11 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠲᠡᠳ᠋ | ᠱᠥᠵᠢ ᠵᠠᠰᠠᠭ ᠤᠨ ᠤᠷᠳᠤᠨ ᠤ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠤᠪᠤᠷᠭ᠎ᠠ ᠠᠭᠤᠳᠠᠮ ᠲᠠᠯᠠᠪᠠᠢ | ᠳᠤ ᠭᠥᠷᠴᠤ ᠥᠭᠡᠷᠡᠴᠢᠯᠠᠨ ᠰᠠᠶᠢᠵᠢᠷᠠᠭᠤᠯᠬᠤ ᠢᠨᠵᠧᠨᠧᠷᠢᠩ ᠤᠨ ᠠᠭᠢᠴᠠ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠳᠠ ᠭᠢᠵᠤ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠤᠷᠤᠨ ᠰᠠᠭᠤᠴᠠ ᠪᠤᠯᠤᠨ ᠬᠤᠲᠠ | ᠬᠦᠳᠡᠭᠡ ᠶᠢᠨ ᠲᠦᠯᠦᠪᠵᠢᠬᠦᠯᠭᠡ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠴᠡᠴᠡᠷᠯᠢᠭᠵᠢᠭᠦᠯᠥᠯᠳᠠ | ᠨᠤᠭᠤᠭᠠᠷᠠᠭᠤᠯᠤᠯᠳᠠ ᠶᠢᠨ ᠲᠤᠪᠴᠢᠶᠠᠨ ᠤ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃ | ᠲᠤᠬᠠᠢ ᠶᠢᠨ ᠲᠠᠯᠠᠪᠠᠢ ᠳᠤ ᠬᠤᠯᠪᠤᠭᠳᠠᠯ ᠪᠥᠭᠦᠢ ᠬᠠᠷᠢᠭᠤᠴᠠᠯᠭᠠᠳᠠᠨ ᠤ ᠲᠠᠨᠢᠯᠴᠠᠭᠤᠯᠭ᠎ᠠ ᠶᠢ ᠰᠤᠨᠤᠰᠤᠭᠰᠠᠨ | ᠤ ᠲᠠᠷᠠᠭ᠎ᠠ ᠵᠤᠤ ᠹᠸᠢ ᠯᠤ᠋ ᠨᠠᠷ ᠠᠭᠤᠳᠠᠮ ᠲᠠᠯᠠᠪᠠᠢ ᠪᠠᠷ ᠲᠤᠭᠤᠷᠢᠨ ᠶᠠᠪᠤᠵᠤ ᠡᠯ᠎ᠠ ᠭᠤᠤᠯᠳᠠᠯᠭ᠎ᠠ ᠲᠠᠢ | ᠥᠭᠡᠷᠡᠴᠢᠯᠠᠯᠳᠠ ᠶᠢᠨ ᠴᠡᠭ ᠤᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ | | | | | | ᠵᠤᠤ ᠹᠸᠢ ᠯᠤ᠋ ᠪᠠᠶᠢᠴᠠᠭᠠᠨ ᠥᠵᠠᠭᠦ ᠶᠢᠨ ᠲᠠᠭᠠᠤ ᠦᠭᠡᠷᠡᠴᠢᠯᠡᠯᠡᠲᠡ ᠶᠢᠨ ᠪᠠᠶᠢᠳᠠᠯ ᠳᠤ ᠰᠠᠨᠠᠯ ᠰᠠᠨᠠᠭᠤᠯᠭ᠎ᠠ | ᠲᠤᠷᠠᠳᠴᠤ ᠲᠥᠯᠥᠪᠵᠢᠭᠦᠯᠭᠡ ᠪᠠᠷᠢᠯᠭ᠎ᠠ ᠶᠢᠨ ᠠᠵᠢᠯᠳᠠᠳ ᠢ ᠥᠭᠡᠷᠡᠴᠢᠯᠠᠯᠳᠠ ᠭᠢᠭᠦ ᠳᠤ ᠪᠠᠨ ᠬᠡᠷᠡᠭᠯᠡᠭᠡᠲᠤ ᠴᠢᠨᠠᠷ ᠢ | ᠢᠯᠡᠭᠦᠭᠡᠨ ᠴᠢᠬᠤᠯᠠᠴᠢᠯᠠᠨ ᠤᠯᠠᠨ ᠲᠥᠮᠡᠨ ᠤ ᠬᠦᠳᠡᠯᠭᠡᠭᠡᠨ ᠬᠢᠬᠦ᠂ ᠰᠠᠯᠠᠭᠦᠴᠠᠭᠦ ᠤᠯᠠᠨ ᠨᠠᠶᠢᠳᠠ ᠶᠢᠨ ᠥᠢᠯᠡᠳᠤᠯ | ᠴᠢᠳᠠᠪᠬᠢ ᠪᠠ ᠲᠥᠭᠦᠭᠡᠷᠤᠮᠵᠢ ᠶᠢ ᠨᠠᠮᠠᠵᠤ ᠲᠤᠭᠢᠷᠠᠭᠤᠯᠬᠤ ᠶᠢ ᠰᠠᠨᠠᠭᠤᠯᠵᠠᠢ᠃ | | | | | ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠥᠭᠡᠷᠡᠴᠢᠯᠠᠨ ᠰᠠᠶᠢᠵᠢᠷᠠᠭᠤᠯᠬᠤ ᠨᠢ ᠰᠤᠪᠤᠷᠭ᠎ᠠ ᠠᠭᠤᠳᠠᠮ | ᠲᠠᠯᠠᠪᠠᠢ ᠶᠢᠨ ᠤᠷᠤᠨ ᠪᠠᠶᠢᠷᠢ ᠶᠢᠨ ᠲᠠᠪᠠᠭᠤᠯᠢᠭ ᠲᠤ ᠲᠥᠰᠢᠭᠯᠡᠨ ᠦᠭᠡᠷᠡᠴᠢᠯᠡᠨ ᠰᠠᠶᠢᠵᠢᠷᠠᠭᠤᠯᠤᠯᠳᠠ ᠶᠢᠨ ᠲᠥᠷᠤᠯ | ᠵᠥᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ ᠰᠤᠪᠤᠷᠭ᠎ᠠ ᠠᠭᠤᠳᠠᠮ ᠲᠠᠯᠠᠪᠠᠢ ᠶᠢᠨ ᠥᠪᠠᠷᠮᠢᠴᠠ ᠤᠨᠴᠠᠯᠢᠭ ᠢ | ᠭᠥᠢᠴᠡᠳ ᠳᠤᠪᠤᠶᠢᠯᠭᠠᠨ ᠤᠯᠠᠨ ᠲᠥᠮᠡᠨ ᠳᠤ ᠰᠡᠯᠡᠭᠦᠴᠡᠬᠦ ᠰᠠᠶᠢᠨ ᠰᠠᠶᠢᠬᠠᠨ ᠤᠷᠴᠢᠨ ᠢ ᠬᠠᠩᠭᠠᠨ ᠥᠭᠭᠦ ᠭᠡᠷᠡᠭᠳᠠᠢ | ᠭᠡᠵᠡᠢ᠃ | | | | | ᠰᠤᠪᠤᠷᠭ᠎ᠠ ᠠᠭᠤᠳᠠᠮ ᠲᠠᠯᠠᠪᠠᠢ ᠨᠢ 1 ᠲᠦᠮᠡᠨ ᠳᠡᠭᠰᠢ ᠳᠦᠷᠪᠡᠯᠵᠢᠨ ᠮᠧᠲᠷ ᠪᠠᠶᠢᠵᠤ ᠮᠠᠨ ᠤ ᠬᠤᠰᠢᠭᠤᠨ ᠤ | ᠭᠠᠯᠠᠭᠤᠲᠤ ᠪᠠᠯᠭᠠᠰᠤᠨ ᠤ ᠨᠢᠭᠡᠳᠦᠭᠡᠷ ᠵᠠᠮ ᠤᠨ ᠲᠦᠪ ᠤᠨ ᠬᠡᠰᠡᠭ ᠤᠨ ᠭᠤᠤᠯ ᠪᠤᠯᠬᠤ ᠨᠡᠶᠢᠲᠡ ᠶᠢᠨ | ᠨᠤᠭᠤᠭᠠᠷᠠᠭᠤᠯᠤᠯᠲᠠ ᠶᠢᠨ ᠭᠠᠵᠠᠷ ᠪᠤᠯᠤᠨ ᠵᠠᠳᠠᠭᠠᠢ ᠠᠭᠤᠳᠠᠮ ᠲᠠᠯᠠᠪᠠᠢ ᠪᠤᠯᠤᠨ᠎ᠠ᠃ ᠲᠦᠰᠦᠭᠡᠯᠡᠭᠰᠡᠨ ᠢᠶᠠᠷ ᠳᠣᠰ | ᠣᠳᠠᠭᠠᠨ ᠤ ᠥᠭᠡᠷᠡᠴᠢᠯᠠᠨ ᠰᠠᠶᠢᠵᠢᠷᠠᠭᠤᠯᠬᠤ ᠢᠨᠵᠧᠨᠧᠷᠢᠩ ᠨᠢ 11 ᠰᠠᠷ᠎ᠠ ᠶᠢᠨ ᠲᠤᠮᠳᠠᠴᠢ ᠪᠠᠷ ᠪᠠᠷᠢᠯᠭ᠎ᠠ | ᠲᠡᠭᠦᠰᠴᠤ ᠥᠷᠭᠡᠨ ᠤᠯᠠᠨ ᠰᠠᠭᠤᠭᠠᠯᠢ ᠠᠷᠠᠳ ᠲᠤ ᠨᠢᠭᠡᠨ ᠲᠤᠭᠢᠷᠠᠮᠵᠢᠳᠠᠢ ᠰᠠᠶᠢᠬᠠᠨ ᠰᠡᠯᠡᠬᠦᠴᠡᠨ ᠳᠣᠭᠤᠷᠢᠬᠤ | ᠤᠷᠴᠢᠨ ᠢ ᠪᠥᠷᠢᠯᠳᠤᠭᠦᠯᠭᠦ ᠪᠠᠷ ᠪᠠᠶᠢᠨ᠎ᠠ᠃ |