ᠤᠳᠤᠬᠠᠨ ᠳᠤ᠂ ᠮᠤᠵᠢ ᠶᠢᠨ ᠳᠡᠰ ᠤᠨ ᠵᠠᠰᠠᠮᠠᠯ ᠵᠠᠮ S215 ᠱᠤᠭᠤᠮ ᠤᠨ ᠲᠥᠩᠽᠢ ᠠᠴᠠ ᠱᠠᠷᠯᠢᠭ | ᠬᠦᠷᠬᠦ ᠬᠡᠰᠡᠭ ᠤᠨ ᠬᠠᠭᠤᠴᠢᠨ ᠵᠠᠮ ᠢ ᠰᠡᠯᠪᠢᠨ ᠵᠠᠰᠠᠬᠤ ᠠᠵᠢᠯ ᠪᠠᠴᠢᠮ ᠶᠠᠭᠠᠷᠠᠯᠳᠠᠢ ᠶᠠᠪᠤᠭᠳᠠᠵᠤ᠂ 12 ᠰᠠᠷ᠎ᠠ | ᠶᠢᠨ 1 ᠤ ᠡᠳᠤᠷ ᠠᠴᠠ ᠡᠮᠦᠨ᠎ᠡ ᠲᠡᠷᠭᠡ ᠨᠡᠪᠳᠡᠷᠡᠬᠦᠯᠵᠦ᠂ ᠮᠠᠯᠴᠢᠨ ᠲᠠᠷᠢᠶᠠᠴᠢᠳ ᠤᠨ ᠭᠠᠷᠴᠤ ᠤᠷᠤᠬᠤ ᠳᠤ | ᠲᠦᠬᠦᠮ ᠦᠵᠡᠬᠦᠯᠬᠦ ᠪᠠᠷ ᠪᠠᠶᠢᠨ᠎ᠠ᠃ | ᠮᠤᠵᠢ ᠶᠢᠨ ᠳᠡᠰ ᠤᠨ ᠵᠠᠰᠠᠮᠠᠯ ᠵᠠᠮ S215 ᠱᠤᠭᠤᠮ ᠤᠨ ᠲᠥᠩᠽᠢ ᠠᠴᠠ ᠱᠠᠷᠯᠢᠭ ᠬᠦᠷᠬᠦ ᠬᠠᠭᠤᠴᠢᠨ | ᠵᠠᠮ ᠢ ᠦᠭᠡᠷᠡᠴᠢᠯᠡᠬᠦ ᠭᠡᠰᠡᠭ ᠤᠨ ᠪᠦᠬᠦ ᠤᠷᠳᠤ ᠨᠢ 21.113 ᠺᠢᠯᠤᠮᠧᠲᠷ᠂ ᠶᠡᠷᠦᠩᠬᠡᠢ ᠪᠡᠯᠡ ᠤᠷᠤᠭᠤᠯᠤᠯᠳᠠ ᠨᠢ | 3335 ᠲᠦᠮᠡᠨ ᠲᠦᠭᠦᠷᠢᠭ ᠪᠠᠶᠢᠵᠤ᠂ 9 ᠰᠠᠷ᠎ᠠ ᠶᠢᠨ 30 ᠤ ᠡᠳᠤᠷ ᠠᠴᠠ ᠪᠠᠷᠢᠯᠭ᠎ᠠ ᠪᠠᠨ ᠡᠬᠢᠯᠡᠬᠦᠯᠵᠦ᠂ 60 | ᠡᠳᠦᠷ ᠤᠨ ᠬᠤᠭᠤᠴᠠᠭ᠎ᠠ ᠲᠠᠢ ᠰᠡᠯᠪᠢᠨ ᠵᠠᠰᠠᠵᠤ᠂ ᠤᠤᠯ ᠤᠨ ᠬᠠᠭᠤᠴᠢᠨ ᠵᠠᠮ ᠤᠨ ᠳᠡᠭᠡᠷ᠎ᠡ ᠰᠢᠨ᠎ᠡ ᠵᠠᠮ ᠲᠡᠪᠢᠰᠬᠦ | ᠪᠤᠯᠤᠨ᠎ᠠ᠃ | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠵᠠᠮ ᠬᠠᠷᠢᠯᠴᠠᠭᠠᠨ ᠤ ᠪᠦᠲᠦᠬᠡᠨ ᠪᠠᠶᠢᠭᠤᠯᠤᠯᠳᠠ ᠶᠢᠨ | ᠠᠵᠢᠯ ᠢ ᠴᠢᠬᠤᠯᠠᠴᠢᠯᠠᠨ ᠦᠵᠡᠵᠦ᠂ ᠤᠨᠴᠠᠭᠠᠶᠢᠯᠠᠨ ᠰᠦᠯᠳᠡ ᠰᠤᠮᠤ᠂ ᠰᠢᠷᠬᠤᠰᠤᠨ ᠪᠠᠯᠭᠠᠰᠤ ᠵᠡᠷᠭᠡ ᠪᠠᠷᠠᠭᠤᠨ | ᠬᠡᠰᠡᠭ ᠭᠠᠵᠠᠷ ᠤᠷᠤᠨ ᠤ ᠡᠪᠳᠡᠷᠡᠵᠦ ᠬᠠᠭᠠᠷᠠᠭᠰᠠᠨ᠂ ᠭᠠᠷᠴᠤ ᠤᠷᠤᠬᠤ ᠳᠤ ᠲᠦᠬᠦᠮ ᠦᠬᠡᠢ᠂ ᠤᠷᠤᠨ ᠨᠤᠲᠤᠭ | ᠤᠨ ᠠᠵᠤ ᠠᠬᠤᠢ ᠶᠢᠨ ᠬᠦᠭᠵᠢᠯᠳᠡ ᠶᠢ ᠬᠠᠷᠰᠢᠯᠠᠭᠰᠠᠨ ᠵᠠᠮ ᠢ ᠰᠡᠯᠪᠢᠨ ᠵᠠᠰᠠᠵᠤ᠂ ᠲᠥᠩᠽᠢ ᠠᠴᠠ | ᠪᠤᠷᠤᠪᠠᠯᠭᠠᠰᠤᠨ ᠳᠤ ᠬᠦᠷᠬᠦ ᠬᠤᠶᠠᠳᠤᠭᠠᠷ ᠳᠡᠰ ᠤᠨ ᠵᠢᠭᠤᠯᠴᠢᠯᠠᠯ ᠤᠨ ᠵᠠᠮ ᠢ ᠰᠢᠨ᠎ᠡ ᠪᠠᠷ ᠵᠠᠰᠠᠵᠤ᠂ ᠮᠠᠯᠴᠢᠨ | ᠲᠠᠷᠢᠶᠠᠴᠢᠳ ᠤᠨ ᠭᠠᠷᠴᠤ ᠤᠷᠤᠬᠤ᠂ ᠮᠠᠯ ᠲᠠᠷᠢᠶᠠᠯᠠᠩ ᠤᠨ ᠪᠦᠲᠦᠬᠡᠭᠳᠡᠬᠦᠨ ᠢᠶᠠᠨ ᠭᠠᠳᠠᠭᠰᠢ ᠲᠡᠭᠡᠭᠡᠪᠦᠷᠢᠯᠡᠨ | ᠪᠤᠷᠤᠯᠠᠭᠤᠯᠬᠤ ᠳᠤ ᠲᠦᠬᠦᠮ ᠦᠵᠡᠭᠦᠯᠵᠤ ᠪᠠᠶᠢᠨ᠎ᠠ᠃ | |