ᠮᠠᠨ ᠤ ᠬᠤᠰᠢᠭᠤᠨ ᠳᠤ ︽ᠪᠤᠷᠤᠯᠠᠭᠤᠯᠭ᠎ᠠ ᠶᠢᠨ ᠮᠦᠡᠭᠬᠦ ᠪᠠᠨ ᠬᠠᠷᠢᠴᠠᠯ ᠢᠶᠠᠷ ᠬᠠᠨᠳᠢᠪ ᠤᠨ ᠦᠢᠯᠡᠰ ᠲᠤ ᠡᠷᠬᠦᠬᠦ︾ ᠰᠢᠨ᠎ᠠ ᠬᠡᠯᠪᠡᠷᠢ ᠶᠢᠨ ᠶᠠᠳᠠᠭᠤ ᠶᠢ ᠲᠡᠳᠬᠦᠬᠦ ᠵᠬᠠᠪᠤᠷ ᠪᠦᠷᠢᠯᠳᠤᠪᠡ
ᠨᠡᠶᠢᠲᠡᠯᠡᠭᠰᠡᠨ ᠴᠠᠭ᠄
2018-11-13
     2018 ᠤᠨ ᠤ 10 ᠰᠠᠷ ᠎ᠠ ᠶᠢᠨ 17 ᠤ ᠡᠳᠦᠷ ᠪᠤᠯ ᠮᠠᠨ ᠤ ᠤᠯᠤᠰ ᠤᠨ ᠲᠠᠪᠤᠳᠡᠬᠢ ᠬᠤᠭᠤᠴᠠᠭᠠᠨ ᠤ ︽ᠶᠠᠳᠠᠭᠤ ᠶᠢ ᠲᠡᠳᠬᠦᠬᠦ︾ ᠡᠳᠦᠷᠯᠢᠭ᠂ ᠡᠨᠡ ᠭᠦ ᠲᠠᠰᠢᠷᠠᠮ ᠢᠶᠠᠷ ᠦᠥᠰᠢᠨ ᠬᠤᠰᠢᠭᠤᠨ ᠤ ᠡᠯ᠎ᠠ ᠪᠠᠶᠢᠭᠤᠯᠭ᠎ᠠ ᠨᠢᠬᠡᠴᠢ ︽ᠶᠠᠳᠠᠭᠤ ᠶᠢ ᠲᠡᠳᠬᠦᠬᠦ︾ ᠰᠢᠷᠢᠰ ᠠᠵᠢᠯᠯᠠᠭ᠎ᠠ ᠶᠢ ᠢᠳᠡᠪᠬᠢᠯᠡᠨ ᠦᠷᠨᠢᠬᠦᠯᠵᠦ᠂ ᠪᠦᠬᠦ ᠬᠤᠰᠢᠭᠤᠨ ᠳᠤ ᠬᠦᠮᠦᠨ ᠨᠢᠬᠡ ᠪᠦᠷᠢ ᠬᠠᠶᠢᠷ᠎ᠠ ᠶᠢᠨ ᠰᠡᠳᠬᠢᠯ ᠲᠠᠢ᠂ ᠬᠦᠮᠦᠨ ᠨᠢᠬᠡ ᠪᠦᠷᠢ ᠬᠠᠪᠰᠤᠷᠤᠨ ᠲᠡᠮᠵᠢᠭᠰᠡᠨ᠂ ᠬᠦᠮᠦᠨ ᠨᠢᠬᠡ ᠪᠦᠷᠢ ᠶᠠᠳᠠᠭᠤ ᠶᠢ ᠲᠡᠳᠬᠦᠬᠦ ᠳᠤ ᠤᠷᠤᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      ᠤᠢᠢᠷ᠎ᠠ ᠶᠢᠨ ᠡᠳᠦᠷ᠂ ᠬᠡᠷᠡᠭᠯᠡᠭᠴᠢᠳ ᠡᠳ᠋ ᠪᠠᠷᠠᠭ᠎ᠠ ᠶᠢ ᠬᠤᠳᠠᠯᠳᠤᠨ ᠠᠪᠤᠪᠠᠯ ᠶᠠᠳᠠᠭᠤ ᠶᠢ ᠲᠡᠳᠬᠦᠬᠦ ᠠᠵᠢᠯ ᠳᠤ ᠨᠢᠬᠡ ᠬᠤᠪᠢ ᠬᠦᠴᠦ ᠪᠠᠨ ᠡᠷᠬᠦᠬᠦ ᠰᠢᠨ᠎ᠠ ᠬᠡᠯᠪᠡᠷᠢ ᠶᠢᠨ ᠶᠠᠳᠠᠭᠤ ᠶᠢ ᠲᠡᠳᠬᠦᠬᠦ ᠵᠠᠭᠪᠤᠷ ᠦᠥᠰᠢᠨ ᠬᠤᠰᠢᠭᠤᠨ ᠳᠤ ᠬᠡᠷᠡᠭᠵᠢᠬᠦᠯᠦᠭᠳᠡᠨ ᠠᠷᠠᠯᠵᠢᠶ᠎ᠠ ᠬᠤᠳᠠᠯᠳᠤᠭᠠᠨ ᠤ ᠬᠦᠴᠦᠨ ᠪᠠᠷ ᠨᠡᠶᠢᠬᠡᠮ ᠨᠡᠶᠢᠳᠡ ᠶᠢᠨ ᠬᠦᠴᠦ ᠶᠢ ᠶᠠᠳᠠᠭᠤ ᠶᠢ ᠲᠡᠳᠬᠦᠬᠦ ᠳᠤ ᠨᠢᠬᠡᠳᠬᠡᠵᠦ ᠪᠤᠢ᠃      ᠦᠥᠰᠢᠨ ᠬᠤᠰᠢᠭᠤᠨ ᠤ ︽ᠪᠠᠶᠠᠵᠢᠯ︾ ᠡᠯᠧᠺᠲᠷᠤᠨ ᠬᠤᠳᠠᠯᠳᠤᠭᠠᠨ ᠤ ᠬᠢᠵᠠᠭᠠᠷᠳᠦ ᠺᠤᠮᠫᠠᠨᠢ 2012 ᠤᠨ ᠤ 7 ᠰᠠᠷ᠎ᠠ ᠳᠤ ᠪᠠᠶᠢᠭᠤᠯᠤᠭᠳᠠᠵᠦ ᠦᠥᠰᠢᠨ ᠤ ᠭᠤᠤᠯ ᠪᠤᠯᠬᠤ ᠤᠨᠴᠠ ᠭᠠᠷᠤᠯᠳᠡ ᠢ ᠬᠤᠳᠠᠯᠳᠤᠬᠤ ᠪᠠᠷ ᠭᠤᠤᠯ ᠪᠤᠯᠭᠠᠭᠰᠠᠨ ᠺᠤᠮᠫᠠᠨᠢ ᠪᠤᠯᠤᠨ᠎ᠠ᠃ ᠡᠬᠦᠨ ᠳᠤ ᠭᠠᠵᠠᠷ ᠵᠦᠢ ᠶᠢᠨ ᠰᠢᠨᠵᠢ ᠲᠡᠮᠳᠡᠭᠳᠦ ᠪᠦᠳᠦᠬᠡᠭᠳᠡᠬᠦᠨ᠂ ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ᠂ ᠪᠠᠶᠢᠭᠠᠯᠢᠯᠢᠭ ᠪᠦᠳᠦᠬᠡᠭᠳᠡᠬᠦᠨ᠂ ᠤᠷᠭᠠᠨᠢᠭ ᠪᠦᠳᠦᠬᠡᠭᠳᠡᠬᠦᠨ ᠵᠡᠷᠬᠡ ᠪᠠᠭᠳᠠᠵᠦ ᠪᠤᠢ᠃ ᠦᠪᠦᠷ ᠮᠤᠩᠭᠤᠯ ᠤᠨ ︽ᠲᠦᠯᠦ︾ ᠲᠧᠭᠨᠢᠢᠡ ᠮᠡᠷᠬᠡᠵᠢᠯ ᠤᠨ ᠬᠢᠵᠠᠭᠠᠷᠳᠦ ᠺᠤᠮᠫᠠᠨᠢ 2015 ᠤᠨ ᠤ 3 ᠰᠠᠷ᠎ᠠ ᠳᠤ ᠪᠠᠶᠢᠭᠤᠯᠤᠭᠳᠠᠵᠦ ᠭᠤᠤᠯᠳᠠᠭᠤ ᠦᠥᠰᠢᠨ ᠤ ᠲᠠᠮᠠᠭ᠎ᠠ ᠲᠠᠢ ᠪᠤᠭᠤᠷᠰᠤᠭ ᠪᠤᠷᠤᠯᠠᠭᠤᠯᠬᠤ ᠪᠠᠷ ᠭᠤᠤᠯ ᠪᠤᠯᠭᠠᠭᠰᠠᠨ ᠺᠤᠮᠫᠠᠨᠢ ᠪᠤᠯᠤᠨ᠎ᠠ᠃ ᠲᠤᠰ ᠬᠤᠶᠠᠷ ᠺᠤᠮᠫᠠᠨᠢ 2015 ᠤᠨ ᠳᠤ ᠬᠤᠷᠰᠢᠵᠦ ︽ᠪᠠᠶᠠᠵᠢᠯ︾ ᠦᠥᠰᠢᠨ ᠤ ᠤᠨᠴᠠ ᠭᠠᠷᠤᠯᠳᠡ ᠶᠢᠨ ᠲᠡᠯᠬᠡᠬᠦᠷ ᠢ ᠨᠡᠬᠡᠬᠡᠵᠦ ᠤᠢᠢᠷ᠎ᠠ ᠶᠢᠨ ᠡᠳᠦᠷ ᠬᠤᠶᠠᠷ ᠺᠤᠮᠫᠠᠨᠢ ᠬᠠᠮᠳᠤᠷᠠᠨ ᠪᠤᠷᠤᠭᠤᠯᠤᠯᠭ᠎ᠠ ᠶᠢᠨ ᠤᠷᠤᠯᠭ᠎ᠠ ᠪᠠᠷ ᠢᠶᠠᠨ ᠶᠠᠳᠠᠭᠤ ᠶᠢ ᠲᠡᠳᠬᠦᠬᠦ ᠳᠤ ᠲᠤᠰᠠᠯᠠᠬᠤ ᠠᠵᠢᠯᠯᠠᠭ᠎ᠠ ᠶᠢ ᠲᠤᠷᠰᠢᠨ ᠬᠡᠷᠡᠭᠵᠢᠬᠦᠯᠵᠦ ᠤᠷᠤᠯᠭ᠎ᠠ ᠶᠢᠨ ᠢᠶᠠᠨ 10% ᠶᠢ ᠦᠥᠰᠢᠨ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ ᠬᠠᠨᠳᠢᠪᠯᠠᠭᠰᠠᠨ ᠪᠠᠶᠢᠨ᠎ᠠ᠃ ᠦᠪᠦᠷ ᠮᠤᠩᠭᠤᠯ ᠤᠨ ︽ᠲᠦᠯᠦ︾ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠠᠯᠳ᠋ᠬᠠᠠᠭᠤᠯᠠ᠄ ︽ᠪᠤᠷᠤᠯᠠᠭᠤᠯᠭ᠎ᠠ ᠶᠢᠨ ᠮᠦᠡᠭᠬᠦ ᠪᠠᠨ ᠬᠠᠨᠳᠢᠪ ᠤᠨ ᠦᠢᠯᠡᠰ ᠲᠤ ᠵᠤᠷᠢᠭᠤᠯᠬᠤ ᠠᠩᠬᠠᠨ ᠤ ᠪᠦᠳᠦᠬᠡᠭᠳᠡᠬᠦᠨ ᠪᠤᠯ ᠦᠥᠰᠢᠨ ᠬᠤᠰᠢᠭᠤᠨ ᠤ ᠲᠠᠮᠠᠭ᠎ᠠ ᠲᠠᠢ ᠪᠤᠭᠤᠷᠰᠤᠭ ᠪᠤᠯᠤᠨ᠎ᠠ᠃ ᠮᠠᠨᠤᠰ ᠡᠨᠡ ᠲᠠᠮᠠᠭ᠎ᠠ ᠲᠠᠢ ᠪᠤᠭᠤᠷᠰᠤᠭ ᠢᠶᠠᠨ ᠰᠠᠶᠢᠬᠠᠨ ᠪᠤᠭᠤᠳᠠᠯᠯᠠᠭᠠᠳ ᠪᠡᠯᠡᠭ ᠤᠨ ᠬᠠᠶᠢᠷᠴᠠᠭ ᠲᠤ ᠬᠢᠵᠦ ᠨᠢᠬᠡ ᠬᠠᠶᠢᠷᠴᠠᠭ ᠢ ᠨᠢ 68 ᠲᠦᠬᠦᠷᠢᠭ ᠢᠶᠠᠷ ᠬᠤᠳᠠᠯᠳᠤᠳᠠᠭ᠂ ᠳᠠᠬᠢᠭᠠᠳ 68 ᠲᠦᠬᠦᠷᠢᠭ ᠤᠨ ᠢᠶᠠᠨ 10 %᠂ ᠲᠠᠷᠤᠢ 6.8 ᠲᠦᠭᠦᠷᠢᠭ ᠢ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ ᠬᠠᠨᠳᠢᠪᠯᠠᠳᠠᠭ︾ ᠬᠡᠵᠡᠢ᠃ ᠬᠤᠳᠠᠯᠳᠤᠨ ᠠᠪᠬᠤ ᠪᠠᠷ ᠬᠠᠨᠳᠢᠪᠯᠠᠬᠤ ᠢ ᠤᠷᠤᠯᠠᠭᠤᠯᠬᠤ ᠬᠡᠳᠡᠭ ᠨᠢ ᠬᠡᠷᠡᠭᠯᠡᠭᠴᠢᠳ ᠪᠦᠳᠦᠬᠡᠭᠳᠡᠬᠦᠨ ᠬᠤᠳᠠᠯᠳᠤᠨ ᠠᠪᠬᠤ ᠪᠠᠷ ᠲᠠᠮᠵᠢᠵᠦ ᠶᠠᠳᠠᠭᠤ ᠶᠢ ᠲᠠᠳᠬᠦᠬᠦ ᠠᠵᠢᠯ ᠳᠤ ᠬᠦᠴᠦ ᠪᠠᠨ ᠡᠷᠬᠦᠬᠦ ᠶᠠᠪᠤᠳᠠᠯ ᠪᠤᠯᠤᠨ᠎ᠠ᠃ ᠡᠨᠡ ᠬᠦ ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ ᠪᠦᠳᠦᠬᠡᠭᠳᠡᠬᠦᠨ ᠨᠢ ᠪᠤᠬᠢᠷᠳᠤᠯ ᠦᠬᠡᠢ ᠴᠤᠯ ᠪᠠᠶᠢᠭᠠᠯᠢᠯᠢᠭ ᠪᠦᠳᠦᠬᠡᠭᠳᠡᠬᠦᠨ ᠪᠤᠯᠬᠤᠷ ᠬᠡᠷᠡᠭᠯᠡᠭᠴᠢᠳ ᠰᠠᠨᠠᠭ᠎ᠠ ᠠᠮᠤᠷ ᠬᠡᠷᠡᠭᠯᠡᠬᠦ ᠮᠦᠷᠳᠡᠬᠡᠨ ᠶᠠᠳᠠᠭᠤ ᠶᠢ ᠲᠡᠳᠬᠦᠬᠦ ᠠᠵᠢᠯ ᠳᠤ ᠬᠤᠪᠢ ᠨᠡᠮᠡᠷᠢ ᠪᠠᠨ ᠦᠵᠡᠬᠦᠯᠬᠦ ᠪᠠᠷ ᠪᠠᠷᠠᠬᠤ ᠦᠬᠡᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠴᠦ ᠶᠡᠬᠡᠬᠡᠨ ᠠᠰᠢᠬᠳᠡᠢ ᠪᠠᠶᠢᠨ᠎ᠠ᠃ ︽ᠪᠠᠶᠠᠵᠢᠯ︾ ᠡᠯᠧᠺᠲᠷᠤᠨ ᠬᠤᠳᠠᠯᠳᠤᠭᠠᠨ ᠤ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠤᠶᠤᠨᠰᠠᠩ᠄ ︽ᠲᠠᠷᠠᠭᠠᠴᠢ ᠶᠢᠨ ᠠᠯᠬᠤᠮ ᠳᠤ ᠪᠢᠳᠡ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠤ ᠪᠤᠳᠠᠰ ᠤᠨ ᠬᠦᠢᠯᠬᠡᠬᠡᠨ ᠳᠤ ᠤᠷᠤᠭᠤᠯᠵᠦ᠂ ᠮᠠᠯᠴᠢᠨ ᠲᠠᠷᠢᠶᠠᠴᠢᠳ ᠤᠨ ᠡᠳᠦᠷ ᠲᠤᠳᠤᠮ ᠤᠨ ᠬᠡᠷᠡᠭᠯᠡᠬᠡᠨ ᠤ ᠵᠦᠢᠯ ᠢ ᠭᠡᠷ ᠤᠨ ᠬᠢᠨᠢ ᠡᠬᠦᠳᠡᠨ ᠳᠤ ᠬᠦᠷᠬᠡᠵᠦ᠂ ᠮᠦᠨ ᠴᠦ ᠲᠡᠳᠡᠨ ᠤ ᠪᠦᠳᠦᠬᠡᠭᠳᠡᠬᠦᠨ ᠢ ᠬᠡᠷ ᠠᠴᠠ ᠨᠢ ᠵᠠᠬ᠎ᠠ ᠲᠡᠯᠬᠡᠬᠦᠷ ᠲᠤ ᠰᠢᠭᠤᠳ ᠤᠷᠤᠭᠤᠯᠬᠤ ᠲᠠᠪᠴᠠᠩ ᠢ ᠬᠠᠨᠭ᠍ᠭᠠᠨ᠎ᠠ᠃ ᠡᠬᠦᠨ ᠳᠤ ᠪᠦᠳᠦᠬᠡᠭᠳᠡᠬᠦᠨ ᠤ ᠲᠦᠰᠦᠪ ᠲᠦᠯᠦᠪᠯᠡᠭᠡ᠂ ᠪᠤᠭᠤᠳᠠᠯᠯᠬᠤ ᠵᠡᠷᠬᠡ ᠲᠠᠯ᠎ᠠ ᠶᠢᠨ ᠦᠢᠯᠡᠴᠢᠯᠡᠭᠡ ᠶᠢ ᠪᠢᠳᠡ ᠦᠨ᠎ᠠ ᠲᠦᠯᠦᠪᠦᠷᠢ ᠦᠬᠡᠢ ᠪᠠᠷ ᠮᠠᠯᠴᠢᠨ ᠲᠠᠷᠢᠶᠠᠴᠢᠨ ᠳᠤ ᠬᠠᠨᠭ᠍ᠭᠠᠨ᠎ᠠ᠃ ᠲᠡᠭᠡᠪᠡᠯ ᠪᠠᠰᠠ ᠬᠤᠳᠠᠯᠳᠤᠨ ᠠᠪᠬᠤ ᠪᠠᠷ ᠬᠠᠨᠳᠢᠪᠯᠠᠬᠤ ᠶᠢ ᠤᠷᠤᠯᠠᠭᠤᠯᠬᠤ ᠠᠵᠢᠯᠯᠠᠭ᠎ᠠ ᠪᠠᠷ ᠲᠠᠮᠵᠢᠭᠤᠯᠤᠨ ᠦᠪᠡᠷ ᠤᠨ ᠰᠤᠳᠤᠯᠤᠨ ᠪᠦᠳᠦᠬᠡᠭᠰᠡᠨ ᠪᠦᠳᠦᠬᠡᠭᠳᠡᠬᠦᠨ ᠢᠶᠠᠨ ᠪᠤᠷᠤᠯᠠᠭᠤᠯᠵᠦ ᠰᠠᠷ᠎ᠠ ᠪᠦᠷᠢ ᠶᠢᠨ ᠤᠷᠤᠯᠭ᠎ᠠ ᠶᠢᠨ ᠢᠶᠠᠨ 10% ᠶᠢ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠢᠶᠠᠷ ᠲᠠᠮᠵᠢᠨ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠡᠷᠦᠬᠡ ᠳᠤ ᠲᠤᠰᠠᠯᠠᠬᠤ ᠪᠤᠯᠤᠨ᠎ᠠ︾ ᠬᠡᠵᠦ ᠪᠠᠶᠢᠯ᠎ᠠ᠃ ᠦᠥᠰᠢᠨ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠰᠡᠴᠡᠨᠪᠢᠯᠢᠭ᠄ ︽ᠵᠠᠪᠠᠯ ᠵᠠᠰᠠᠭ ᠤᠨ ᠲᠠᠯ᠎ᠠ ᠠᠴᠠ ᠵᠤᠭᠤᠰ ᠭᠠᠷᠤᠭᠠᠳ ᠶᠠᠳᠠᠭᠤ ᠶᠢ ᠲᠡᠳᠬᠦᠬᠦ ᠪᠢᠰᠢ ᠬᠠᠷᠢᠨ ᠨᠡᠶᠢᠬᠡᠮ ᠤᠨ ᠲᠠᠯ᠎ᠠ ᠠᠴᠠ ᠪᠦᠬᠦ ᠲᠠᠯ᠎ᠠ ᠶᠢᠨ ᠬᠠᠷᠢᠯᠴᠠᠭᠠᠨ ᠠᠴᠠ ᠶᠠᠮᠠᠷ ᠨᠢᠬᠡ ᠬᠦᠮᠦᠨ ᠶᠠᠮᠠᠷ ᠨᠢᠬᠡ ᠬᠡᠮᠵᠢᠶᠡᠨ ᠳᠤ ᠶᠠᠮᠠᠷ ᠨᠢᠬᠡ ᠭᠠᠵᠠᠷ ᠤᠷᠤᠨ ᠳᠤ᠂ ᠶᠠᠮᠠᠷ ᠨᠢᠬᠡ ᠬᠡᠯᠪᠡᠷᠢ ᠪᠠᠷ ᠲᠠᠮᠵᠢᠵᠦ ᠪᠠᠶᠢᠭᠠᠳ ᠨᠡᠶᠢᠬᠡᠮ ᠨᠡᠶᠢᠳᠡ ᠲᠡᠭᠡᠷ᠎ᠠ ᠦᠢᠯᠡᠴᠢᠯᠡᠭᠡ ᠦᠵᠡᠬᠦᠯᠵᠦ ᠨᠡᠩ ᠤᠨᠤᠪᠴᠢᠳᠡᠢ ᠪᠠᠷ ᠶᠠᠳᠠᠭᠤ ᠶᠢ ᠲᠡᠳᠬᠦᠬᠦ ᠠᠵᠢᠯᠯᠠᠭᠠᠨ ᠳᠤ ᠤᠷᠤᠯᠴᠠᠬᠤ ᠶᠢ ᠬᠦᠰᠡᠵᠦ ᠪᠠᠶᠢᠨ᠎ᠠ︾ ᠬᠡᠵᠡᠢ᠃
     ᠡᠨᠡ ᠬᠦ ᠠᠵᠢᠯᠯᠠᠭ᠎ᠠ ᠶᠢ ᠦᠷᠨᠢᠭᠦᠯᠦᠭᠰᠡᠨ ᠤ ᠳᠠᠷᠠᠭ᠋ ᠎ᠠ᠂ ᠦᠥᠰᠢᠨ ᠲᠠᠮᠠᠭ᠎ᠠ ᠲᠠᠢ ᠪᠤᠭᠤᠷᠰᠤᠭ ᠨᠢᠬᠡ ᠯᠠ ᠰᠠᠷ᠎ᠠ ᠶᠢᠨ ᠬᠤᠭᠤᠷᠤᠨᠳᠦ 617 ᠬᠠᠶᠢᠷᠴᠠᠭ ᠢ ᠬᠤᠳᠠᠯᠳᠤᠵᠦ ᠨᠡᠶᠢᠳᠡ 41956 ᠲᠦᠬᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠶᠢ ᠡᠬᠦᠳᠦᠬᠡᠳ᠂ 4195.6 ᠲᠦᠬᠦᠷᠢᠭ ᠢ ᠬᠠᠨᠳᠢᠪ ᠤᠨ ᠦᠢᠯᠡᠰ ᠲᠤ ᠡᠷᠬᠦᠭᠰᠡᠨ ᠪᠠᠶᠢᠨ᠎ᠠ᠃ ᠬᠤᠶᠢᠰᠢᠳᠡ ᠦᠥᠰᠢᠨ ᠤ ᠨᠡᠩ ᠠᠷᠪᠢᠨ ᠤᠨᠴᠠ ᠭᠠᠷᠤᠯᠳᠡ ᠢ ᠡᠨᠡ ᠬᠡᠯᠪᠡᠷᠢ ᠪᠠᠷ ᠬᠤᠳᠠᠯᠳᠤᠭᠠᠯᠠᠵᠦ᠂ ᠦᠥᠰᠢᠨ ᠤᠨᠴᠠ ᠭᠠᠷᠤᠯᠳᠡ ᠶᠢᠨ ᠨᠡᠷ᠎ᠠ ᠨᠡᠪᠳᠡᠴᠡ ᠶᠢ ᠲᠡᠭᠡᠭᠰᠢᠯᠡᠬᠦᠯᠬᠦ ᠶᠢᠨ ᠬᠠᠮᠳᠦ ᠶᠠᠳᠠᠭᠤ ᠶᠢ ᠲᠡᠳᠬᠦᠬᠦ ᠦᠢᠯᠡᠰ ᠲᠤ ᠬᠤᠪᠢ ᠨᠡᠮᠡᠷᠢ ᠪᠠᠨ ᠦᠵᠡᠬᠦᠯᠵᠦ᠂ ᠬᠤᠳᠠᠯᠳᠤᠨ ᠠᠪᠤᠭᠴᠢ ᠨᠡᠷ ᠴᠦ ᠦᠪᠡᠷ ᠤᠨ ᠬᠠᠶᠢᠷ᠎ᠠ ᠶᠢᠨ ᠰᠡᠳᠬᠢᠯ ᠢᠶᠠᠨ ᠡᠷᠬᠦᠬᠦ ᠲᠠᠪᠴᠠᠩ ᠲᠠᠢ ᠪᠤᠯᠵᠦ᠂ ᠪᠦᠬᠦ ᠠᠷᠠᠳ ᠢᠶᠠᠷ ᠢᠶᠠᠨ ᠶᠠᠳᠠᠭᠤ ᠶᠢ ᠲᠡᠳᠬᠦᠬᠦ ᠦᠢᠯᠡᠰ ᠲᠤ ᠨᠡᠮᠡᠷᠢ ᠬᠠᠨᠳᠢᠪ ᠡᠷᠬᠦᠵᠦ ᠲᠡᠶᠢᠯᠬᠦ ᠪᠤᠯᠤᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号