ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠦ ᠹᠧᠢ ᠯᠤ᠋ ᠲᠠᠩᠱᠠᠨ ᠳ᠋ᠢ ᠮᠤ᠋ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ  ᠤᠨ ᠳᠠᠷᠤᠭ᠎ᠠ ᠵᠠᠩ ᠵᠢᠩ ᠨᠠᠷ ᠲᠠᠢ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2018-11-13
      11 ᠰᠠᠷ᠎ᠠ ᠶᠢᠨ 7 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠦ ᠹᠧᠢ ᠯᠤ᠋ ᠵᠠᠰᠠᠭ ᠵᠠᠬᠢᠷᠭᠠᠨ ᠤ ᠤᠶᠢᠯᠡᠴᠢᠯᠡᠭᠡᠨ ᠤ ᠲᠦᠪ ᠲᠤ ᠲᠠᠩᠱᠠᠨ ᠳ᠋ᠢ ᠮᠤ᠋ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠢᠩ ᠨᠠᠷ ᠲᠠᠢ ᠠᠭᠤᠯᠵᠠᠯᠲᠠ ᠬᠢᠵᠤ ᠲᠦᠷᠦᠯ ᠵᠦᠢᠯ ᠤᠨ ᠪᠡᠯᠡ ᠤᠷᠤᠭᠤᠯᠤᠯᠲᠠ ᠪᠦᠲᠤᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠰᠠᠭᠤᠨ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠵᠠᠩ ᡁᠢ ᠰᠢᠦ᠋ᠩ᠂ ᠨᠠᠷᠢᠠᠭᠤᠤᠯ ᠠᠵᠦ ᠤᠶᠢᠯᠡᠳᠪᠤᠷᠢ ᠶᠢᠨ ᠲᠤᠭᠤᠷᠢᠭ ᠤᠨ ᠨᠠᠮ ᠤᠨ ᠡᠬᠦᠷ ᠤᠨ ᠱᠦᠵᠢ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ ᠬᠤᠷᠠᠯ ᠳᠤ ᠰᠠᠭᠠᠲᠠᠵᠤ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠤᠯᠲᠠ ᠦᠭᠡᠷᠡᠴᠢᠯᠡᠯᠲᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃      ᠲᠠᠩᠱᠠᠨ ᠳ᠋ᠢ ᠮᠤ᠋ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠠᠴᠠ ᠺᠤᠮᠫᠠᠨᠢ ᠶᠢᠨ ᠡᠵᠡᠩᠨᠡᠯᠲᠡ ᠶᠢᠨ ᠲᠦᠷᠦᠯ ᠵᠦᠢᠯ᠂ ᠪᠡᠯᠡ ᠤᠷᠤᠭᠤᠯᠤᠯᠲᠠ ᠶᠢᠨ ᠬᠡᠪᠴᠢᠶ᠎ᠡ᠂ ᠪᠦᠲᠤᠭᠡᠨ ᠪᠠᠶᠢᠭᠤᠯᠤᠯᠲᠠ ᠶᠢᠨ ᠲᠦᠯᠤᠪᠵᠢᠭᠦᠯᠭᠡ ᠵᠡᠷᠭᠡ ᠦᠨᠳᠤᠰᠤᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠤᠭᠰᠠᠨ ᠤ ᠬᠠᠮᠲᠤ ᠦᠤᠰᠢᠨ ᠬᠤᠰᠢᠭᠤ ᠰᠢᠯᠢᠳᠡᠭ ᠰᠠᠶᠢᠨ ᠬᠦᠭᠵᠢᠯᠲᠠ ᠶᠢᠨ ᠤᠷᠴᠢᠨ ᠲᠤᠭᠤᠷᠢᠨ᠂ ᠲᠠᠪᠠᠭᠤᠯᠢᠭ ᠭᠠᠵᠠᠷ ᠵᠦᠢ  ᠶᠢᠨ ᠤᠷᠤᠨ ᠪᠠᠶᠢᠷᠢ ᠲᠠᠢ ᠮᠦᠷᠲᠡᠭᠡᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠠᠢ ᠪᠤᠯᠬᠤᠷ ᠪᠡᠯᠡ ᠤᠷᠤᠭᠤᠯᠵᠤ ᠦᠢᠯᠡᠰ ᠢᠶᠠᠨ ᠮᠠᠨᠳᠤᠭᠤᠯᠬᠤ ᠬᠠᠮᠤᠭ ᠠᠴᠠ ᠲᠤᠬᠢᠷᠠᠮᠵᠢᠲᠠᠢ ᠭᠠᠵᠠᠷ ᠪᠤᠯᠬᠤ ᠶᠤᠮ ᠭᠡᠵᠤ ᠢᠯᠡᠷᠭᠡᠶᠢᠯᠡᠪᠡ᠃
     ᠵᠤᠦ ᠹᠧᠢ ᠯᠤ᠋᠂ ᠲᠠᠩᠱᠠᠨ ᠳ᠋ᠢ ᠮᠤ᠋ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠲᠤᠵᠦ ᠪᠠᠶᠢᠬᠤ ᠪᠠᠨ ᠢᠯᠡᠷᠬᠡᠶᠢᠯᠡᠪᠡ᠃ ᠵᠤᠤ ᠹᠸᠢ ᠯᠤ᠋ ᠵᠢᠭᠠᠬᠤ ᠳᠤ ᠪᠠᠨ᠂ ᠲᠠᠩᠱᠠᠨ ᠳ᠋ᠢ ᠮᠤ᠋ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠨᠢ ᠪᠤᠳᠠᠳᠦ ᠬᠦᠴᠦᠨ ᠢᠶᠠᠷ ᠴᠢᠩᠭ᠎ᠠ ᠮᠦᠷᠲᠡᠭᠡᠨ ᠲᠡᠷᠢᠭᠦᠨ ᠤ ᠬᠠᠮᠢᠶᠠᠷᠤᠯᠲᠠ ᠲᠠᠢ᠂ ᠵᠢᠯ ᠤᠨ ᠭᠠᠷᠭᠠᠯᠲᠠ ᠨᠢ 15 ᠲᠦᠮᠡᠨ ᠲᠤᠨ ᠪᠦᠳᠦᠭᠦᠯᠢᠭ ᠪᠧᠨ᠋ᠽᠧᠨ ᠤ ᠤᠰᠤᠳᠦ᠋ᠷᠦᠭᠴᠢ ᠨᠡᠮᠡᠷᠢᠯᠡᠬᠦ ᠲᠦᠷᠦᠯ ᠵᠦᠢᠯ ᠢ ᠪᠠᠶᠢᠭᠤᠯᠬᠤ ᠪᠠᠷ ᠲᠦᠯᠦᠪᠯᠡᠵᠤ ᠪᠠᠶᠢᠬᠤ ᠨᠢ ᠮᠠᠨ ᠤ ᠬᠤᠰᠢᠭᠤᠨ ᠤ ᠨᠡᠭᠦᠷᠡᠰᠤ ᠬᠢᠮᠢ ᠶᠢᠨ ᠠᠵᠦ ᠤᠶᠢᠯᠡᠳᠪᠤᠷᠢ ᠶᠢᠨ ᠬᠦᠭᠵᠢᠯᠲᠡ ᠶᠢᠨ ᠬᠠᠨᠳᠤᠰᠢ ᠲᠠᠢ ᠳᠡᠭᠡᠲᠦ ᠬᠡᠮᠵᠢᠶ᠎ᠡ  ᠪᠠᠷ ᠵᠤᠬᠢᠴᠠᠯᠳᠤᠵᠤ ᠰᠢᠯᠢᠳᠡᠭ ᠰᠠᠶᠢᠨ ᠬᠦᠭᠵᠢᠯᠲᠡ ᠶᠢᠨ ᠢᠷᠡᠭᠡᠲᠤᠢ ᠲᠠᠢ ᠪᠠᠶᠢᠵᠤ ᠬᠤᠶᠢᠰᠢᠲᠠ ᠶᠢᠨ ᠠᠵᠤ ᠦᠢᠯᠡᠰ  ᠤᠨ ᠬᠡᠯᠬᠢᠶᠡᠵᠢᠯ ᠢ ᠤᠷᠲᠤᠳᠬᠠᠬᠤ ᠳᠤ ᠢᠳᠡᠪᠬᠢᠲᠠᠢ ᠤᠶᠢᠯᠡᠳᠤᠯ ᠦᠵᠡᠬᠦᠯᠬᠦ ᠶᠤᠮ ᠬᠡᠵᠡᠢ᠃      ᠵᠤᠦ ᠹᠧᠢ ᠯᠤ᠋ ᠴᠢᠬᠤᠯᠠᠴᠢᠯᠠᠬᠤ ᠳᠤ ᠪᠠᠨ᠂ ᠲᠦᠯᠦᠪᠵᠢᠭᠦᠯᠭᠡ ᠶᠢ ᠦᠨᠳᠤᠷ ᠪᠠᠷᠢᠮᠵᠢᠶ᠎ᠠ ᠲᠠᠢ ᠪᠠᠷ ᠨᠠᠶᠢᠷᠠᠭᠤᠯᠤᠨ ᠵᠤᠬᠢᠶᠠᠵᠤ᠂ ᠤᠷᠴᠢᠨ ᠲᠤᠭᠤᠷᠢᠨ ᠤ ᠬᠠᠮᠠᠭᠠᠯᠠᠯᠲᠠ ᠪᠠ ᠠᠶᠤᠯᠭᠦᠢ ᠤᠶᠢᠯᠡᠳᠪᠤᠷᠢᠯᠡᠯ ᠤᠨ ᠱᠠᠭᠠᠷᠳᠠᠯᠭ᠎ᠠ ᠲᠠᠢ ᠨᠡᠶᠢᠴᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠺᠤᠮᠫᠠᠨᠢ ᠶᠢ ᠬᠠᠪᠰᠤᠷᠤᠨ ᠬᠠᠮᠢᠶ᠎ᠠ ᠪᠦᠬᠦᠢ ᠭᠠᠷ ᠬᠦᠢᠴᠡᠳᠬᠡᠯ ᠢ ᠢᠳᠡᠪᠬᠢᠲᠠᠢ ᠪᠠᠷ ᠬᠦᠢᠴᠡᠳᠬᠡᠨ ᠦᠭᠴᠦ᠂ ᠡᠷᠲᠡᠭᠡᠨ ᠪᠠᠷᠢᠯᠭ᠎ᠠ  ᠪᠠᠨ ᠡᠬᠢᠯᠡᠬᠦᠯᠬᠦ ᠪᠠᠷ ᠴᠢᠷᠮᠠᠶᠢᠬᠤ ᠬᠡᠷᠡᠭᠲᠠᠢ᠃ ᠬᠦᠷᠢᠶᠡᠯᠡᠩ ᠲᠤᠭᠤᠷᠢᠭ ᠪᠠ ᠴᠠᠬᠢᠯᠭᠠᠨ ᠬᠦᠴᠤ ᠵᠡᠷᠭᠡ ᠰᠠᠯᠠᠭ᠎ᠠ ᠮᠦᠴᠢᠷ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠴᠠᠬᠢᠯᠭᠠᠨ ᠤ ᠬᠠᠩᠭᠠᠯᠲᠠ ᠶᠢᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠲᠦᠷᠦᠯ ᠵᠦᠢᠯ ᠤᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ ᠬᠡᠪᠡ᠃      ᠲᠠᠩᠱᠠᠨ ᠳ᠋ᠢ ᠮᠤ᠋ ᠶᠢᠨ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠦᠷᠢᠶᠡᠯᠡᠩ ᠲᠤᠭᠤᠷᠢᠭ᠂ ᠰᠠᠯᠠᠭ᠎ᠠ ᠮᠦᠴᠢᠷ ᠶᠢᠨ ᠳᠡᠮᠵᠢᠯᠭᠡ ᠳᠤ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠢᠳᠡᠪᠬᠢᠲᠠᠢ ᠪᠠᠷ ᠪᠦᠲᠤᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠦᠤᠰᠢᠨ ᠬᠤᠰᠢᠭᠤᠨ ᠤ ᠠᠵᠦ ᠠᠬᠤᠢ ᠶᠢᠨ ᠬᠦᠭᠵᠢᠯᠲᠠ ᠳᠤ ᠬᠤᠪᠢ ᠨᠡᠮᠡᠷᠢ ᠪᠠᠨ ᠦᠵᠡᠬᠦᠯᠬᠦ ᠶᠤᠮ ᠭᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号