠠᠬᠤᠶᠢᠯᠠᠯ ᠤᠨ ᠠᠵᠢᠯᠲᠠᠳ ᠤᠨ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠤᠨ ᠠᠵᠤ ᠠᠬᠤᠶᠢᠯᠠᠯ ᠳᠤ ᠴᠢᠳᠠᠪᠤᠷᠢᠲᠠᠨ ᠢ ᠦᠯᠡᠳᠡᠭᠡᠨ ᠤᠷᠲᠤ ᠬᠤᠭᠤᠴᠠᠭᠠᠨ ᠤ ᠠᠮᠤᠷ | ᠲᠤᠭᠲᠠᠭᠤᠨ ᠬᠦᠭᠵᠢᠯᠲᠡ ᠳᠤ ᠴᠢᠩᠭ᠎ᠠ ᠬᠦᠴᠦᠲᠦ ᠲᠤᠯᠭᠠᠭᠤᠷᠢᠯᠠᠯ ᠬᠠᠩᠭᠠᠬᠤ ᠬᠡᠷᠡᠭᠲᠠᠢ᠃ | ᠵᠤᠤ ᠹᠸᠢ ᠯᠤ᠋ ᠡᠵᠡᠩᠨᠡᠯᠲᠡ ᠶᠢᠨ ᠰᠢᠯᠢᠳᠡᠭ ᠰᠠᠶᠢᠨ ᠤᠷᠴᠢᠨ ᠢ ᠡᠭᠦᠳᠬᠦ ᠲᠤᠬᠠᠢ ᠴᠢᠬᠤᠯᠠᠴᠢᠯᠠᠬᠤ ᠳᠤ ᠪᠠᠨ | ᠂ ᠦᠢᠯᠡᠴᠢᠯᠡᠭᠡᠨ ᠤ ᠴᠢᠨᠠᠷᠲᠠᠢ ᠵᠠᠰᠠᠭ ᠤᠨ ᠤᠷᠳᠤᠨ ᠤ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ ᠵᠠᠰᠠᠭ ᠤᠨ | ᠤᠷᠳᠤᠨ ᠤ ᠡᠯ᠎ᠡ ᠰᠠᠯᠠᠭ᠎ᠠ ᠮᠦᠴᠢᠷ ᠤᠨ ᠬᠢᠨ ᠠᠵᠢᠯ ᠤᠨ ᠰᠤᠷᠲᠠᠯ ᠢᠶᠠᠨ ᠦᠭᠡᠷᠡᠴᠢᠯᠡᠨ ᠠᠵᠤ ᠠᠬᠤᠶᠢᠯᠠᠯ ᠤᠨ | ᠬᠢᠨ ᠳᠤ ᠢᠳᠡᠪᠬᠢᠲᠠᠢ ᠪᠠᠷ ᠦᠢᠯᠡᠴᠢᠯᠡᠭᠡ ᠬᠠᠩᠭᠠᠬᠤ ᠬᠡᠷᠡᠭᠲᠡᠢ᠃ ᠵᠠᠰᠠᠭ ᠤᠨ ᠶᠠᠪᠤᠲᠠᠯ ᠤᠨ ᠦᠢᠯᠡᠴᠢᠯᠡᠭᠡᠨ ᠤ ︽ | ᠨᠢᠭᠡ ᠰᠦᠯᠵᠢᠶ᠎ᠡ᠂ ᠨᠢᠭᠡ ᠡᠭᠦᠲᠡ᠂ ᠨᠢᠭᠡ ᠤᠳᠠᠭ᠎ᠠ︾ ᠶᠢᠨ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ ᠠᠵᠤ | ᠠᠬᠤᠶᠢᠯᠠᠯ ᠤᠨ ᠬᠢᠨ ᠢ ᠲᠦᠷᠦᠯ ᠵᠦᠢᠯ ᠤᠨ ᠪᠠᠶᠢᠭᠤᠯᠤᠯᠲᠠ ᠳᠤ ᠬᠦᠴᠦᠨ ᠢᠶᠠᠨ ᠲᠦᠪᠯᠡᠷᠡᠭᠦᠯᠵᠤ ᠬᠦᠭᠵᠢᠯᠲᠡ᠂ | ᠦᠷᠢᠰᠦᠯᠳᠦᠭᠡᠨ ᠤ ᠲᠠᠯ᠎ᠠ ᠪᠠᠷ ᠵᠠᠬ᠎ᠠ ᠲᠡᠯᠭᠡᠭᠦᠷ ᠤᠨ ᠲᠡᠷᠢᠭᠦᠨ ᠤ ᠡᠩᠨᠡᠭᠡᠨ ᠳᠤ ᠤᠷᠤᠬᠤ ᠪᠠᠷ ᠴᠢᠷᠮᠠᠶᠢᠬᠤ ᠬᠡᠷᠡᠭᠲᠡᠢ | ᠬᠡᠪᠡ᠃ | ᠵᠤᠤ ᠹᠸᠢ ᠯᠤ᠋ ᠱᠠᠭᠠᠷᠳᠠᠬᠤ ᠳᠤ ᠪᠠᠨ᠂ ᠡᠯ᠎ᠡ ᠲᠤᠮᠤ ᠠᠵᠤ ᠠᠬᠤᠶᠢᠯᠠᠯ ᠡᠷᠭᠡᠪᠰᠢ ᠨᠠᠮ ᠤᠨ ᠲᠦᠪ ᠬᠤᠷᠢᠶᠠᠨ | ᠤ ︽ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠢᠯᠡᠯᠲᠡ ᠶᠢ ᠤᠯᠬᠤ︾ ᠤᠷᠢᠶᠠᠯᠠᠭ᠎ᠠ | ᠶᠢᠨ ᠲᠤᠭᠤᠷᠢᠨ ᠳᠤ ᠨᠡᠶᠢᠬᠡᠮ ᠤᠨ ᠬᠠᠷᠢᠭᠤᠴᠠᠯᠭ᠎ᠠ ᠪᠠᠨ ᠢᠳᠡᠪᠬᠢᠲᠠᠢ ᠡᠭᠦᠷᠭᠡᠯᠡᠵᠤ᠂ ︽ᠵᠠᠭᠤᠨ ᠠᠵᠤ ᠠᠬᠤᠶᠢᠯᠠᠯ | ᠵᠠᠭᠤᠨ ᠭᠠᠴᠠᠭ᠎ᠠ ᠲᠤᠰᠬᠤᠨ ᠢ ᠳᠡᠮᠵᠢᠬᠦ︾ ᠵᠡᠷᠭᠡ ᠠᠵᠢᠯᠯᠠᠭ᠎ᠠ ᠪᠠᠷ ᠲᠠᠮᠵᠢᠨ ᠤᠷᠤᠨ ᠨᠤᠲᠤᠭ ᠤᠨ ᠨᠠᠷᠢᠯᠢᠭ | ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ | ᠠᠵᠢᠯ ᠳᠤ ᠢᠳᠡᠪᠬᠢᠲᠠᠢ ᠤᠷᠤᠯᠴᠠᠨ ᠤᠷᠤᠨ ᠨᠤᠲᠤᠭ ᠪᠤᠯᠤᠨ ᠠᠵᠤ ᠠᠬᠤᠶᠢᠯᠠᠯ ᠤᠨ ᠬᠠᠷᠢᠴᠠᠭ᠎ᠠ ᠶᠢ ᠳᠠᠰᠤᠷᠠᠯᠲᠠ | ᠦᠭᠡᠢ ᠨᠢᠭᠲᠠᠷᠠᠭᠤᠯᠵᠤ ᠠᠵᠤ ᠠᠬᠤᠶᠢᠯᠠᠯ ᠤᠨ ᠤᠷᠲᠦ ᠬᠤᠭᠤᠴᠠᠭᠠᠨ ᠤ ᠬᠦᠭᠵᠢᠯᠲᠡ ᠳᠤ ᠪᠠᠲᠦ ᠪᠠᠬᠢ ᠤᠯᠠᠨ | ᠲᠦᠮᠡᠨᠴᠢ ᠰᠠᠭᠤᠷᠢ ᠶᠢ ᠲᠠᠯᠪᠢᠬᠤ ᠬᠡᠷᠡᠭᠲᠡᠢ ᠬᠡᠪᠡ᠃ | |