ᠦᠢᠷ᠎ᠠ ᠳᠤ᠂ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ ᠡᠷᠡᠭᠦᠯ ᠮᠠᠨᠳᠤ ᠶᠢᠨ ᠡᠳᠤᠷ ᠤᠨ | ᠠᠵᠢᠯᠯᠠᠭ᠎ᠠ ᠶᠢ ᠡᠬᠢᠯᠡᠭᠦᠯᠬᠦ ᠶᠤᠰᠤᠯᠠᠯ ᠵᠢᠴᠢ ᠲᠤᠰ ᠭᠠᠴᠠᠭᠠᠨ ᠤ ᠡᠷᠡᠭᠦᠯᠵᠢᠯ ᠰᠤᠪᠢᠯᠠᠯᠳᠡ ᠶᠢᠨ ᠲᠦᠪ ᠤᠨ | ᠭᠤᠷᠪᠠᠳᠠᠬᠢ ᠤᠳᠠᠭᠠᠨ ᠤ ᠡᠷᠡᠭᠦᠯ ᠮᠠᠨᠳᠤ ᠶᠢᠨ ᠬᠢᠴᠢᠶᠡᠯᠯᠡᠭᠡ ᠶᠢ ᠬᠢᠪᠡ᠃ | ᠠᠵᠢᠯᠯᠠᠭ᠎ᠠ ᠨᠢ ︽ᠡᠨᠧᠷᠬᠢ ᠬᠦᠴᠦᠨ ᠡᠷᠡᠭᠦᠯ ᠰᠤᠪᠢᠯᠠᠯᠳᠡ — ᠪᠢᠳᠡ ᠶᠠᠭ ᠬᠦᠳᠡᠯᠤᠯᠴᠠᠵᠤ ᠪᠤᠢ︾ | ᠭᠡᠬᠦ ᠪᠠᠷ ᠭᠤᠤᠯ ᠰᠡᠳᠤᠪ ᠪᠤᠯᠭᠠᠵᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠪᠡ ᠪᠦᠬᠦ ᠪᠠᠯᠭᠠᠰᠤᠨ ᠤ ᠺᠠᠳ᠋ᠷ ᠤᠯᠡᠨ | ᠲᠦᠮᠡᠨ ᠢ ᠲᠠᠶᠢᠴᠢᠯᠡᠨ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠬᠠᠮᠳᠤ ᠪᠠᠷ ᠦᠢᠯᠡᠳᠦᠯᠭᠡᠵᠢᠭᠦᠯᠬᠦ ᠪᠠᠷ | ᠵᠤᠷᠢᠯᠳᠡ ᠪᠠᠨ ᠪᠤᠯᠭᠠᠵᠠᠢ᠃ ᠲᠤᠰ ᠤᠳᠠᠭᠠᠨ ᠤ ᠠᠵᠢᠯᠯᠠᠭ᠎ᠠ ᠳᠤ ᠠᠮᠤᠷᠵᠢᠭᠤᠯᠤᠨ ᠡᠮᠴᠢᠯᠡᠬᠦ ᠪᠠᠭᠰᠢ᠂ | ᠰᠡᠳᠬᠢᠴᠡ ᠶᠢᠨ ᠯᠠᠪᠯᠠᠯᠳᠡ ᠶᠢᠨ ᠪᠠᠭᠰᠢ ᠶᠢ ᠤᠷᠢᠵᠤ᠂ ︽ᠬᠠᠶᠢᠷ᠎ᠠ ᠪᠡ ᠡᠷᠡᠭᠦᠯ ᠮᠠᠨᠳᠤ︾ ᠭᠡᠬᠦ ᠮᠡᠳᠤ ᠶᠢᠨ ᠡᠷᠡᠭᠦᠯ | ᠴᠢᠬᠢᠷᠠᠭ ᠤᠨ ᠰᠡᠳᠤᠪᠳᠤ ᠶᠠᠷᠢᠶ᠎ᠠ ᠢᠯᠡᠳᠭᠡᠯ ᠬᠢᠯᠭᠡᠭᠰᠡᠨ ᠪᠠᠶᠢᠨ᠎ᠠ᠃ ᠡᠭᠦᠨ ᠠᠴᠠ ᠭᠠᠳᠠᠨ᠎ᠠ ᠪᠠᠰᠨ ᠠᠬᠤᠢ | ᠲᠠᠯᠠᠪᠠᠢ ᠳᠤ ᠦᠨ᠎ᠠ ᠳᠦᠯᠦᠪᠦᠷᠢ ᠦᠭᠡᠢ ᠪᠠᠷ ᠴᠢᠰᠤ ᠪᠠᠶᠢᠴᠠᠭᠠᠬᠤ᠂ ᠴᠢᠰᠤᠨ ᠲᠠᠷᠤᠯᠳᠡ ᠶᠢ ᠬᠡᠮᠵᠢᠬᠦ᠂ ᠰᠤᠳᠠᠯ | ᠪᠠᠷᠢᠵᠤ ᠡᠪᠡᠳᠴᠢᠨ ᠲᠤᠳᠤᠯᠠᠬᠤ ᠵᠡᠷᠭᠡ ᠠᠯᠪᠡᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠦᠷᠨᠢᠭᠦᠯᠵᠤ ᠲᠤᠰᠬᠤᠨ ᠤ | ᠠᠷᠠᠳ ᠲᠤ ᠲᠦᠭᠦᠮ ᠦᠵᠡᠭᠦᠯᠦᠭᠰᠡᠨ ᠪᠠᠶᠢᠨ᠎ᠠ᠃ |