ᠮᠠᠨ ᠤ ᠬᠤᠰᠢᠭᠤ ᠠᠷᠪᠠ ᠶᠢᠰᠦᠳᠡᠬᠢ ᠰᠤᠷᠪᠤᠯᠵᠢᠯᠠᠭᠴᠢᠳ ᠤᠨ ᠪᠠᠶᠡᠷ ᠢ ᠪᠡᠯᠭᠡᠯᠡᠬᠦ ᠵᠢᠴᠢ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯ ᠤᠨ ᠱᠠᠩᠨᠠᠨ ᠬᠦᠬᠢᠬᠦᠯᠬᠦ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-11-13
     11 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠠᠷᠪᠠ ᠶᠢᠰᠦᠳᠦᠭᠢ ᠰᠤᠷᠪᠤᠯᠵᠢᠯᠠᠭᠴᠢᠳ ᠤᠨ ᠪᠠᠶᠡᠷ ᠢ ᠪᠡᠯᠭᠡᠯᠡᠬᠦ ᠵᠢᠴᠢ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠢ ᠱᠠᠩᠨᠠᠨ ᠬᠦᠬᠢᠬᠦᠯᠬᠦ ᠶᠡᠭᠡ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ  ᠤᠨ ᠳᠠᠷᠤᠭ᠎ᠠ ᠹᠧᠩ ᡁᠢ ᠮᠢᠩ ᠬᠤᠷᠠᠯ ᠳᠤ ᠤᠷᠤᠯᠴᠠᠬᠤ ᠶᠢᠨ ᠬᠠᠮᠲᠦ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ ᠬᠤᠰᠢᠭᠤ ᠰᠤᠨᠢᠨ ᠮᠡᠲᠡᠭᠡᠨ ᠤ ᠲᠦᠪ᠂ ᠷᠠᠳᠢᠤ᠋ ᠲᠧᠯᠸᠢᠰ ᠦᠢᠯᠡᠴᠢᠯᠡᠭᠡᠨ ᠤ ᠲᠦᠪ ᠤᠨ ᠪᠦᠬᠦ ᠺᠠᠳ᠋ᠷ ᠠᠵᠢᠯᠲᠠᠳ ᠬᠤᠷᠠᠯ ᠳᠤ ᠤᠷᠤᠯᠴᠠᠪᠠ᠃
           ᠹᠧᠩ ᡁᠢ ᠮᠢᠩ ᠵᠢᠭᠠᠵᠤ ᠭᠠᠷᠭᠠᠬᠤ ᠳᠤ ᠪᠠᠨ᠂ ᠡᠨᠡ ᠵᠢᠯ ᠠᠴᠠ ᠨᠠᠰᠢ ᠬᠤᠰᠢᠭᠤ ᠨᠠᠮ ᠤᠨ ᠬᠤᠷᠢᠶ᠎ᠠ ᠵᠠᠰᠠᠭ  ᠤᠨ ᠤᠷᠳᠤᠨ ᠤ ᠪᠠᠲᠦ ᠴᠢᠩᠭ᠎ᠠ ᠤᠳᠤᠷᠢᠳᠤᠯᠭ᠎ᠠ ᠲᠤᠤᠷ᠎ᠠ ᠪᠦᠬᠦ ᠬᠤᠰᠢᠭᠤᠨ ᠤ ᠰᠤᠨᠢᠨ ᠮᠡᠲᠡᠭᠡᠨ ᠤ ᠶᠠᠷᠢᠶ᠎ᠠ ᠬᠡᠯᠡᠯᠴᠡᠭᠡᠨ ᠤ ᠹᠷᠤᠨᠲ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠠᠵᠤ ᠠᠬᠤᠢ ᠶᠢᠨ ᠬᠦᠭᠵᠢᠯᠲᠡ ᠶᠢᠨ ᠶᠡᠭᠡ ᠪᠠᠶᠢᠳᠠᠯ ᠤᠨ ᠲᠤᠭᠤᠷᠢᠨ ᠳᠤ ᠰᠤᠨᠢᠨ ᠮᠡᠲᠡᠭᠡᠨ ᠤ ᠵᠠᠭᠤᠴᠢᠯᠠᠭᠤᠷ ᠤᠨ ᠲᠠᠪᠠᠭᠤᠯᠢᠭ ᠢᠶᠠᠨ ᠪᠠᠳᠠᠷᠠᠭᠤᠯᠤᠨ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾᠂ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾᠂ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ᠂ ᠪᠦᠬᠦ ᠤᠯᠤᠰ ᠤᠨ ᠰᠢᠶᠡᠨ ᠤ ᠲᠡᠰ ᠤᠨ ᠪᠤᠯᠪᠠᠰᠣᠨ ᠬᠤᠲᠠ ᠶᠢ ᠡᠭᠦᠳᠤᠨ ᠪᠠᠶᠢᠭᠤᠯᠬᠤ ᠵᠡᠷᠭᠡ ᠠᠵᠤ ᠠᠬᠤᠢ ᠨᠡᠶᠢᠭᠡᠮ ᠤᠨ ᠡᠯ᠎ᠡ ᠬᠦᠷᠢᠶ᠎ᠡ ᠴᠠᠷᠠᠭᠠᠨ ᠤ ᠬᠦᠭᠵᠢᠯᠲᠠ ᠶᠢᠨ ᠠᠮᠵᠢᠯᠲᠠ ᠪᠦᠲᠦᠮᠵᠢ ᠶᠢ ᠬᠦᠨᠵᠡᠭᠡᠢ ᠮᠡᠳᠡᠭᠡᠯᠡᠭᠰᠡᠨ ᠪᠠᠶᠢᠨ᠎ᠠ ᠬᠡᠵᠡᠢ᠃      ᠹᠧᠩ ᡁᠢ ᠮᠢᠩ ᠱᠠᠭᠠᠷᠳᠠᠬᠤ ᠳᠤ ᠪᠠᠨ᠂ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠪᠣᠯ ᠨᠠᠮ ᠤᠨ ᠳᠠᠭᠤᠨ ᠬᠤᠭᠤᠯᠠᠢ᠂ ᠵᠦᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠪᠤᠯ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠤᠨ ᠰᠦᠭ ᠰᠦᠨᠡᠰᠦ ᠪᠤᠯᠤᠨ᠎ᠠ᠃ ᠪᠦᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠣᠯᠣᠰ ᠲᠦᠷᠦ ᠶᠢᠨ ᠵᠤᠭᠰᠣᠴᠠ ᠪᠠᠨ ᠴᠢᠩᠭ᠎ᠠ ᠪᠠᠷᠢᠮᠲᠠᠯᠠᠨ ᠵᠦᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠵᠢᠯᠣᠭᠤᠳᠣᠮᠵᠢ ᠶᠢ ᠠᠳᠬᠤᠵᠤ ᠨᠡᠶᠢᠭᠡᠮ ᠵᠢᠷᠣᠮᠲᠣ ᠭᠤᠤᠯᠯᠠᠭᠴᠢ ᠦᠷᠳᠡᠭ ᠤᠨ ᠦᠵᠡᠯᠲᠡ ᠶᠢᠨ ᠣᠬᠠᠭᠤᠯᠭ᠎ᠠ ᠶᠢᠨ ᠠᠵᠢᠯ ᠢ ᠴᠢᠩᠭᠠᠳᠬᠠᠨ ᠦᠥᠰᠢᠨ ᠨᠤᠳᠤᠭ ᠤᠨ ᠦᠯᠢᠬᠡᠷ ᠤᠴᠢᠷ ᠢ ᠲᠡᠮᠳᠡᠭᠯᠡᠵᠦ ᠨᠠᠮ ᠪᠤᠯᠤᠨ ᠠᠷᠠᠳ ᠲᠦᠮᠡᠨ ᠤ ᠢᠳᠡᠭᠡᠯ ᠨᠠᠶᠢᠳᠠᠪᠣᠷᠢᠲᠠᠢ ᠰᠣᠨᠢᠨ ᠮᠡᠳᠡᠭᠡᠨ ᠤ ᠠᠵᠢᠯᠲᠠᠨ ᠪᠤᠯᠬᠤ ᠪᠠᠷ ᠴᠢᠷᠮᠠᠶᠢᠬᠤ ᠭᠡᠷᠡᠭᠲᠡᠢ ᠬᠡᠵᠡᠢ᠃      ᠬᠤᠷᠠᠯ ᠲᠡᠭᠡᠷ᠎ᠡ 2018 ᠤᠨ ᠤ ᠪᠦᠬᠦ ᠬᠤᠰᠢᠭᠤᠨ ᠤ ᠰᠤᠨᠢᠨ ᠮᠡᠲᠡᠭᠡᠨ ᠤ ᠰᠢᠯᠢᠳᠡᠭ ᠠᠵᠢᠯᠲᠠᠨ ᠵᠢᠴᠢ ᠰᠢᠯᠢᠳᠡᠭ ᠰᠤᠨᠢᠨ ᠮᠡᠲᠡᠭᠡ ᠶᠢ ᠱᠠᠩᠨᠠᠨ ᠬᠦᠬᠢᠬᠦᠯᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号