2018 ᠣᠨ ᠤ ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠣᠶᠢᠵᠢᠭᠤᠯᠭ᠎ᠠ ᠶᠢᠨ ᠠᠵᠢᠯ ᠤᠨ ᠲᠥᠰᠤᠯ ᠢ ᠳᠠᠷᠤᠮᠠᠯᠯᠠᠨ ᠲᠠᠷᠬᠠᠭᠠᠬᠤ ᠳᠤᠬᠠᠢ ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-11-12
                          ᠦᠣᠰᠢᠨ ᠵᠠᠰᠠᠭ ᠠᠯᠪᠠᠨ ᠳᠡᠷᠬᠠᠭᠠᠬᠤ〔2018〕67 ᠳ᠋ᠣᠭᠠᠷ ᠳᠣᠭᠠᠳᠣ ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄      ᠬᠤᠰᠢᠭᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ︽2018 ᠣᠨ ᠤ ᠪᠦᠬᠦ ᠬᠤᠰᠢᠭᠤᠨ  ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠣᠶᠢᠵᠢᠭᠤᠯᠭ᠎ᠠ ᠶᠢᠨ ᠠᠵᠢᠯ ᠤᠨ ᠲᠥᠰᠤᠯ︾ ᠢ ᠡᠳᠥᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠡᠯ᠎ᠡ ᠪᠠᠶᠢᠭᠤᠯᠭ᠎ᠠ ᠨᠢᠭᠡᠴᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃                              ᠦᠣᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2018 ᠣᠨ ᠤ 10 ᠰᠠᠷ᠎ᠠ ᠶᠢᠨ 26 ᠤ ᠡᠳᠦᠷ 2018 ᠣᠨ ᠤ ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠣᠶᠢᠵᠢᠭᠤᠯᠭ᠎ᠠ ᠶᠢᠨ ᠠᠵᠢᠯ ᠤᠨ ᠲᠥᠰᠤᠯ      ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠪᠤᠬᠢᠷᠳᠤᠯ ᠦᠭᠡᠢ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠬᠦᠯᠵᠦ ᠨᠠᠮᠤᠷ ᠤᠨ ᠤᠯᠠᠷᠢᠯ ᠤᠨ ᠣᠶᠢᠵᠢᠭᠤᠯᠭ᠎ᠠ ᠨᠤᠭᠤᠭᠠᠷᠠᠭᠤᠯᠤᠯᠲᠠ ᠶᠢᠨ ᠠᠵᠢᠯ ᠢ ᠦᠳᠳᠡᠷ ᠲᠦᠷᠭᠡᠨ ᠦᠷᠨᠢᠬᠦᠯᠬᠦ ᠶᠢᠨ ᠲᠤᠰᠠᠳᠠ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠰ ᠲᠦᠰᠦᠯ ᠢ ᠲᠤᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ᠂ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠦ ︽ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠲᠠ  ᠶᠢ ᠭᠤᠶᠢᠪᠢᠰᠢ ᠦᠭᠡᠢ ᠠᠬᠢᠭᠤᠯᠬᠤ︾ ᠪᠠ ︽ᠰᠠᠭᠤᠷᠢᠰᠢᠵᠦ ᠠᠵᠢᠯᠯᠠᠬᠤ ᠳᠤ ᠲᠤᠬᠢᠷᠠᠮᠵᠢᠲᠠᠢ ᠠᠮᠢ ᠠᠬᠤᠢ ᠶᠢᠨ ᠬᠡᠯᠪᠡᠷᠢ ᠶᠢᠨ ᠰᠤᠶᠤᠯ ᠤᠨ ᠬᠡᠪ ᠴᠢᠨᠠᠷᠲᠤ ᠬᠤᠳᠠ ᠪᠠᠯᠭᠠᠰᠤ ᠶᠢ ᠡᠬᠦᠳᠦᠨ ᠪᠠᠶᠢᠭᠤᠯᠬᠤ︾ ᠱᠠᠭᠠᠷᠳᠠᠯᠭ᠎ᠠ ᠶᠢᠨ ᠲᠤᠭᠤᠷᠢᠨ ᠳᠤ ᠭᠤᠤᠯᠳᠠᠯᠭᠠᠲᠤ ᠤᠷᠤᠨ ᠤ ᠨᠤᠭᠤᠭᠠᠷᠠᠭᠤᠯᠤᠯᠲᠠ ᠪᠠ ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠬᠠᠷᠢᠯᠴᠠᠨ ᠤᠶᠠᠯᠳᠤᠭᠤᠯᠵᠦ ᠪᠦᠬᠦ ᠠᠷᠠᠳ ᠤᠨ ᠠᠯᠪᠠᠨ ᠵᠢᠷᠤᠮ ᠤᠨ ᠣᠶᠢᠵᠢᠭᠤᠯᠭ᠎ᠠ ᠶᠢᠨ ᠠᠵᠢᠯᠯᠠᠭ᠎ᠠ ᠶᠢ ᠶᠠᠭᠡᠪᠡᠷ ᠲᠦᠯᠬᠢᠨ ᠠᠬᠢᠭᠤᠯᠵᠦ ᠣᠶᠢᠵᠢᠭᠤᠯᠤᠯᠲᠠ ᠨᠤᠭᠤᠭᠠᠷᠠᠭᠤᠯᠤᠯᠲᠠ ᠶᠢᠨ ᠪᠤᠯᠪᠠᠰᠤᠨ ᠬᠡᠪ ᠰᠤᠷᠳᠠᠯ ᠢ ᠢᠳᠡᠪᠬᠢᠲᠡᠢ ᠪᠠᠳᠠᠷᠠᠭᠤᠯᠤᠨ ᠪᠦᠬᠦ ᠠᠷᠠᠳ ᠢᠶᠠᠷ ᠢᠶᠠᠨ ᠬᠦᠳᠡᠯᠤᠯᠴᠡᠵᠦ ᠪᠦᠬᠦ ᠨᠡᠶᠢᠭᠡᠮ  ᠢᠶᠠᠷ ᠢᠶᠠᠨ ᠤᠷᠤᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ ᠨᠤᠮᠢᠨ ᠲᠠᠩᠰᠤᠭ ᠦᠦᠰᠢᠨ ᠤ ᠰᠢᠨ᠎ᠡ ᠴᠠᠭ ᠦᠶ᠎ᠡ ᠳᠤ ︽ᠨᠤᠮᠢᠨ ᠨᠤᠭᠤᠭᠠᠨ ᠬᠦᠭᠵᠢᠨ ᠮᠠᠨᠳᠤᠯᠲᠠ︾ ᠶᠢ ᠪᠡᠶᠡᠯᠡᠬᠦᠯᠬᠦ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ᠃      ᠬᠤᠶᠠᠷ᠂ ᠠᠵᠢᠯ ᠤᠨ ᠡᠭᠦᠷᠭᠡ2018 ᠣᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠣᠶᠢᠵᠢᠭᠤᠯᠭ᠎ᠠ ᠪᠤᠯᠤᠨ ᠭᠤᠤᠯᠳᠠᠯᠭᠠᠲᠤ ᠤᠷᠤᠨ ᠤ ᠨᠤᠭᠤᠭᠠᠷᠠᠭᠤᠯᠤᠯᠲᠠ ᠶᠢᠨ ᠡᠭᠦᠷᠭᠡ ᠶᠢ 9 ᠲᠦᠮᠡᠨ ᠮᠤ᠋ ᠪᠡᠶᠡᠯᠡᠬᠦᠯᠵᠦ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠬᠡᠰᠡᠭᠯᠡᠨ ᠬᠠᠷᠢᠭᠤᠴᠠᠬᠤ ᠵᠠᠷᠴᠢᠮ ᠶᠤᠰᠤᠭᠠᠷ ᠰᠤᠮᠤ ᠪᠠᠯᠭᠠᠰᠤ ᠪᠤᠯᠭᠠᠨ ᠤ ᠮᠤᠳᠤ ᠲᠠᠷᠢᠬᠤ ᠡᠭᠦᠷᠭᠡ 1.5 ᠲᠦᠮᠡᠨ ᠮᠤ᠋ ᠪᠠᠶᠢᠵᠦ᠂ ᠪᠤᠷᠭᠠᠰᠤ ᠲᠠᠷᠢᠬᠤ ᠪᠠ ᠪᠤᠳᠠ ᠮᠤᠳᠤ ᠶᠢ ᠲᠠᠭᠠᠷᠢᠵᠦ ᠲᠡᠭᠰᠢᠯᠡᠬᠦ ᠪᠠᠷ ᠭᠤᠤᠯ ᠪᠤᠯᠭᠠᠨ᠎ᠠ᠃ ᠭᠤᠤᠯᠳᠠᠯᠭᠠᠲᠠᠢ ᠨᠤᠭᠤᠭᠠᠷᠠᠭᠤᠯᠤᠯᠲᠠ ᠬᠢᠬᠦ ᠣᠷᠣᠨ ᠨᠢ ᠥᠥᠰᠢᠨᠵᠦᠦ ᠪᠠᠯᠭᠠᠰᠤᠨ ᠤ ︵ᠤᠤᠯ ᠤᠨ ᠨᠢᠭᠡᠳᠦᠬᠡᠷ ᠬᠢᠮᠢ  ᠶᠢᠨ ᠦᠢᠯᠡᠳᠪᠤᠷᠢ︶ ᠬᠤᠶᠢᠳᠤ ᠲᠠᠯ᠎ᠠ ᠳᠠᠬᠢ ᠬᠤᠵᠢᠷ ᠤᠨ ᠨᠠᠭᠤᠷ ᠤᠨ ᠤᠶᠢᠷ᠎ᠠ ᠬᠠᠪᠢ ᠪᠠᠷ ᠪᠠᠶᠢᠵᠦ᠂ ᠨᠦᠬᠦᠵᠦ ᠤᠶᠢᠵᠢᠭᠤᠯᠬᠤ ᠠᠵᠢᠯ ᠤᠨ ᠡᠭᠦᠷᠭᠡ ᠲᠠᠢ᠂ ᠬᠤᠰᠢᠭᠤ ᠣᠢ ᠰᠢᠭᠤᠢ ᠶᠢᠨ ᠲᠤᠪᠴᠢᠶ᠎ᠠ ᠠᠴᠠ ᠵᠤᠬᠢᠶᠠᠨ ᠪᠠᠶᠢᠭᠤᠯᠵᠦ ᠬᠡᠷᠡᠭᠵᠢᠬᠦᠯᠦᠨ ᠤᠯᠠᠭᠠᠨ ᠰᠣᠬᠠᠢ ᠲᠠᠷᠢᠬᠤ ᠪᠠᠷ ᠭᠤᠤᠯ ᠪᠤᠯᠭᠠᠨ᠎ᠠ᠃       ᠭᠤᠷᠪᠠ᠂ ᠵᠤᠬᠢᠶᠠᠨ ᠪᠠᠶᠢᠭᠤᠯᠬᠤ ᠬᠡᠯᠪᠡᠷᠢᠡᠯ᠎ᠡ ᠰᠤᠮᠤ ᠪᠠᠯᠭᠠᠰᠤ ᠲᠤᠰ ᠬᠠᠷᠢᠶ᠎ᠠ ᠣᠷᠣᠨ ᠤ ᠪᠠᠨ ᠠᠵᠤ ᠠᠬᠤᠶᠢᠯᠠᠯ᠂ ᠭᠠᠴᠠᠭ᠎ᠠ ᠲᠤᠰᠬᠤᠨ᠂ ᠳᠠᠭᠠᠭᠠᠴᠢᠯᠠᠨ ᠳᠡᠳᠬᠦᠬᠦ ᠨᠢᠭᠡᠴᠢ ᠪᠠᠨ ᠦᠪᠡᠷᠳᠡᠭᠡᠨ ᠵᠤᠬᠢᠶᠠᠨ ᠪᠠᠶᠢᠭᠤᠯᠵᠤ ᠲᠦᠪᠯᠡᠷᠡᠬᠦᠯᠦᠨ ᠣᠶᠢᠵᠢᠭᠤᠯᠬᠤ ᠠᠵᠢᠯᠯᠠᠭ᠎ᠠ ᠶᠢ ᠶᠠᠪᠤᠭᠳᠠᠭᠤᠯᠤᠨ᠎ᠠ᠃       ᠲᠦᠷᠪᠡ᠂ ᠠᠵᠢᠯ ᠤᠨ ᠲᠤᠬᠢᠷᠠᠭᠤᠯᠤᠯᠲᠠ︵ᠨᠢᠭᠡ︶ ᠴᠠᠭ ᠤᠨ ᠲᠤᠬᠢᠷᠠᠭᠤᠯᠭ᠎ᠠ᠃ 10 ᠰᠠᠷ᠎ᠠ ᠶᠢᠨ 29 ᠤ ᠡᠳᠦᠷ —11 ᠰᠠᠷ᠎ᠠ ᠶᠢᠨ 4 ᠤ ᠡᠳᠦᠷ ᠪᠤᠯᠳᠠᠯ᠎ᠠ ᠪᠤᠯ ᠲᠦᠪᠯᠡᠷᠡᠭᠦᠯᠦᠨ ᠣᠶᠢᠵᠢᠭᠤᠯᠬᠤ ᠱᠠᠲᠤ ᠪᠤᠯᠤᠨ᠎ᠠ᠃ 11 ᠰᠠᠷ᠎ᠠ ᠶᠢᠨ 5 ᠤ ᠡᠳᠦᠷ —11 ᠰᠠᠷ᠎ᠠ  ᠶᠢᠨ 15 ᠤ ᠡᠳᠦᠷ ᠪᠤᠯᠳᠠᠯ᠎ᠠ ᠪᠤᠯ ᠪᠦᠬᠦ ᠲᠠᠯ᠎ᠠ ᠪᠠᠷ ᠰᠢᠯᠭᠠᠨ ᠬᠤᠷᠢᠶᠠᠬᠤ ᠱᠠᠲᠤ ᠪᠤᠯᠤᠨ᠎ᠠ᠃︵ᠬᠤᠶᠠᠷ︶ ᠬᠡᠷᠡᠭᠵᠢᠬᠦᠯᠬᠦ ᠬᠡᠪᠴᠢᠶ᠎ᠡ᠃ ᠡᠯ᠎ᠡ ᠰᠤᠮᠤ ᠪᠠᠯᠭᠠᠰᠤ᠂ ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ ᠠᠴᠠ ᠲᠤᠬᠢᠷᠠᠮᠵᠢᠲᠠᠢ ᠭᠠᠵᠠᠷ ᠲᠤᠨᠢ ᠤᠶᠢᠵᠢᠭᠤᠯᠬᠤ ᠡᠭᠦᠷᠭᠡ ᠪᠠᠨ ᠵᠤᠬᠢᠶᠠᠨ ᠪᠠᠶᠢᠭᠤᠯᠤᠨ ᠦᠷᠨᠢᠭᠦᠯᠦᠨ᠎ᠡ᠃︵ᠭᠤᠷᠪᠠ︶ ᠤᠷᠤᠯᠴᠠᠬᠤ ᠬᠦᠮᠦᠨ᠃ ᠪᠦᠬᠦ ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠢᠯ ᠣᠶᠢᠯᠡᠰ ᠤᠨ ᠨᠢᠭᠡᠴᠢ᠂ ᠨᠡᠶᠢᠬᠡᠮ ᠤᠨ ᠪᠦᠯᠬᠦᠮ᠂ ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ ᠵᠢᠴᠢ ᠠᠵᠤ ᠠᠬᠤᠶᠢᠯᠠᠯ ᠤᠨ ᠠᠵᠢᠯᠳᠠᠨ᠂ ᠮᠠᠯᠴᠢᠨ ᠲᠠᠷᠢᠶᠠᠴᠢᠨ᠂ ᠴᠠᠩ ᠴᠢᠩ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠲᠦᠷᠦᠯ ᠵᠦᠢᠯ ᠤᠨ ᠬᠡᠯᠳᠡᠰ ᠤᠨ ᠠᠵᠤ ᠠᠬᠤᠶᠢᠯᠠᠯ ᠤᠨ ᠠᠵᠢᠯᠳᠠᠨ᠃      ᠲᠠᠪᠤ᠂ ᠡᠭᠦᠷᠭᠡ ᠶᠢᠨ ᠲᠤᠬᠢᠷᠠᠭᠤᠯᠤᠯᠲᠠ      ⒈ ᠡᠯ᠎ᠡ ᠰᠤᠮᠤ ᠪᠠᠯᠭᠠᠰᠤ ᠪᠠ ᠭᠠᠴᠠᠭ᠎ᠠ ᠲᠤᠰᠬᠤᠨ᠃ ᠡᠯ᠎ᠡ ᠰᠤᠮᠤ ᠪᠠᠯᠭᠠᠰᠤ ᠪᠠ ᠭᠠᠴᠠᠭ᠎ᠠ ᠲᠤᠰᠬᠤᠨ ᠮᠤᠳᠤ ᠲᠠᠷᠢᠬᠤ ᠭᠠᠵᠠᠷ ᠢᠶᠠᠨ ᠦᠪᠡᠷᠳᠡᠭᠡᠨ ᠲᠤᠭᠲᠠᠭᠠᠵᠦ ᠰᠤᠮᠤ ᠪᠠᠯᠭᠠᠰᠤ ᠪᠤᠯᠭᠠᠨ 1.5 ᠲᠦᠮᠡᠨ ᠮᠤ᠋ ᠠᠯᠪᠠᠨ ᠵᠢᠷᠤᠮ ᠤᠨ ᠣᠶᠢᠵᠢᠭᠤᠯᠭ᠎ᠠ ᠶᠢ ᠪᠡᠶᠡᠯᠡᠬᠦᠯᠬᠦ ᠬᠡᠷᠡᠭᠲᠡᠢ᠃ ᠭᠠᠴᠠᠭ᠎ᠠ ᠲᠤᠰᠬᠤᠨ ᠤ ᠠᠯᠪᠠᠨ ᠵᠢᠷᠤᠮ ᠤᠨ ᠣᠶᠢᠵᠢᠭᠤᠯᠭ᠎ᠠ ᠶᠢᠨ ᠡᠭᠦᠷᠭᠡ ᠶᠢ ᠰᠤᠮᠤ ᠪᠠᠯᠭᠠᠰᠤᠨ ᠤ ᠬᠢᠨ ᠪᠠᠶᠢᠳᠠᠯ ᠢ ᠨᠢ ᠦᠵᠡᠵᠦ ᠪᠠᠶᠢᠭᠠᠳ ᠪᠤᠳᠠᠳᠠᠢ ᠲᠤᠬᠢᠷᠠᠭᠤᠯᠵᠦ ᠲᠠᠷᠢᠬᠤ ᠭᠠᠵᠠᠷ ᠢ ᠨᠢ ᠭᠠᠴᠠᠭ᠎ᠠ ᠲᠤᠰᠬᠤᠨ ᠬᠠᠷᠢᠭᠤᠴᠠᠨ ᠨᠠᠶᠢᠳᠠᠪᠤᠷᠢᠵᠢᠭᠤᠯᠵᠦ ᠲᠤᠬᠠᠢ ᠶᠢᠨ ᠭᠠᠴᠠᠭ᠎ᠠ ᠲᠤᠰᠬᠤᠨ ᠳᠤ ᠬᠡᠷᠪᠡ ᠣᠶᠢᠵᠢᠭᠤᠯᠬᠤ ᠭᠠᠵᠠᠷ ᠦᠭᠡᠢ ᠪᠤᠯ ᠬᠠᠷᠢᠶ᠎ᠠ ᠰᠣᠮᠤ ᠪᠠᠯᠭᠠᠰᠤ ᠲᠠᠢ ᠵᠦᠪᠯᠡᠵᠦ ᠪᠠᠶᠢᠭᠠᠳ ᠵᠠᠮ ᠬᠠᠷᠢᠯᠴᠠᠭᠠᠨ ᠤ ᠴᠢᠬᠤᠯᠠ ᠪᠤᠯᠬᠤ ᠵᠠᠮ ᠤᠨ ᠬᠤᠶᠠᠷ ᠬᠠᠵᠠᠭᠤ ᠪᠠᠷ ᠨᠤᠭᠤᠭᠠᠷᠠᠭᠤᠯᠵᠦ ᠣᠶᠢᠵᠢᠭᠤᠯᠬᠤ ᠡᠭᠦᠷᠭᠡ ᠶᠢ ᠣᠯᠣᠰ ᠤᠨ ᠤᠶᠢᠵᠢᠭᠤᠯᠬᠤ ᠲᠦᠷᠢᠮ ᠪᠠᠷᠢᠮᠵᠢᠶ᠎ᠠ ᠪᠠᠷ ᠦᠨᠡᠯᠡᠨ ᠪᠤᠳᠤᠵᠤ ᠭᠠᠴᠠᠭ᠎ᠠ ᠲᠤᠰᠬᠤᠨ ᠤ ᠤᠶᠢᠵᠢᠭᠤᠯᠬᠤ ᠡᠭᠦᠷᠭᠡ ᠶᠢ ︽3+1︾ ᠬᠠᠪᠰᠤᠷᠤᠨ ᠲᠡᠳᠬᠦᠬᠦ ᠪᠠᠶᠢᠭᠤᠯᠭ᠎ᠠ ᠨᠢᠭᠡᠴᠢ ᠪᠤᠯᠤᠨ ᠭᠠᠴᠠᠭ᠎ᠠ ᠲᠤᠰᠬᠤᠨ ᠬᠠᠮᠲᠤ ᠪᠠᠷ ᠪᠡᠶᠡᠯᠡᠬᠦᠯᠦᠨ᠎ᠡ᠃      ⒉ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ ᠵᠢᠴᠢ ᠬᠠᠷᠢᠶ᠎ᠠ ᠪᠠᠶᠢᠭᠤᠯᠭ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠨᠠᠷᠢᠠᠭᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠰᠢᠷᠬᠤᠰᠤ ᠰᠤᠶᠤᠯ ᠵᠢᠭᠤᠯᠴᠢᠯᠠᠯ ᠤᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠠᠴᠠ ᠲᠤᠬᠢᠷᠠᠮᠵᠢᠲᠠᠢ ᠭᠠᠵᠠᠷ ᠲᠤᠨᠢ ᠠᠯᠪᠠᠨ ᠵᠢᠷᠤᠮ ᠤᠨ ᠤᠶᠢᠵᠢᠭᠤᠯᠬᠤ ᠡᠭᠦᠷᠭᠡ ᠪᠠᠨ ᠦᠪᠡᠷᠳᠡᠭᠡᠨ ᠪᠡᠶᠡᠯᠡᠬᠦᠯᠦᠨ᠎ᠡ᠃ᠵᠢᠷᠭᠤᠭ᠎ᠠ᠂ ᠮᠡᠷᠭᠡᠵᠢᠯ ᠤᠨ ᠱᠠᠭᠠᠷᠳᠠᠯᠭ᠎ᠠ      ︵ᠨᠢᠭᠡ︶ ᠮᠤᠳᠤᠨ ᠤ ᠲᠦᠷᠦᠯ ᠰᠤᠩᠭᠤᠬᠤ᠃ ᠭᠠᠵᠠᠷ ᠤᠷᠤᠨ ᠳᠤᠨᠢ ᠲᠤᠬᠢᠷᠠᠭᠤᠯᠤᠨ ᠮᠤᠳᠤ ᠲᠠᠷᠢᠬᠤ ᠵᠠᠷᠴᠢᠮ ᠢ ᠪᠠᠷᠢᠮᠳᠠᠯᠠᠨ ᠪᠤᠳᠠ ᠮᠤᠲᠤ ᠪᠠᠷ ᠭᠤᠤᠯ ᠪᠤᠯᠭᠠᠵᠦ ᠵᠢᠱᠢᠶᠡᠯᠡᠪᠡᠯ ᠪᠤᠷᠭᠠᠰᠤ᠂ ᠤᠯᠠᠭᠠᠨ ᠰᠤᠬᠠᠢ ᠵᠡᠷᠭᠡ ᠶᠢ ᠲᠠᠷᠢᠨ᠎ᠠ᠃︵ᠬᠤᠶᠠᠷ︶ ᠰᠤᠶᠤᠭ᠎ᠠ ᠮᠤᠳᠤᠨ ᠤ ᠪᠠᠷᠢᠮᠵᠢᠶ᠎ᠠ᠃ ᠪᠤᠷᠭᠠᠰᠤᠨ ᠤ ᠵᠢᠵᠢᠭ ᠲᠤᠯᠤᠭᠠᠢ ᠶᠢᠨ ᠳ᠋ᠢᠶᠠᠮᠧᠲᠷ ᠨᠢ∅0.5cm᠂ H = 60cm᠃ ᠤᠯᠠᠭᠠᠨ ᠰᠤᠬᠠᠢ ᠶᠢᠨ ᠵᠢᠵᠢᠭ ᠲᠤᠯᠤᠭᠠᠢ ᠶᠢᠨ ᠳ᠋ᠢᠶᠠᠮᠧᠲᠷ ᠨᠢ∅0.5cm᠂ H = 40cm᠃        ︵ᠭᠤᠷᠪᠠ︶ ᠲᠠᠷᠢᠵᠤ᠂ ᠲᠠᠭᠠᠷᠢᠵᠤ ᠳᠡᠭᠰᠢᠯᠡᠬᠦ ᠱᠠᠭᠠᠷᠳᠠᠯᠭ᠎ᠠ᠃       ⒈ ᠪᠤᠳᠠ ᠮᠤᠳᠤ ᠶᠢ ᠲᠠᠷᠢᠬᠤ ᠱᠠᠭᠠᠷᠳᠠᠯᠭ᠎ᠠ᠄ ᠰᠠᠭᠤᠷᠢ ᠶᠢᠨ ᠮᠦᠷ ᠤᠨ ᠵᠠᠢ ᠶᠢ 1×3 ᠮᠧᠲᠷ ᠪᠠᠶᠢᠯᠭᠠᠵᠤ᠂ ᠨᠦᠬᠡ ᠪᠦᠷᠢ ᠳᠤ ᠭᠤᠷᠪᠠᠨ ᠰᠠᠭᠤᠷᠢ ᠲᠠᠷᠢᠨ ᠬᠦᠷᠦᠰᠦ ᠶᠢᠨ ᠪᠦᠷᠬᠦᠪᠴᠢ ᠶᠢ 2cm ᠤᠨ ᠤᠷᠴᠢᠮ ᠪᠠᠶᠢᠯᠭᠠᠵᠤ ᠪᠤᠳᠠ ᠮᠤᠳᠤ ᠲᠠᠷᠢᠭᠰᠠᠨ ᠪᠦᠬᠦ ᠭᠠᠵᠠᠷ ᠲᠤ ᠡᠷᠬᠡᠪᠰᠢ ᠡᠯᠡᠰᠦᠨ ᠬᠠᠰᠢᠯᠭ᠎ᠠ ᠪᠠᠷᠢᠨ᠂ ᠡᠯᠡᠰᠦᠨ ᠬᠠᠰᠢᠯᠭ᠎ᠠ ᠶᠢ ᠪᠦᠰᠡᠯᠢᠭ ᠬᠡᠯᠪᠡᠷᠢ ᠪᠠᠷ ᠶᠠᠪᠤᠭᠳᠠᠭᠤᠯᠤᠨ ᠪᠦᠰᠡᠯᠢᠭ ᠤᠨ ᠵᠠᠢ ᠶᠢ 3 ᠮᠧᠲᠷ ᠪᠠᠶᠢᠯᠭᠠᠨ᠎ᠠ᠃       ⒉ ᠲᠠᠭᠠᠷᠢᠨ ᠳᠡᠭᠰᠢᠯᠡᠵᠤ ᠠᠷᠠᠴᠢᠯᠠᠬᠤ ᠱᠠᠭᠠᠷᠳᠠᠯᠭ᠎ᠠ᠄       ︵ᠨᠢᠭᠡ︶ ᠪᠤᠷᠭᠠᠰᠤ᠂ ᠲᠤᠷᠯᠤᠭ ᠢ ᠲᠠᠭᠠᠷᠢᠨ ᠳᠡᠭᠰᠢᠯᠡᠵᠤ ᠠᠷᠠᠴᠢᠯᠠᠬᠤ ᠬᠡᠯᠪᠡᠷᠢ ᠨᠢ ᠮᠠᠭᠤᠳᠠᠭᠰᠠᠨ ᠤᠶᠢᠲᠤ ᠭᠠᠵᠠᠷ ᠤᠨ ᠪᠤᠳᠠᠲᠤ ᠪᠠᠶᠢᠳᠠᠯ ᠢ ᠦᠨᠳᠦᠰᠦᠯᠡᠵᠤ ᠦᠬᠦᠰᠢᠷᠡᠵᠤ ᠮᠠᠭᠤᠳᠠᠭᠰᠠᠨ ᠪᠤᠷᠭᠠᠰᠤ ᠪᠠ ᠲᠤᠷᠯᠤᠭ ᠵᠡᠷᠭᠡ ᠪᠤᠲᠠ ᠮᠤᠳᠤᠨ ᠤ ᠲᠦᠷᠦᠯ ᠢ ᠲᠠᠭᠠᠷᠢᠨ ᠳᠡᠭᠰᠢᠯᠡᠵᠤ ᠢᠭᠴᠤ ᠰᠠᠬᠤᠯᠢᠭ ᠪᠤᠯᠭᠠᠵᠤ ᠲᠠᠭᠠᠷᠢᠵᠤ ᠳᠡᠭᠰᠢᠯᠡᠬᠦ ᠬᠡᠮᠵᠢᠶ᠎ᠡ ᠶᠢ 70% ᠳᠤ ᠬᠦᠷᠬᠡᠬᠦ ᠬᠡᠷᠡᠭᠲᠠᠢ᠃       ︵ᠬᠤᠶᠠᠷ︶ ᠪᠦᠰᠡ ᠠᠯᠤᠰᠯᠠᠨ ᠲᠠᠭᠠᠷᠢᠬᠤ ᠠᠷᠭ᠎ᠠ ᠪᠠᠷ ᠲᠠᠭᠠᠷᠢᠨ ᠳᠡᠭᠰᠢᠯᠡᠵᠤ ᠪᠦᠰᠡ ᠶᠢᠨ ᠦᠷᠭᠡᠨ ᠨᠢ 20 ᠮᠧᠲᠷ᠂ ᠪᠦᠰᠡ ᠶᠢᠨ ᠬᠤᠭᠤᠷᠤᠨᠳᠤᠬᠢ ᠵᠠᠢ ᠶᠢ 20 ᠮᠧᠲᠷ ᠪᠠᠶᠢᠯᠭᠠᠬᠤ ᠬᠡᠷᠡᠭᠲᠠᠢ᠃        ︵ᠭᠤᠷᠪᠠ︶ ᠲᠠᠭᠠᠷᠢᠨ ᠳᠡᠭᠰᠢᠯᠡᠵᠤ ᠠᠷᠠᠴᠢᠯᠠᠬᠤ ᠬᠤᠭᠤᠴᠠᠭ᠎ᠠ ᠨᠢ ᠭᠠᠵᠠᠷ ᠬᠦᠯᠳᠡᠭᠰᠡᠨ ᠤ ᠳᠠᠷᠠᠭ᠎ᠠ ᠶᠠᠪᠤᠭᠳᠠᠵᠤ᠂ ᠲᠠᠭᠠᠷᠢᠵᠤ ᠳᠡᠭᠰᠢᠯᠡᠬᠦ ᠬᠡᠮᠵᠢᠶ᠎ᠡ ᠶᠢ 35% ᠳᠤ ᠬᠦᠷᠭᠡᠬᠦ ᠬᠡᠷᠡᠭᠲᠠᠢ᠃       ︵ᠲᠦᠷᠪᠡ︶ ᠪᠤᠷᠭᠠᠰᠤ ᠶᠢ ᠲᠠᠭᠠᠷᠢᠨ ᠳᠡᠭᠰᠢᠯᠡᠬᠦ ᠳᠤ ᠲᠤᠤᠭᠤᠷ ᠨᠢ ᠲᠠᠭᠠᠷᠢᠵᠤ ᠦᠯᠡᠳᠡᠭᠰᠡᠨ ᠭᠡᠰᠡᠭ ᠤᠨ ᠦᠨᠳᠦᠷ ᠢ 5cm ᠠᠴᠠ ᠳᠠᠪᠠᠭᠤᠯᠬᠤ ᠦᠭᠡᠢ ᠪᠠᠶᠢᠯᠭᠠᠨ ᠳᠡᠭᠰᠢ ᠲᠠᠭᠠᠷᠢᠬᠤ ᠶᠢᠨ ᠬᠠᠮᠲᠤ ᠰᠠᠯᠪᠠᠯᠠᠵᠤ ᠪᠤᠯᠬᠤ ᠦᠭᠡᠢ᠃ ᠲᠤᠷᠯᠤᠭ ᠢ ᠨᠠᠮᠤᠷ ᠤᠨ ᠤᠯᠠᠷᠢᠯ ᠳᠤ ᠬᠠᠳᠤᠭᠤᠷ ᠢᠶᠠᠷ ᠬᠠᠳᠤᠵᠤ ᠭᠠᠵᠠᠷ ᠤᠨ ᠭᠠᠳᠠᠷᠭᠤ ᠲᠠᠢ ᠳᠡᠭᠰᠢ ᠪᠠᠶᠢᠯᠭᠠᠬᠤ ᠬᠡᠷᠡᠭᠲᠠᠢ᠃       ︵ᠲᠠᠪᠤ︶ ᠳᠠᠭᠠᠷᠢᠵᠤ ᠳᠡᠭᠰᠢᠯᠡᠭᠰᠡᠨ ᠤ ᠳᠠᠷᠠᠭ᠎ᠠ ᠪᠡᠯᠴᠢᠭᠡᠷᠯᠡᠬᠦᠯᠬᠦ ᠶᠢ ᠬᠤᠷᠢᠭᠯᠠᠬᠤ ᠠᠵᠢᠯ ᠢ ᠰᠠᠶᠢᠨ ᠬᠢᠵᠤ ᠂ ᠤᠢ ᠮᠤᠳᠤ ᠶᠢᠨ ᠢᠭᠴᠤ ᠰᠠᠬᠤᠯᠢᠭ ᠤᠷᠭᠤᠯᠲᠠ ᠶᠢ ᠪᠠᠲᠤᠯᠠᠬᠤ ᠬᠡᠷᠡᠭᠲᠠᠢ᠃        ᠲᠤᠯᠤᠭ᠎ᠠ᠂ ᠪᠠᠲᠤᠯᠠᠭ᠎ᠠ ᠶᠢᠨ ᠠᠷᠭ᠎ᠠ ᠪᠠᠷᠢᠯ       ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ 2018 ᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯ  ᠤᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠪᠢᠶᠠᠷᠢᠯᠠᠨ ᠬᠠᠷᠢᠭᠤᠴᠠᠬᠤ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠤᠯᠭᠠᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯ ᠤᠨ ᠬᠦᠳᠡᠯᠭᠡᠭᠡᠨ ᠢ ᠵᠤᠬᠢᠶᠠᠨ ᠪᠠᠶᠢᠭᠤᠯᠵᠤ ᠪᠤᠳᠠᠲᠠᠢ ᠬᠠᠷᠢᠭᠤᠴᠠᠨ᠎ᠠ᠃ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠭᠡᠷ ᠢ ᠬᠤᠰᠢᠭᠤ ᠤᠢ ᠰᠢᠭᠤᠢ ᠶᠢᠨ ᠲᠤᠪᠴᠢᠶᠠᠨ ᠳᠤ ᠳᠤᠬᠢᠷᠠᠭᠤᠯᠵᠤ ᠠᠯᠪᠠᠨ ᠭᠡᠷ ᠤᠨ ᠡᠷᠬᠢᠯᠡᠭᠴᠢ ᠶᠢ ᠹᠠᠨ ᠺᠦᠨ ᠲᠤᠰᠢᠶᠠᠯ ᠬᠠᠪᠰᠤᠷᠭᠠᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠡᠯ᠎ᠡ ᠰᠤᠮᠤ ᠪᠠᠯᠭᠠᠰᠤ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠦᠪᠯᠡᠯ ᠵᠢᠴᠢ ᠡᠯ᠎ᠡ ᠪᠠᠭ᠎ᠠ ᠳᠤᠭᠤᠶᠢᠯᠠᠩ ᠤᠳ ᠢ ᠵᠤᠬᠢᠴᠠᠭᠤᠯᠬᠤ ᠠᠵᠢᠯ ᠢ ᠪᠤᠳᠠᠲᠠᠢ ᠬᠠᠷᠢᠭᠤᠴᠠᠨ᠎ᠠ᠃ ᠤᠳᠤᠷᠢᠳᠬᠤ ᠪᠠᠭ᠎ᠠ ᠳᠤᠭᠤᠶᠢᠯᠠᠩ ᠤᠨ ᠳᠤᠤᠷ᠎ᠠ ᠲᠦᠷᠪᠡᠨ ᠠᠵᠢᠯᠯᠠᠬᠤ ᠳᠤᠭᠤᠶᠢᠯᠠᠩ ᠪᠠᠶᠢᠭᠤᠯᠵᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯ ᠢ ᠪᠤᠳᠠᠲᠠᠢ ᠬᠠᠷᠢᠭᠤᠴᠠᠨ᠎ᠠ       ⒈ ᠮᠡᠷᠭᠡᠵᠢᠯ ᠤᠨ ᠦᠢᠯᠡᠴᠢᠯᠡᠭᠡᠨ ᠤ ᠳᠤᠭᠤᠶᠢᠯᠠᠩ᠃ ᠬᠠᠷᠢᠭᠤᠴᠠᠯᠭᠠᠲᠤ ᠪᠠᠶᠢᠭᠤᠯᠭ᠎ᠠ ᠪᠤᠯ ᠬᠤᠰᠢᠭᠤ ᠤᠢ ᠰᠢᠭᠤᠢ ᠶᠢᠨ ᠲᠤᠪᠴᠢᠶ᠎ᠠ ᠪᠤᠯᠤᠨ᠎ᠠ᠃ ᠰᠤᠶᠤᠭ᠎ᠠ ᠮᠤᠳᠤᠨ ᠤ ᠶᠠᠰᠤ ᠴᠢᠨᠠᠷ ᠢ ᠠᠳᠬᠤᠵᠤ ᠮᠡᠷᠭᠡᠵᠢᠯ ᠤᠨ ᠵᠢᠯᠤᠭᠤᠳᠤᠯᠭ᠎ᠠ ᠬᠠᠩᠭᠠᠨ ᠪᠠᠶᠢᠴᠠᠭᠠᠨ ᠦᠵᠡᠵᠤ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃      ⒉ᠤᠬᠠᠭᠤᠯᠤᠨ ᠮᠡᠳᠡᠭᠡᠯᠡᠬᠦ ᠳᠤᠭᠤᠶᠢᠯᠠᠩ᠃ ᠬᠠᠷᠢᠭᠤᠴᠠᠯᠭᠠᠲᠤ ᠪᠠᠶᠢᠭᠤᠯᠭ᠎ᠠ ᠪᠤᠯ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠷᠠᠳᠢᠤ᠋ ᠲᠧᠯᠧᠢᠰ ᠦᠢᠯᠡᠴᠢᠯᠡᠭᠡᠨ ᠤ ᠲᠦᠪ᠂ ᠦᠦᠰᠢᠨ ᠰᠤᠨᠢᠨ ᠬᠤᠷᠢᠶ᠎ᠠ ᠪᠤᠯᠤᠨ᠎ᠠ᠃ ᠪᠦᠬᠦ ᠬᠤᠰᠢᠭᠤᠨ ᠤ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯ ᠢ ᠤᠬᠠᠭᠤᠯᠤᠨ ᠮᠡᠳᠡᠭᠡᠯᠡᠬᠦ ᠠᠵᠢᠯ ᠢ ᠬᠠᠷᠢᠭᠤᠴᠠᠨ᠎ᠠ᠃      ⒊ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠤᠨ ᠳᠤᠭᠤᠶᠢᠯᠠᠩ᠃ ᠬᠠᠷᠢᠭᠤᠴᠠᠯᠭᠠᠲᠤ ᠪᠠᠶᠢᠭᠤᠯᠭ᠎ᠠ ᠪᠤᠯ ᠬᠤᠰᠢᠭᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠤᠯᠤᠨ᠎ᠠ᠃ ᠤᠶᠢᠵᠢᠭᠤᠯᠬᠤ ᠵᠠᠮ ᠱᠤᠭᠤᠮ ᠳᠠᠭᠠᠤ ᠶᠢᠨ ᠵᠠᠮ ᠬᠠᠷᠢᠯᠴᠠᠭᠠᠨ ᠤ ᠠᠶᠤᠯᠭᠦᠢ ᠶᠢ ᠪᠠᠲᠤᠯᠠᠬᠤ ᠠᠵᠢᠯ ᠢ ᠬᠠᠷᠢᠭᠤᠴᠠᠨ᠎ᠠ᠃      ⒋ ᠬᠢᠨᠠᠨ ᠪᠠᠶᠢᠴᠠᠭᠠᠬᠤ ᠳᠤᠭᠤᠶᠢᠯᠠᠩ᠃ ᠬᠠᠷᠢᠭᠤᠴᠠᠯᠭᠠᠲᠤ ᠪᠠᠶᠢᠭᠤᠯᠭ᠎ᠠ ᠪᠤᠯ ᠬᠤᠰᠢᠭᠤ ᠤᠢ ᠰᠢᠭᠤᠢ  ᠶᠢᠨ ᠲᠤᠪᠴᠢᠶ᠎ᠠ᠂ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠳᠠᠰᠤᠭ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠳᠠᠰᠤᠭ ᠪᠤᠯᠤᠨ᠎ᠠ᠃ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯᠯᠠᠭᠠᠨ  ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠲᠠᠷᠢᠵᠤ ᠵᠠᠶᠢᠯᠠᠬᠤ ᠴᠢᠨᠠᠷ ᠢ ᠪᠠᠲᠤᠯᠠᠨ᠎ᠠ᠃ ᠤᠶᠢᠵᠢᠭᠤᠯᠭ᠎ᠠ ᠶᠢᠨ ᠬᠤᠭᠤᠴᠠᠭᠠᠨ ᠳᠤ ᠬᠤᠰᠢᠭᠤ ᠤᠢ ᠰᠢᠭᠤᠢ ᠶᠢᠨ ᠲᠤᠪᠴᠢᠶᠠᠨ ᠤ ᠮᠡᠷᠭᠡᠵᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠳᠤᠬᠠᠢ ᠶᠢᠨ ᠭᠠᠵᠠᠷ  ᠲᠤ ᠵᠢᠭᠠᠨ ᠵᠢᠯᠤᠭᠤᠳᠤᠯᠭ᠎ᠠ ᠬᠢᠨ᠎ᠡ᠃       ︵ᠭᠤᠷᠪᠠ︶ ᠳᠠᠩᠰᠠ ᠡᠪᠬᠡᠮᠡᠯ ᠤᠨ ᠬᠠᠮᠢᠶᠠᠷᠤᠯᠲᠠ ᠪᠠᠨ ᠲᠡᠭᠦᠯᠳᠡᠷᠵᠢᠬᠦᠯᠦᠨ᠎ᠡ᠃ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠰᠤᠮᠤ ᠪᠠᠯᠭᠠᠰᠤ ᠨᠢ ᠠᠯᠪᠠᠨ ᠵᠢᠷᠤᠮ ᠤᠨ ᠤᠶᠢᠵᠢᠭᠤᠯᠭ᠎ᠠ ᠶᠢᠨ ᠰᠠᠭᠤᠷᠢᠨ ᠭᠠᠵᠠᠷ ᠢᠶᠠᠨ ᠰᠤᠩᠭᠤᠨ ᠲᠤᠭᠲᠠᠭᠠᠭᠰᠠᠨ ᠤ ᠳᠠᠷᠠᠭ᠎ᠠ 11 ᠰᠠᠷ᠎ᠠ ᠶᠢᠨ 4 ᠤ ᠡᠳᠦᠷ ᠤᠨ ᠠᠵᠢᠯ ᠪᠠᠭᠤᠬᠤ ᠠᠴᠠ ᠡᠮᠦᠨ᠎ᠡ ᠬᠤᠰᠢᠭᠤ ᠨᠤᠭᠤᠭᠠᠷᠠᠭᠤᠯᠤᠯᠲᠠ ᠶᠢᠨ ᠵᠦᠪᠯᠡᠯ ᠤᠨ ᠠᠯᠪᠠᠨ ᠭᠡᠷ ᠲᠤ ᠮᠡᠳᠡᠬᠦᠯᠦᠨ ᠬᠦᠷᠭᠡᠵᠤ ᠪᠦᠬᠦ ᠳᠠᠩᠰᠠ ᠡᠪᠬᠡᠮᠡᠯ ᠤᠨ ᠮᠠᠲ᠋ᠧᠷᠢᠶᠠᠯ᠂ ᠠᠵᠢᠯᠯᠠᠬᠤ ᠵᠢᠷᠤᠭ ᠲᠦᠯᠦᠪᠯᠡᠭᠡ ᠶᠢ ᠬᠤᠰᠢᠭᠤ ᠤᠶᠢᠵᠢᠭᠤᠯᠭ᠎ᠠ ᠶᠢᠨ ᠵᠦᠪᠯᠡᠯ ᠤᠨ ᠠᠯᠪᠠᠨ ᠭᠡᠷ ᠠᠴᠠ ᠳᠠᠩᠰᠠᠯᠠᠨ ᠳᠡᠪᠳᠡᠷᠯᠡᠨ᠎ᠡ᠃      ︵ᠲᠦᠷᠪᠡ︶ ᠨᠠᠶᠢᠳᠠᠪᠤᠷᠢᠵᠢᠭᠤᠯᠤᠯᠲᠠ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠤᠶᠢᠵᠢᠭᠤᠯᠭ᠎ᠠ  ᠶᠢᠨ ᠬᠤᠭᠤᠴᠠᠭᠠᠨ ᠳᠤ ᠬᠤᠰᠢᠭᠤ ᠠᠷᠠᠳ ᠤᠨ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠳᠠᠰᠤᠭ᠂ ᠤᠢ ᠰᠢᠭᠤᠢ ᠶᠢᠨ ᠲᠤᠪᠴᠢᠶ᠎ᠠ᠂ ᠬᠤᠰᠢᠭᠤ ᠤᠶᠢᠵᠢᠭᠤᠯᠬᠤ ᠵᠦᠪᠯᠡᠯ ᠤᠨ ᠠᠯᠪᠠᠨ ᠭᠡᠷ ᠬᠠᠮᠲᠤᠷᠠᠨ ᠱᠠᠭᠠᠷᠳᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠤᠨ ᠤᠶᠢᠵᠢᠭᠤᠯᠭ᠎ᠠ ᠶᠢᠨ ᠠᠵᠢᠯ ᠡᠬᠦᠷᠭᠡ ᠶᠢ ᠲᠤᠭᠤᠰᠢᠯᠠᠭᠤᠯᠤᠭᠰᠠᠨ ᠪᠠᠶᠢᠳᠠᠯ ᠢ ᠭᠤᠤᠯᠳᠠᠯᠭᠠᠲᠠᠢ ᠪᠠᠶᠢᠴᠠᠭᠠᠵᠤ᠂ ᠪᠠᠶᠢᠴᠠᠭᠠᠯᠲᠠ ᠶᠢᠨ ᠮᠡᠳᠡᠭᠡ ᠶᠢ ᠴᠠᠭ ᠲᠤᠬᠠᠢ ᠳᠤ ᠨᠢ ᠨᠡᠶᠢᠲᠡᠯᠡᠨ᠎ᠡ᠃ ᠰᠠᠶᠢᠲᠤᠷ ᠵᠤᠬᠢᠶᠠᠨ ᠪᠠᠶᠢᠭᠤᠯᠤᠭᠰᠠᠨ ᠦᠭᠡᠢ᠂ ᠤᠶᠢᠵᠢᠭᠤᠯᠤᠭᠰᠠᠨ ᠦᠭᠡᠢ᠂ ᠬᠤᠳᠠᠯ ᠬᠠᠭᠤᠷᠮᠠᠭ ᠮᠡᠳᠡᠭᠦᠯᠦᠭᠰᠡᠨ᠂ ᠡᠭᠦᠷᠭᠡ ᠪᠠᠨ ᠴᠠᠭ ᠲᠤᠬᠠᠢ ᠳᠤ ᠨᠢ ᠪᠡᠶᠡᠯᠡᠬᠦᠯᠦᠭᠰᠡᠨ ᠦᠭᠡᠢ ᠪᠠᠶᠢᠭᠤᠯᠭ᠎ᠠ ᠨᠢᠭᠡᠴᠢ ᠶᠢ ᠨᠡᠶᠢᠲᠡᠯᠡᠨ ᠰᠢᠬᠦᠮᠵᠢᠯᠡᠬᠦ  ᠶᠢᠨ ᠬᠠᠮᠲᠤ ᠲᠤᠭᠲᠠᠭᠰᠠᠨ ᠬᠤᠭᠤᠴᠠᠭ᠎ᠠ ᠳᠤ ᠵᠠᠯᠠᠷᠠᠭᠤᠯᠤᠨ ᠵᠠᠰᠠᠬᠤ ᠪᠠᠷ ᠱᠠᠭᠠᠷᠳᠠᠨ᠎ᠠ᠃      ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠎ᠠ᠃ ᠤᠶᠢᠵᠢᠭᠤᠯᠭ᠎ᠠ ᠶᠢᠨ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠯᠠᠨ ᠲᠦᠷᠦᠯ ᠤᠨ ᠠᠷᠭ᠎ᠠ ᠬᠡᠯᠪᠡᠷᠢ ᠪᠠᠷ ᠦᠷᠭᠡᠨ ᠬᠡᠪᠴᠢᠶ᠎ᠡ ᠪᠠᠷ ᠤᠬᠠᠭᠤᠯᠤᠨ ᠮᠡᠳᠡᠭᠡᠯᠡᠵᠤ ᠪᠦᠬᠦ ᠠᠷᠠᠳ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃     ︵ᠵᠢᠷᠭᠤᠭ᠎ᠠ︶ ᠴᠢᠭᠡᠴᠢ ᠵᠠᠰᠠᠭ ᠤᠨ ᠲᠤᠭᠲᠠᠭᠠᠯ ᠢ ᠴᠢᠩᠭ᠎ᠠ ᠰᠠᠬᠢᠨ᠎ᠠ᠃ ᠡᠯ᠎ᠡ ᠪᠠᠶᠢᠭᠤᠯᠭ᠎ᠠ ᠶᠢᠨ ᠤᠳᠤᠷᠢᠳᠬᠤ ᠺᠠᠳ᠋ᠷ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠭᠠᠵᠤ ᠦᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠪᠠᠶᠢᠭᠤᠯᠭ᠎ᠠ ᠶᠢᠨ ᠪᠦᠬᠦ ᠠᠵᠢᠯᠲᠠᠨ ᠢ ᠤᠶᠢᠵᠢᠭᠤᠯᠭ᠎ᠠ ᠶᠢᠨ ᠠᠵᠢᠯ ᠳᠤ ᠤᠷᠤᠯᠴᠠᠭᠤᠯᠤᠨ᠎ᠠ᠃ ᠠᠷᠭᠠᠯᠠᠵᠤ ᠬᠠᠰᠢ ᠶᠠᠰᠢ ᠦᠩᠭᠡᠷᠡᠭᠦᠯᠬᠦ ᠪᠠ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠴᠡᠭᠡᠷᠯᠡᠨ᠎ᠡ᠃ ᠢᠳᠡᠭᠡᠨ ᠤᠮᠳᠠᠭᠠᠨ᠂ ᠤᠶᠢᠵᠢᠭᠤᠯᠭ᠎ᠠ ᠶᠢᠨ ᠪᠠᠭᠠᠵᠢ᠂ ᠵᠠᠮ ᠬᠠᠷᠢᠯᠴᠠᠭᠠᠨ ᠤ ᠪᠠᠭᠠᠵᠢ ᠶᠢ ᠡᠯ᠎ᠡ ᠪᠠᠶᠢᠭᠤᠯᠭ᠎ᠠ ᠦᠪᠡᠷᠲᠡᠭᠡᠨ ᠪᠡᠯᠡᠳᠭᠡᠨ᠎ᠡ᠃      ︵ᠲᠤᠯᠤᠭ᠎ᠠ︶ ᠴᠢᠮᠡᠭᠡ ᠵᠠᠩᠭᠢ ᠶᠢ ᠴᠠᠭ ᠳᠤᠬᠠᠢ ᠳᠤ ᠨᠢ ᠮᠡᠳᠡᠬᠦᠯᠦᠨ᠎ᠡ᠃ ᠠᠵᠢᠯᠯᠠᠭᠠᠨ ᠤ ᠬᠤᠭᠤᠴᠠᠭᠠᠨ  ᠳᠤ ᠡᠯ᠎ᠡ ᠰᠤᠮᠤ ᠪᠠᠯᠭᠠᠰᠤ ᠡᠳᠦᠷ ᠪᠦᠷᠢ ᠶᠢᠨ ᠦᠳᠡ ᠶᠢᠨ ᠬᠤᠶᠢᠨᠠᠬᠢ 4 ᠴᠠᠭ ᠠᠴᠠ ᠡᠮᠦᠨ᠎ᠡ ᠬᠤᠰᠢᠭᠤ ᠨᠤᠭᠤᠭᠠᠷᠠᠭᠤᠯᠤᠯᠲᠠ ᠶᠢᠨ ᠵᠦᠪᠯᠡᠯ ᠤᠨ ᠠᠯᠪᠠᠨ ᠭᠡᠷ ᠲᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠬᠦᠯᠦᠨ ᠴᠢᠮᠡᠭᠡ ᠵᠠᠩᠭᠢ ᠶᠢᠨ ᠠᠭᠤᠯᠭ᠎ᠠ ᠳᠤ ᠲᠤᠭ᠎ᠠ ᠪᠠᠷᠢᠮᠲᠠ᠂ ᠦᠰᠦᠭ ᠪᠢᠴᠢᠭ ᠤᠨ ᠲᠤᠲᠤᠷᠬᠠᠶᠢᠯᠠᠯ ᠪᠠ ᠵᠢᠷᠤᠭ ᠰᠡᠭᠦᠳᠡᠷ ᠪᠠᠶᠢᠬᠤ ᠬᠡᠷᠡᠭᠲᠠᠢ᠃ ᠦᠦᠰᠢᠨ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠪᠠ ᠨᠤᠭᠤᠭᠠᠷᠠᠭᠤᠯᠤᠯᠲᠠ  ᠶᠢᠨ ᠵᠦᠪᠯᠡᠯ ᠤᠨ ᠠᠯᠪᠠᠨ ᠭᠡᠷ ᠤᠨ ᠬᠠᠷᠢᠯᠴᠠᠬᠤ ᠬᠦᠮᠦᠨ ᠦ᠋ ᠯᠧ ᠶᠤᠤ︔ ᠬᠠᠷᠢᠯᠴᠠᠬᠤ ᠤᠳᠠᠰᠤ 18747729025︔ ᠢᠮᠧᠯ᠄1048846392 @qq.com
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号