11 ᠰᠠᠷ᠎ᠠ 8 ᠤ ᠡᠳᠦᠷ᠂ ᠪᠦᠬᠦ ᠬᠤᠰᠢᠭᠤᠨ ᠤ ︽ᠠᠷᠪᠠᠨ ᠲᠥᠷᠥᠯ ᠤᠨ ᠭᠤᠣᠯᠳᠠᠯᠭ᠎ᠠ ᠲᠠᠢ ᠢᠨᠵᠧᠨᠧᠷᠢᠩ | ︾ ᠪᠤᠯᠤᠨ ᠭᠥᠮᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠠᠨ ᠰᠠᠶᠢᠵᠢᠷᠠᠭᠤᠯᠬᠤ ᠢᠨᠵᠧᠨᠧᠷᠢᠩ | ᠤᠨ ᠬᠢᠨᠠᠨ ᠪᠤᠳᠤᠯᠲᠠ ᠶᠢ ᠳᠠᠬᠢᠨ ᠭᠢᠨᠠᠬᠤ ᠠᠵᠢᠯ ᠤᠨ ᠵᠤᠭᠢᠴᠠᠭᠤᠯᠤᠯᠳᠠ ᠶᠢᠨ ᠬᠤᠷᠠᠯ ᠬᠤᠰᠢᠭᠤ ᠵᠠᠰᠠᠭ ᠵᠠᠬᠢᠷᠭᠠᠨ | ᠤ ᠦᠢᠯᠡᠴᠢᠯᠡᠬᠡᠨ ᠤ ᠳᠦᠪ ᠲᠤ ᠬᠤᠷᠠᠯᠳᠣᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ ᠡᠯ᠎ᠡ ᠰᠣᠮᠣ | ᠪᠠᠯᠭᠠᠰᠣ ᠵᠢᠴᠢ ᠬᠢᠨᠠᠨ ᠪᠣᠳᠣᠬᠤ ᠲᠤᠪᠴᠢᠶ᠎ᠠ᠂ ᠡᠳ᠋ ᠤᠨ ᠵᠠᠰᠠᠭ ᠤᠨ ᠳᠣᠪᠴᠢᠶ᠎ᠠ᠂ ᠣᠰᠣᠨ ᠤ ᠶᠠᠪᠣᠳᠠᠯ ᠪᠣᠯᠣᠨ | ᠬᠦᠷᠦᠰᠦ ᠰᠢᠷᠦᠢ ᠶᠢ ᠬᠠᠮᠠᠭᠠᠯᠠᠬᠤ ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠪᠠ ᠡᠳ᠋ ᠤᠨ ᠵᠠᠰᠠᠭ᠂ ᠬᠢᠨᠠᠨ | ᠪᠣᠳᠣᠬᠤ ᠲᠤᠪᠴᠢᠶ᠎ᠠ ᠪᠣᠯᠣᠨ ᠥᠨ᠎ᠠ ᠳᠣᠭᠳᠠᠭᠠᠬᠤ ᠺᠣᠮᠫᠠᠨᠢ ᠶᠢᠨ ᠬᠠᠮᠢᠶ᠎ᠠ ᠪᠦᠬᠦᠢ ᠠᠵᠢᠯᠳᠠᠳ ᠬᠤᠷᠠᠯ ᠳᠤ | ᠣᠷᠣᠯᠴᠠᠪᠠ᠃ | ᠬᠤᠷᠠᠯ ᠠᠴᠠ ᠵᠢᠭᠠᠬᠤ ᠳᠠᠭᠠᠨ᠂ ᠡᠨᠡ ᠵᠢᠯ ᠠᠴᠠ ᠡᠯ᠎ᠡ ᠰᠣᠮᠣ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠬᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ | ᠳᠦᠷᠦᠯ ᠵᠦᠢᠯ ᠢ ᠲᠤᠭᠠᠴᠠᠭ᠎ᠠ ᠬᠢᠵᠦ ᠬᠢᠨᠠᠨ ᠳᠣᠭᠳᠠᠭᠠᠬᠤ ᠠᠵᠢᠯ ᠤᠨ ᠭᠤᠣᠯ ᠴᠣᠭᠴᠠ ᠶᠢᠨ ᠡᠬᠦᠷᠭᠡ ᠶᠢ | ᠬᠦᠢᠴᠡᠳ ᠲᠤᠭᠤᠰᠢᠯᠠᠭᠤᠯᠵᠦ ︽ᠠᠷᠪᠠᠨ ᠲᠥᠷᠥᠯ ᠤᠨ ᠭᠤᠣᠯᠳᠠᠯᠭ᠎ᠠ ᠲᠠᠢ ᠢᠨᠵᠧᠨᠧᠷᠢᠩ︾ ᠵᠢᠴᠢ ᠤᠷᠤᠰᠢᠨ | ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠠᠨ ᠰᠠᠶᠢᠵᠢᠷᠠᠭᠤᠯᠬᠤ ᠢᠨᠵᠧᠨᠧᠷᠢᠩ ᠢ ᠥᠨ᠎ᠠ ᠳᠣᠭᠳᠠᠭᠠᠨ | ᠳᠣᠭᠠᠴᠠᠭ᠎ᠠ ᠬᠢᠵᠦ ᠬᠢᠨᠠᠨ ᠪᠣᠳᠣᠬᠤ ᠠᠵᠢᠯ ᠢ ᠨᠠᠷᠢᠨ ᠬᠢᠨᠠᠮᠠᠭᠠᠢ ᠬᠢᠭᠰᠡᠨ ᠠᠴᠠ ᠵᠣᠬᠢᠬᠤ ᠦᠷ᠎ᠡ ᠪᠦᠲᠦᠮᠵᠢ | ᠣᠯᠣᠭᠰᠠᠨ ᠪᠠᠶᠢᠨ᠎ᠠ ᠬᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠰᠣᠮᠣ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠥᠨ᠎ᠠ ᠳᠣᠭᠳᠠᠭᠠᠬᠤ ᠬᠢᠨᠠᠨ ᠪᠣᠳᠣᠬᠤ ᠠᠵᠢᠯ ᠤᠨ ᠳᠣᠮᠳᠠ ᠪᠠᠰᠠ ᠳᠠᠨᠢᠯᠳᠠ ᠳᠣᠳᠠᠮᠠᠭ᠂ ᠬᠢᠨᠠᠯᠳᠠ ᠬᠠᠮᠢᠶᠠᠷᠣᠯᠳᠠ | ᠰᠣᠯᠠ ᠵᠡᠷᠭᠡ ᠰᠶᠢᠳᠪᠦᠷᠢᠯᠡᠬᠦ ᠴᠢᠬᠤᠯᠠᠳᠠᠢ ᠠᠰᠠᠭᠤᠳᠠᠯ ᠣᠷᠣᠰᠢᠵᠦ ᠪᠠᠶᠢᠨ᠎ᠠ᠃ ᠡᠶᠢᠮᠦ ᠠᠴᠠ ᠠᠰᠠᠭᠤᠳᠠᠯ ᠢᠶᠠᠨ | ᠰᠶᠢᠳᠪᠤᠷᠢᠯᠡᠵᠦ ᠣᠪᠣᠷ ᠢᠶᠠᠨ ᠳᠦᠪ ᠪᠣᠯᠭᠠᠨ ᠠᠷᠭ᠎ᠠ ᠪᠠᠷᠢᠯ ᠢᠶᠠᠨ ᠴᠢᠩᠭᠠᠳᠬᠠᠵᠦ ᠨᠢᠭᠳᠠ ᠬᠠᠪᠰᠣᠷᠣᠯᠴᠠᠨ ᠳᠠᠬᠢᠨ | ᠭᠢᠨᠠᠬᠤ ᠠᠵᠢᠯ ᠢ ᠪᠠᠳᠣᠳᠠᠢ ᠠᠬᠢᠭᠤᠯᠵᠣ ᠠᠵᠢᠯ ᠤᠨ ᠡᠬᠦᠷᠭᠡ ᠪᠠᠨ ᠴᠢᠨᠠᠷ ᠰᠠᠶᠢᠳᠠᠢ ᠪᠠᠷ ᠪᠡᠶᠡᠯᠡᠬᠦᠯᠬᠦ ᠬᠡᠷᠡᠭᠲᠡᠢ᠃ | ᠬᠠᠷᠠᠯᠳᠠ ᠪᠠᠨ ᠳᠣᠳᠣᠷᠬᠠᠶᠢᠯᠠᠵᠣ ᠬᠢᠨᠠᠨ ᠪᠠᠶᠢᠴᠠᠭᠠᠵᠣ ᠮᠡᠳᠡᠬᠦᠯᠦᠯᠲᠡ ᠬᠢᠬᠦ ᠳᠦᠷᠢᠮ ᠢ ᠨᠠᠶᠢᠳᠠᠪᠣᠷᠢᠵᠢᠭᠤᠯᠤᠨ ᠠᠵᠢᠯ | ᠤᠨ ᠠᠬᠢᠯᠳᠠ᠂ ᠣᠷᠣᠰᠢᠵᠣ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠠᠭ ᠳᠣᠬᠠᠢ ᠳᠤᠨᠢ ᠳᠣᠰᠬᠠᠵᠣ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠠᠯ᠎ᠠ ᠪᠦᠷᠢ ᠠᠴᠠ ᠨᠢ ᠪᠣᠳᠣᠯᠬᠢᠯᠠᠨ ᠰᠢᠨᠵᠢᠯᠡᠬᠦ ᠣᠬᠠᠭᠠᠨᠴᠢ | ᠰᠶᠢᠳᠪᠤᠷᠢ ᠭᠠᠷᠭᠠᠬᠤ ᠳᠤ ᠳᠦᠬᠦᠮ ᠪᠣᠯᠭᠠᠬᠤ ᠬᠡᠷᠡᠭᠲᠡᠢ᠃ ᠡᠯ᠎ᠡ ᠰᠣᠮᠣ ᠪᠠᠯᠭᠠᠰᠣ ᠶᠡᠭᠡ ᠳᠠᠯ᠎ᠠ ᠠᠴᠠ ᠪᠣᠳᠣᠯᠬᠢᠯᠠᠵᠣ | ᠳᠦᠷᠦᠬᠦᠯᠡᠨ ᠬᠠᠷᠢᠭᠤᠴᠠᠬᠤ ᠰᠠᠯᠠᠭ᠎ᠠ ᠮᠦᠴᠢᠷ ᠲᠠᠢ ᠬᠦᠳᠡᠯᠦᠩᠬᠦᠢ ᠪᠠᠷ ᠬᠠᠮᠵᠢᠯᠴᠠᠨ ᠭᠤᠣᠯ ᠬᠠᠷᠢᠭᠤᠴᠠᠯᠭᠠᠳᠠᠳ | ᠪᠡᠶ᠎ᠡ ᠪᠠᠷ ᠢᠶᠠᠨ ᠬᠠᠷᠢᠭᠤᠴᠠᠨ ᠨᠠᠶᠢᠳᠠᠪᠣᠷᠢᠵᠢᠭᠤᠯᠣᠨ ᠲᠤᠭᠤᠰᠢᠯᠠᠭᠤᠯᠵᠦ ᠳᠣᠰ ᠠᠵᠢᠯ ᠢ ᠰᠠᠶᠢᠳᠣᠷ ᠬᠢᠬᠦ ᠬᠡᠷᠡᠭᠲᠡᠢ᠃ | ᠨᠠᠵᠠᠭᠠᠢ ᠪᠠᠷ ᠬᠠᠨᠳᠣᠭᠰᠠᠳ ᠠᠴᠠ ᠲᠦᠪ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠠᠭᠦ ᠭᠡᠷᠡᠭᠳᠠᠢ᠃ ᠡᠯ᠎ᠡ ᠭᠠᠵᠠᠷ | ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠦᠨᠳᠦ ᠶᠡᠭᠡ ᠳᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠣᠭᠤᠮᠳᠠ | ᠰᠢᠪᠳᠣᠯᠬᠤ ᠳᠠᠶᠢᠯᠠᠯᠳᠣᠭᠠᠨ ᠤ ᠢᠯᠠᠯᠲᠠ ᠶᠢ ᠣᠯᠵᠣ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ | ᠪᠡᠶᠡᠯᠡᠬᠦᠯᠬᠦ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠪᠡ᠃ | ᠬᠤᠷᠠᠯ ᠳᠡᠭᠡᠷ᠎ᠡ᠂ ᠬᠢᠨᠠᠨ ᠪᠣᠳᠣᠬᠤ ᠳᠣᠪᠴᠢᠶ᠎ᠠ ᠠᠴᠠ ︽︿ᠠᠷᠪᠠᠨ ᠲᠥᠷᠥᠯ ᠤᠨ ᠭᠤᠣᠯᠳᠠᠯᠭ᠎ᠠ ᠲᠠᠢ | ᠢᠨᠵᠧᠨᠧᠷᠢᠩ﹀ ᠵᠢᠴᠢ ᠭᠥᠮᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠠᠨ ᠵᠠᠰᠠᠬᠤ | ᠢᠨᠵᠧᠨᠧᠷᠢᠩ ᠢ ᠲᠤᠭᠠᠴᠠᠭ᠎ᠠ ᠭᠢᠵᠤ ᠬᠢᠨᠠᠨ ᠳᠣᠭᠳᠠᠭᠠᠬᠤ ᠠᠵᠢᠯ ᠤᠨ ᠲᠦᠰᠦᠯ︾ ᠢ ᠳᠠᠨᠢᠯᠴᠠᠭᠤᠯᠬᠤ ᠶᠢᠨ ᠬᠠᠮᠲᠣ | ᠳᠣᠰᠬᠠᠢ ᠰᠡᠳᠣᠪᠲᠣ ᠵᠢᠯᠣᠭᠤᠳᠣᠯᠭ᠎ᠠ ᠪᠠ ᠪᠣᠯᠪᠠᠰᠣᠷᠠᠯ ᠬᠢᠪᠡ᠃ | |