| | | | 11 ᠰᠠᠷ᠎ᠠ ᠶᠢᠨ 9 ᠤ ᠡᠳᠤᠷ᠂ ᠮᠠᠨ ᠤ ᠬᠤᠰᠢᠭᠤᠨ ᠤ 65 ᠪᠥᠭᠦᠯᠢ ᠨᠠᠰᠤᠨ ᠠᠴᠠ ᠲᠡᠭᠡᠭᠰᠢᠭᠢ | ᠨᠠᠰᠤᠳᠠᠶᠢᠴᠤᠳ ᠲᠤ ᠠᠭᠤᠰᠭᠢᠨ ᠥᠷᠪᠢᠰᠥᠯ ᠤᠨ ᠸᠠᠺᠼᠢᠨ ᠭᠢᠭᠡᠳ ᠬᠠᠯᠳᠠᠪᠤᠷᠢᠳᠤ ᠲᠠᠭᠰᠢᠭᠤᠷ ᠤᠨ ᠸᠠᠺᠼᠢᠨ ᠢ | ᠰᠦᠢᠳᠬᠡᠯ ᠥᠭᠡᠢ ᠲᠠᠷᠢᠬᠤ ᠵᠢᠴᠢ ᠡᠷᠡᠭᠦᠯ ᠡᠩᠭᠡ ᠶᠢ ᠠᠭᠢᠭᠤᠯᠬᠤ ᠬᠤᠶᠠᠳᠠᠭᠢ ᠰᠠᠷ᠎ᠠ ᠶᠢᠨ ᠤᠬᠠᠭᠤᠯᠭ᠎ᠠ ᠶᠢᠨ | ᠠᠵᠢᠯᠯᠠᠭᠠᠨ ᠤ ᠡᠭᠢᠯᠠᠯᠳᠠ ᠶᠢᠨ ᠶᠤᠰᠤᠯᠠᠯ ᠬᠤᠨᠴᠢᠨ ᠨᠠᠭᠤᠷ ᠴᠡᠴᠡᠷᠯᠢᠭ ᠲᠤ ᠶᠠᠪᠤᠭᠳᠠᠭᠰᠠᠨ ᠪᠠᠶᠢᠨ᠎ᠠ᠃ | ᠥᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠳᠤ ᠭᠥᠩᠭᠡᠵᠢᠯ ᠤᠨ ᠵᠥᠪᠯᠠᠯ ᠤᠨ ᠲᠡᠳ᠋ | ᠡᠷᠭᠢᠯᠡᠭᠴᠢ ᠹᠥ᠋ ᠷᠥᠢ ᠹᠧᠩ᠂ ᠥᠪᠡᠷᠳᠡᠭᠡᠨ ᠵᠠᠰᠠᠬᠤ ᠤᠷᠤᠨ ᠤ ᠶᠠᠷᠤᠩᠭᠡᠶᠢᠯᠡᠭᠰᠠᠨ ᠡᠪᠡᠳᠴᠢᠨ ᠡᠮᠭᠡᠭ ᠢ | ᠰᠡᠷᠭᠡᠶᠢᠯᠡᠬᠦ ᠲᠥᠪ ᠤᠨ ᠡᠷᠭᠢᠯᠡᠭᠴᠢ ᠸᠠᠩ ᠸᠧᠨ ᠷᠥᠢ᠂ ᠬᠤᠳᠠ ᠶᠢᠨ ᠡᠷᠡᠭᠦᠯ ᠬᠠᠮᠭᠠᠠᠯᠠᠯ ᠲᠥᠯᠥᠪᠯᠡᠭᠡᠳᠤ | ᠭᠥᠩᠭᠡᠵᠢᠯ ᠤᠨ ᠵᠥᠪᠯᠠᠯ ᠤᠨ ᠲᠡᠳ᠋ ᠡᠷᠭᠢᠯᠡᠭᠴᠢ ᠰᠢᠤᠢ ᠵᠢᠶᠠᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠤᠳᠤᠷᠢᠳᠤᠯᠭ᠎ᠠ ᠪᠠᠶᠠᠠᠴᠢᠮᠡᠭ᠂ ᠯᠢ᠊ ᠵᠢᠷᠤᠮᠳᠤ ᠪᠤᠯᠤᠨ | ᠥᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤᠨ ᠤ ᠡᠷᠡᠭᠦᠯ ᠬᠠᠮᠭᠠᠠᠯᠠᠯ ᠲᠥᠯᠥᠪᠯᠡᠭᠡᠳᠤ ᠭᠥᠩᠭᠡᠵᠢᠯ᠂ | ᠡᠪᠡᠳᠴᠢᠨ ᠡᠮᠭᠡᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠬᠤᠯᠪᠤᠭᠳᠠᠯ ᠪᠥᠭᠦᠢ ᠬᠠᠷᠢᠭᠤᠴᠠᠯᠭᠠᠳᠠᠨ ᠡᠭᠢᠯᠠᠯᠳᠠ ᠶᠢᠨ | ᠶᠤᠰᠤᠯᠠᠯ ᠳᠤ ᠤᠷᠤᠯᠴᠠᠪᠠ᠃ ᠬᠤᠰᠢᠭᠤ ᠲᠡᠳ᠋ ᠲᠠᠷᠤᠭ᠎ᠠ ᠪᠠᠶᠠᠠᠴᠢᠮᠡᠭ ᠶᠤᠰᠤᠯᠠᠯ ᠢ ᠡᠷᠭᠢᠯᠠᠪᠠ᠃ | | | | | | | ᠵᠤᠤ ᠹᠸᠢ ᠯᠤ᠋ ᠶᠠᠷᠢᠶ᠎ᠠ ᠲᠠᠯᠪᠢᠵᠤ ᠢᠯᠠᠷᠭᠡᠶᠢᠯᠠᠭᠦ ᠳᠤ ᠪᠠᠨ᠂ ᠤᠷᠴᠢᠮ ᠤᠨ ᠵᠢᠯ ᠠᠴᠠ ᠨᠠᠰᠢ ᠮᠠᠨ ᠤ | ᠬᠤᠰᠢᠭᠤ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ | ᠤᠨ ᠥᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ | ᠥᠵᠡᠯᠳᠠ ᠶᠢ ᠪᠠᠳᠤ ᠪᠠᠭᠢ ᠪᠤᠢ ᠪᠤᠯᠭᠠᠵᠤ ᠤᠷᠢᠳ ᠬᠤᠵᠢᠳ 5 ᠳ᠋ᠥᠩᠰᠢᠭᠤᠷ ᠭᠠᠷᠤᠢ ᠲᠥᠭᠦᠷᠢᠭ ᠤᠨ ᠪᠠᠯᠠ | ᠤᠷᠤᠭᠤᠯᠵᠤ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠶᠠᠷᠤᠩᠭᠡᠶᠢᠯᠡᠭᠰᠠᠨ ᠡᠮᠨᠡᠯᠭᠡ | ᠶᠢᠨ ᠬᠤᠷᠢᠶ᠎ᠠ ᠪᠤᠯᠤᠨ ᠪᠥᠭᠦ ᠠᠷᠠᠳ ᠤᠨ ᠪᠠᠶ᠎ᠠ ᠴᠢᠭᠢᠷᠠᠭᠵᠢᠭᠤᠯᠬᠤ ᠠᠵᠢᠯᠯᠠᠭᠠᠨ ᠤ ᠲᠥᠪ᠂ ᠥᠳᠥᠨ ᠪᠥᠮᠪᠦᠭᠡ | ᠫᠢᠩᠫᠠᠩ ᠪᠥᠮᠪᠥᠭᠡᠨ ᠤᠷᠳᠤᠨ᠂ ᠤᠮᠪᠠᠯᠳᠠ ᠶᠢᠨ ᠤᠷᠳᠤᠨ ᠵᠡᠷᠭᠡ ᠶᠠᠷᠤᠩᠭᠡᠶᠢᠯᠡᠭᠰᠠᠨ ᠴᠢᠨᠠᠷᠳᠠᠢ ᠥᠢᠯᠡᠴᠢᠯᠡᠭᠡᠨ ᠤ | ᠲᠠᠯᠠᠪᠤᠷ ᠢ ᠪᠠᠶᠢᠭᠤᠯᠵᠤ᠂ ᠡᠪᠡᠳᠴᠢᠨ ᠥᠵᠠᠭᠦᠯᠭᠦ ᠤᠷᠴᠢᠨ ᠢ ᠥᠷᠭᠦᠯᠵᠢᠯᠠᠨ ᠰᠢᠯᠢᠳᠡᠭᠵᠢᠭᠦᠯᠵᠤ᠂ ᠪᠥᠭᠦ | ᠬᠤᠰᠢᠭᠤᠨ ᠤ ᠡᠯ᠎ᠠ ᠥᠨᠳᠤᠰᠤᠳᠠᠨ ᠤ ᠺᠠᠳ᠋ᠷ ᠤᠯᠠᠨ ᠲᠥᠮᠡᠨ ᠳᠤ ᠪᠥᠭᠦ ᠲᠠᠯ᠎ᠠ ᠶᠢᠨ ᠡᠷᠡᠭᠦᠯ ᠡᠩᠬᠡ ᠶᠢᠨ | ᠥᠢᠯᠡᠴᠢᠯᠡᠭᠡ ᠬᠠᠩᠭᠠᠬᠤ ᠳᠤ ᠪᠠᠳᠤ ᠪᠠᠭᠢ ᠰᠠᠭᠤᠷᠢ ᠲᠠᠯᠪᠢᠭᠰᠠᠨ ᠪᠠᠶᠢᠨ᠎ᠠ᠃ ᠲᠤᠰ ᠤᠳᠠᠭᠠᠨ ᠤ ᠰᠥᠢᠳᠭᠡᠯ | ᠥᠭᠡᠢ ᠪᠠᠷ ᠲᠠᠷᠢᠯᠭ᠎ᠠ ᠬᠢᠬᠦ ᠠᠵᠢᠯᠯᠠᠭᠠᠨ ᠪᠤᠯ ᠪᠥᠭᠦ ᠤᠯᠤᠰ ᠤᠨ ᠰᠢᠶᠠᠨ ᠤ ᠲᠠᠰ ᠤᠨ ᠡᠷᠡᠭᠦᠯ ᠡᠩᠬᠡ ᠶᠢ | ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠪᠠ ᠦᠪᠡᠷᠲᠡᠭᠡᠨ ᠵᠠᠰᠠᠬᠤ ᠤᠷᠤᠨ ᠤ ᠤᠳᠠᠭᠠᠨ ᠴᠢᠨᠠᠷᠲᠠᠢ | ᠡᠪᠡᠳᠴᠢᠨ ᠢ ᠶᠡᠷᠤᠩᠭᠡᠶᠢᠯᠡᠨ ᠰᠡᠷᠭᠡᠶᠢᠯᠡᠬᠦ ᠵᠢᠱᠢᠶ᠎ᠡ ᠦᠵᠡᠭᠦᠯᠬᠦ ᠲᠤᠭᠤᠷᠢᠭ ᠶᠢᠨ ᠴᠢᠬᠤᠯᠠ ᠨᠢᠭᠡ ᠲᠥᠷᠥᠯ ᠤᠨ | ᠠᠭᠤᠯᠭ᠎ᠠ᠂ ᠮᠥᠨᠴᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠥᠭᠦ ᠬᠤᠰᠢᠭᠤᠨ ᠤ ᠨᠠᠰᠤᠳᠠᠶᠢᠴᠤᠳ ᠤᠨ ᠡᠷᠡᠭᠦᠯ | ᠴᠢᠭᠢᠷᠠᠭ ᠤᠨ ᠪᠠᠶᠢᠳᠠᠯ ᠢ ᠥᠨᠳᠤᠰᠤᠯᠠᠨ ᠭᠡᠷᠡᠭᠵᠢᠭᠦᠯᠥᠭᠰᠠᠨ ᠨᠢᠭᠡ ᠲᠥᠷᠥᠯ ᠤᠨ ᠠᠷᠠᠳ ᠢ ᠬᠠᠷᠠᠭᠠᠯᠵᠠᠬᠤ ᠪᠤᠳᠠᠳᠤ | ᠤᠴᠢᠷ ᠪᠤᠯᠤᠨ᠎ᠠ᠃ ᠪᠥᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠥᠮᠡᠨ ᠡᠷᠡᠭᠦᠯ ᠡᠩᠬᠡ ᠶᠢᠨ ᠥᠵᠠᠯᠳᠠ | ᠶᠢ ᠠᠮᠢᠳᠤᠷᠠᠯ ᠠᠵᠢᠯ ᠥᠢᠯᠡᠰ ᠤᠨ ᠡᠯ᠎ᠠ ᠲᠠᠯ᠎ᠠ ᠳᠤ ᠲᠤᠭᠤᠰᠢᠯᠠᠭᠤᠯᠵᠤ᠂ ᠡᠷᠡᠭᠦᠯ ᠴᠢᠭᠢᠷᠠᠭ ᠤᠨ ᠭᠡᠪ ᠵᠠᠩᠰᠢᠯ ᠢ | ᠲᠡᠭᠡᠭᠰᠢᠯᠠᠭᠦᠯᠵᠤ᠂ ᠥᠪᠠᠷ ᠤᠨ ᠵᠤᠯ ᠵᠢᠷᠭᠠᠯᠳᠤ ᠠᠮᠢᠳᠤᠷᠠᠯ ᠤᠨ ᠲᠥᠯᠥᠭᠡ ᠴᠢᠷᠮᠠᠶᠢᠨ ᠲᠠᠮᠠᠴᠠᠵᠤ᠂ ᠴᠢᠨᠡᠭᠡᠯᠢᠭ | ᠨᠠᠶᠢᠭᠡᠮ ᠢ ᠪᠥᠭᠦ ᠲᠠᠯ᠎ᠠ ᠪᠠᠷ ᠪᠠᠶᠠᠯᠡᠭᠦᠯᠭᠦ ᠬᠠᠷᠠᠯᠳᠠ᠂ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠶᠢᠨ ︽ | ᠨᠤᠮᠢᠨ ᠳᠠᠩᠰᠤᠭ ᠬᠦᠭᠵᠢᠨ ᠮᠠᠨᠳᠤᠯᠲᠠ︾ ᠶᠢ ᠪᠠᠶᠠᠯᠠᠭᠦᠯᠭᠦ ᠳᠤ ᠥᠪᠠᠷ ᠤᠨ ᠬᠤᠪᠢ ᠨᠠᠮᠠᠷᠢ ᠪᠠᠨ ᠡᠷᠭᠦᠭᠦ ᠶᠢ | ᠭᠥᠰᠠᠵᠤ ᠪᠠᠶᠢᠨ᠎ᠠ ᠭᠡᠵᠡᠢ᠃ | | | | | | | ᠹᠥ᠋ ᠷᠥᠢ ᠹᠧᠩ ᠥᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠳᠤ ᠭᠥᠩᠭᠡᠵᠢᠯ ᠤᠨ | ᠵᠥᠪᠯᠠᠯ ᠢ ᠲᠥᠯᠥᠭᠡᠯᠡᠨ ᠮᠠᠨ ᠤ ᠬᠤᠰᠢᠭᠤᠨ ᠤ 65 ᠪᠥᠭᠦᠯᠢ ᠨᠠᠰᠤᠨ ᠠᠴᠠ ᠲᠡᠭᠡᠭᠰᠢᠭᠢ ᠨᠠᠰᠤᠳᠠᠶᠢᠴᠤᠳ ᠲᠤ | ᠸᠠᠺᠼᠢᠨ ᠢ ᠰᠦᠢᠳᠬᠡᠯ ᠥᠭᠡᠢ ᠲᠠᠷᠢᠬᠤ ᠲᠥᠷᠤᠯ ᠵᠥᠢᠯ ᠤᠨ ᠡᠭᠢᠯᠡᠭᠰᠠᠨ ᠳᠤ ᠪᠠᠶᠠᠷ ᠭᠥᠷᠭᠡᠪᠡ᠃ ᠲᠠᠷᠠ ᠭᠡᠯᠡᠭᠦ | ᠳᠤ ᠪᠠᠨ ᠥᠥᠰᠢᠨ ᠬᠤᠰᠢᠭᠤ ᠨᠢ ᠲᠤᠰ ᠲᠥᠷᠤᠯ ᠵᠥᠢᠯ ᠢ ᠭᠠᠵᠠᠷ ᠤᠷᠤᠨ ᠤ ᠡᠷᠡᠭᠦᠯ ᠡᠩᠬᠡ ᠶᠢᠨ | ᠲᠥᠯᠥᠪᠵᠢᠭᠦᠯᠭᠡ ᠳᠤ ᠤᠷᠤᠭᠤᠯᠵᠤ᠂ 210 ᠭᠠᠷᠤᠢ ᠲᠥᠮᠡᠨ ᠲᠥᠭᠦᠷᠢᠭ ᠤᠷᠤᠭᠤᠯᠤᠨ ᠰᠥᠢᠳᠭᠡᠯ ᠥᠭᠡᠢ | ᠲᠠᠷᠢᠯᠭ᠎ᠠ ᠬᠢᠬᠦ ᠠᠵᠢᠯ ᠢ ᠥᠷᠨᠢᠭᠦᠯᠵᠤ ᠨᠠᠰᠤᠳᠠᠶᠢᠴᠤᠳ ᠤᠨ ᠡᠪᠡᠳᠴᠢᠨ ᠢ ᠰᠠᠷᠭᠡᠶᠢᠯᠠᠭᠦ ᠴᠢᠳᠠᠪᠤᠷᠢ ᠶᠢ | ᠲᠡᠭᠡᠭᠰᠢᠯᠠᠭᠦᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠥᠷᠭᠡᠨ ᠤᠯᠠᠨ ᠠᠷᠠᠳ ᠲᠥᠮᠡᠨ ᠤ | ᠡᠷᠡᠭᠦᠯ ᠮᠠᠨᠳᠤ ᠶᠢ ᠲᠡᠭᠡᠳᠤ ᠭᠡᠮᠵᠢᠶ᠎ᠠ ᠪᠠᠷ ᠬᠠᠯᠠᠮᠵᠢᠯᠠᠨ ᠥᠵᠠᠵᠤ ᠪᠠᠶᠢᠬᠤ ᠶᠢ ᠭᠥᠢᠴᠡᠳ ᠢᠯᠡᠷᠡᠭᠦᠯᠥᠭᠰᠠᠨ ᠪᠠᠶᠢᠨ᠎ᠠ᠃ | ᠥᠥᠰᠢᠨ ᠬᠤᠰᠢᠭᠤ ᠡᠨᠡ ᠲᠥᠷᠥᠯ ᠤᠨ ᠠᠷᠠᠳ ᠢ ᠬᠠᠷᠠᠭᠠᠯᠵᠠᠬᠤ ᠢᠨᠵᠧᠨᠧᠷᠢᠩ ᠢ ᠨᠠᠷᠢᠨ ᠬᠢᠨᠠᠮᠠᠭᠠᠢ | ᠭᠡᠷᠡᠭᠵᠢᠭᠦᠯᠵᠤ ᠪᠥᠭᠦ ᠤᠷᠤᠨ ᠤ ᠭᠡᠪᠴᠢᠶᠠᠨ ᠳᠤ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠬᠤ | ᠶᠢ ᠭᠥᠰᠡᠵᠤ ᠪᠠᠶᠢᠨ᠎ᠠ ᠭᠡᠵᠡᠢ᠃ | | | | | | | ᠤᠶᠢᠯᠠᠭᠠᠭᠰᠠᠨ ᠢᠶᠠᠷ᠂ ᠮᠠᠨ ᠤ ᠬᠤᠰᠢᠭᠤ ᠠᠭᠤᠰᠭᠢᠨ ᠥᠷᠪᠢᠰᠥᠯ ᠤᠨ ᠸᠠᠺᠼᠢᠨ ᠭᠢᠭᠡᠳ ᠬᠠᠯᠳᠠᠪᠤᠷᠢᠳᠤ | ᠲᠠᠭᠰᠢᠭᠤᠷ ᠤᠨ ᠸᠠᠺᠼᠢᠨ ᠢ ᠰᠦᠢᠳᠬᠡᠯ ᠥᠭᠡᠢ ᠲᠠᠷᠢᠬᠤ ᠠᠷᠠᠳ ᠢ ᠬᠠᠷᠠᠭᠠᠯᠵᠠᠬᠤ ᠢᠨᠵᠧᠨᠧᠷᠢᠩ ᠢ ᠪᠥᠭᠦ ᠤᠷᠤᠨ | ᠤ ᠭᠡᠪᠴᠢᠶᠠᠨ ᠳᠤ ᠨᠢᠭᠡᠳᠤᠭᠡᠷ ᠲᠤ ᠭᠡᠷᠡᠭᠵᠢᠭᠦᠯᠥᠭᠰᠠᠨ ᠬᠤᠰᠢᠭᠤ ᠪᠠᠶᠢᠵᠤ᠂ ᠮᠦᠨᠴᠤ ᠪᠦᠬᠦ ᠤᠷᠤᠨ ᠤ ᠦᠬᠠᠢ | ᠬᠤᠲᠠ ᠶᠢᠨ ᠳᠠᠷᠠᠭᠠᠬᠢ ᠬᠤᠶᠠᠳᠤᠭᠠᠷ ᠰᠥᠢᠳᠭᠡᠯ ᠥᠭᠡᠢ ᠲᠠᠷᠢᠯᠭ᠎ᠠ ᠬᠢᠭᠰᠡᠨ ᠭᠠᠵᠠᠷ ᠤᠷᠤᠨ ᠪᠤᠯᠤᠨ᠎ᠠ᠃ | ᠰᠥᠢᠳᠭᠡᠯ ᠥᠭᠡᠢ ᠲᠠᠷᠢᠯᠭ᠎ᠠ ᠶᠢᠨ ᠠᠵᠢᠯ ᠢ ᠨᠢᠭᠡ ᠰᠠᠷ᠎ᠠ ᠶᠢᠨ ᠬᠤᠭᠤᠴᠠᠭᠠᠨ ᠳᠤ ᠲᠠᠭᠤᠰᠬᠠᠬᠤ ᠪᠠᠷ ᠲᠥᠯᠥᠪᠯᠡᠵᠤ᠂ | ᠪᠥᠭᠦ ᠬᠤᠰᠢᠭᠤᠨ ᠤ 8000 ᠭᠠᠷᠤᠢ 65 ᠪᠥᠭᠦᠯᠢ ᠨᠠᠰᠤᠨ ᠠᠴᠠ ᠲᠡᠭᠡᠭᠰᠢᠭᠢ ᠨᠠᠰᠤᠳᠠᠶᠢᠴᠤᠳ ᠲᠤ ᠠᠰᠢᠭ | ᠭᠥᠷᠳᠡᠭᠡᠭᠦ ᠪᠤᠯᠤᠨ᠎ᠠ᠃ | | | | | | | ᠹᠥ᠋ ᠷᠥᠢ ᠹᠧᠩ ᠨᠠᠷ ᠵᠤᠤ ᠹᠸᠢ ᠯᠤ᠋ ᠶᠢᠨ ᠲᠠᠭᠠᠭᠤᠯᠭ᠎ᠠ ᠪᠠᠷ ᠮᠤᠩᠭᠤᠯ ᠡᠮᠨᠡᠯᠭᠡ ᠶᠢᠨ ᠶᠠᠷᠤᠩᠭᠡᠶᠢᠯᠡᠭᠰᠠᠨ | ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠬᠦ ᠲᠥᠪ᠂ ᠰᠤᠶᠤᠯ ᠤᠨ ᠪᠥᠳᠤᠭᠡᠯᠳᠠ ᠠᠵᠤ ᠥᠢᠯᠡᠰ | ᠤᠨ ᠭᠥᠷᠢᠶᠠᠯᠠᠩ ᠢᠶᠠᠷ ᠪᠠᠶᠢᠴᠠᠭᠠᠨ ᠰᠤᠳᠤᠯᠤᠯᠳᠠ ᠬᠢᠵᠤ᠂ ᠡᠷᠡᠭᠦᠯ ᠡᠩᠬᠡ ᠶᠢᠨ ᠰᠡᠳᠤᠪᠲᠤ ᠴᠡᠴᠡᠷᠯᠢᠭ ᠪᠠ ᠡᠷᠡᠭᠦᠯ | ᠡᠩᠬᠡ ᠶᠢᠨ ᠵᠢᠵᠢᠭ ᠭᠡᠷ ᠳᠤ ᠭᠦᠷᠴᠤ ᠪᠡᠶᠡᠴᠢᠯᠠᠨ ᠤᠶᠢᠯᠠᠭᠠᠭᠰᠠᠨ ᠪᠠᠶᠢᠨ᠎ᠠ᠃ ᠲᠤᠰ ᠠᠵᠢᠯᠯᠠᠭᠠᠨ ᠨᠢ ᠪᠠᠰᠠ | ᠶᠠᠳᠠᠭᠤ ᠬᠦᠴᠢᠷᠳᠡᠯᠲᠠᠢ 10 ᠡᠷᠤᠬᠡ ᠳᠤ ᠡᠷᠡᠭᠦᠯ ᠡᠩᠬᠡ ᠶᠢᠨ ᠦᠢᠯᠡᠰ ᠢᠶᠠᠷ ᠶᠠᠳᠠᠭᠤ ᠶᠢ ᠳᠡᠳᠭᠦᠬᠦ ᠪᠡᠯᠡᠭ | ᠭᠦᠷᠭᠡᠵᠤ᠂ ᠬᠢᠵᠢᠭ ᠢ ᠰᠡᠷᠭᠡᠶᠢᠯᠡᠬᠦ ᠲᠦᠪ ᠪᠠ ᠡᠯ᠎ᠡ ᠡᠮᠨᠡᠯᠭᠡ ᠶᠢᠨ ᠬᠤᠷᠢᠶᠠᠨ ᠤ ᠬᠢᠨ ᠠᠷᠠᠳ ᠤᠯᠠᠨ ᠳᠤ | ᠰᠦᠢᠳᠬᠡᠯ ᠦᠭᠡᠢ ᠪᠠᠷ ᠡᠷᠡᠭᠦᠯ ᠮᠡᠨᠳᠤ ᠶᠢᠨ ᠵᠦᠪᠯᠡᠯᠭᠡ ᠬᠠᠩᠭᠠᠭᠰᠠᠨ ᠪᠠᠶᠢᠨ᠎ᠠ᠃ | | |