ᠮᠠᠨ ᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ︾ ᠶᠢ ᠪᠠᠶᠢᠡᠭᠭᠤᠵᠢᠭᠤᠯᠬᠤ ᠤᠬᠠᠭᠤᠯᠭ᠎ᠠ ᠶᠢᠨ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2018-11-13
     ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠦᠷᠦᠯ ᠤᠨ ᠲᠡᠮᠡᠴᠡᠯ ᠢ ᠦᠷᠨᠢᠭᠦᠯᠥᠭᠰᠡᠨ ᠠᠴᠠ ᠨᠠᠰᠢ᠂ ᠮᠠᠨ ᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠨᠢ ᠢᠳᠡᠪᠬᠢᠲᠠᠢ ᠠᠵᠢᠯᠯᠠᠭ᠎ᠠ ᠦᠷᠨᠢᠬᠦᠯᠵᠦ᠂ ᠬᠠᠷᠢᠶ᠎ᠠ ᠤᠷᠤᠨ ᠤ ᠪᠠᠨ ᠡᠯ᠎ᠡ ᠲᠤᠰᠬᠤᠨ᠂ ᠠᠵᠤ ᠠᠬᠤᠢᠢᠯᠠᠯ ᠪᠠᠶᠢᠭᠤᠯᠭ᠎ᠠ ᠨᠢᠬᠡᠴᠢ ᠳᠤ ᠬᠦᠨᠵᠡᠬᠡᠶᠢᠷᠡᠵᠦ ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠢ ᠠᠷᠢᠯᠭᠠᠬᠤ︾ ᠲᠤᠰᠬᠠᠢ ᠲᠦᠷᠦᠯ ᠤᠨ ᠲᠡᠮᠡᠴᠡᠯ ᠤᠨ ᠲᠦᠷᠦ ᠶᠢᠨ ᠪᠤᠳᠤᠯᠭ᠎ᠠ ᠵᠢᠴᠢ ᠠᠭᠤᠯᠭ᠎ᠠ ᠶᠢ ᠦᠷᠬᠡᠨ ᠢᠶᠠᠷ ᠤᠬᠠᠭᠤᠯᠵᠤ᠂ ᠬᠠᠷᠢᠶ᠎ᠠ ᠤᠷᠤᠨ ᠤ ᠤᠯᠠᠨ ᠲᠥᠮᠡᠨ ᠤ ᠮᠡᠳᠡᠴᠡ ᠶᠢᠨ ᠨᠤᠷᠮ᠎ᠠ ᠶᠢ ᠲᠡᠭᠡᠭᠰᠢᠯᠡᠬᠦᠯᠵᠦ᠂ ᠤᠯᠠᠨ ᠲᠥᠮᠡᠨ ᠤ ᠢᠳᠡᠪᠬᠢᠲᠡᠢ ᠪᠠᠷ ᠡᠯ᠎ᠡ ᠲᠦᠷᠦᠯ ᠤᠨ ᠬᠠᠷ᠎ᠠ ᠪᠦᠯᠦᠭᠲᠡᠨ ᠶᠠᠯᠠᠲᠤ ᠬᠡᠷᠡᠭ ᠲᠤ ᠬᠤᠯᠪᠤᠭᠳᠠᠭᠰᠠᠨ ᠰᠦᠪᠡᠭᠴᠢ ᠬᠠᠨᠭ᠍ᠭᠠᠬᠤ ᠶᠢ ᠬᠦᠢᠴᠡᠳ ᠲᠠᠶᠢᠴᠢᠯᠠᠵᠤ᠂ ᠪᠦᠬᠦ ᠠᠷᠠᠳ ᠢᠶᠠᠷ ᠢᠶᠠᠨ ᠤᠷᠤᠯᠴᠠᠭᠰᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠬᠡᠪ ᠤᠨ ᠪᠠᠶᠢᠳᠠᠯ ᠢ ᠪᠠᠷᠢᠮᠳᠠᠯᠠᠬᠤ ᠶᠢᠨ ᠲᠦᠯᠦᠬᠡ᠂ ᠤᠢᠢᠷ᠎ᠠ ᠶᠢᠨ ᠡᠳᠦᠷ ᠬᠠᠷᠢᠶ᠎ᠠ ᠤᠷᠤᠨ ᠤ ᠡᠯ᠎ᠡ ᠲᠤᠮᠢᠯᠠᠭᠰᠠᠨ ᠰᠠᠯᠪᠤᠷᠢ ᠨᠢ ᠠᠷᠠᠳ ᠤᠨ ᠴᠠᠭᠳᠠᠭ᠎ᠠ ᠶᠢ ᠵᠤᠬᠢᠶᠠᠨ ᠪᠠᠶᠢᠭᠤᠯᠤᠨ ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠮᠠᠲ᠋ᠧᠷᠢᠶᠠᠯ ᠪᠤᠯᠤᠨ ᠮᠡᠳᠡᠭᠳᠡᠯ ᠢ ᠠᠪᠴᠤ ᠬᠠᠷᠢᠶ᠎ᠠ ᠤᠷᠤᠨ ᠤ ᠤᠯᠠᠨ ᠲᠥᠮᠡᠨ ᠳᠤ ᠬᠠᠮᠢᠶ᠎ᠠ ᠪᠦᠬᠦᠢ ᠠᠭᠤᠯᠭ᠎ᠠ ᠪᠤᠯᠤᠨ ᠲᠤᠲᠤᠭᠠᠲᠤ ᠶᠢ ᠬᠠᠮᠠᠭᠠᠯᠠᠬᠤ ᠪᠠᠶᠢᠭᠤᠯᠤᠮᠵᠢ ᠶᠢᠨ ᠢᠳᠡᠬᠡᠯ ᠵᠤᠷᠢᠭ ᠢ ᠤᠬᠠᠭᠤᠯᠤᠭᠰᠠᠨ ᠪᠠᠶᠢᠨ᠎ᠠ᠃ ᠡᠬᠦᠨ ᠤ ᠵᠡᠷᠬᠡᠪᠡᠷ ᠵᠢᠷᠭᠢᠶ᠎ᠠ ᠤᠯᠠᠨ ᠨᠠᠶᠢᠲᠡ ᠶᠢᠨ ᠲᠠᠪᠴᠠᠩ ᠲᠡᠭᠡᠷ᠎ᠡ ᠵᠠᠷᠯᠠᠯ ᠨᠠᠶᠢᠳᠡᠯᠡᠵᠦ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠤᠨ ᠬᠠᠮᠢᠶ᠎ᠠ ᠪᠦᠬᠦᠢ ᠮᠡᠳᠡᠯᠬᠡ ᠶᠢ ᠡᠷᠴᠢᠮᠳᠡᠢ ᠤᠬᠠᠭᠤᠯᠵᠤ ᠂ ᠨᠡᠶᠢᠬᠡᠮ ᠤᠨ ᠡᠯ᠎ᠠ ᠡᠳᠡᠬᠡᠳ ᠪᠠ ᠤᠯᠠᠨ ᠲᠥᠮᠠᠨ ᠢ ︽ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠦᠷᠦᠯ ᠤᠨ ᠲᠡᠮᠡᠴᠡᠯ ᠳᠤ ᠢᠳᠡᠪᠬᠢᠲᠠᠢ ᠤᠷᠤᠯᠴᠠᠬᠤ ᠶᠢ ᠬᠦᠢᠴᠡᠳ ᠲᠠᠶᠢᠴᠢᠯᠠᠨ᠂ ᠬᠠᠤᠯᠢ ᠵᠦᠷᠢᠴᠡᠵᠦ ᠶᠠᠯ᠎ᠠ ᠬᠢᠭᠰᠡᠨ ᠰᠦᠪᠡᠭᠴᠢ ᠶᠢ ᠢᠯᠡᠴᠢᠯᠡᠨ ᠮᠡᠳᠡᠬᠦᠯᠵᠦ᠂ ᠶᠠᠯ᠎ᠠ ᠬᠢᠭᠰᠡᠨ ᠰᠡᠵᠢᠭᠳᠡᠨ ᠢ ᠲᠤᠲᠤᠭᠠᠲᠤ ᠶᠢ ᠬᠠᠮᠠᠭᠠᠯᠠᠬᠤ ᠪᠠᠶᠢᠭᠤᠯᠤᠮᠵᠢ ᠳᠤ ᠤᠴᠢᠨ ᠪᠡᠶ᠎ᠠ ᠪᠠᠨ ᠲᠤᠰᠢᠶᠠᠵᠤ ᠶᠠᠯ᠎ᠠ ᠪᠠᠨ ᠬᠦᠯᠢᠶᠡᠬᠦ ᠶᠢ ᠢᠳᠬᠠᠭᠰᠠᠨ ᠪᠠᠶᠢᠨ᠎ᠠ᠃      ᠤᠬᠠᠭᠤᠯᠭ᠎ᠠ ᠪᠠᠷ ᠲᠠᠮᠵᠢᠨ ᠬᠠᠷᠢᠶ᠎ᠠ ᠤᠷᠤᠨ ᠤ ᠰᠠᠭᠤᠭᠠᠯᠢ ᠠᠷᠠᠳ ᠤᠯᠠᠨ ᠲᠥᠮᠡᠨ ᠤ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠳᠤ ᠤᠷᠤᠯᠴᠠᠬᠤ ᠢᠳᠡᠪᠬᠢᠲᠤ ᠴᠢᠨᠠᠷ ᠢ ᠶᠡᠭᠡ ᠪᠠᠷ ᠲᠠᠶᠢᠴᠢᠯᠠᠵᠤ᠂ ᠬᠠᠷᠢᠶ᠎ᠠ ᠤᠷᠤᠨ ᠤ ᠰᠠᠭᠤᠭᠠᠯᠢ ᠠᠷᠠᠳ ᠤᠯᠠᠨ ᠲᠥᠮᠡᠨ ᠨᠢ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠦᠨ ᠢ ᠠᠷᠢᠯᠭᠠᠬᠤ᠂ ᠶᠠᠯ᠎ᠠ ᠬᠢᠬᠦ ᠲᠤᠬᠠᠢ ᠨᠡᠩ ᠪᠦᠬᠦ ᠲᠠᠯ᠎ᠠ ᠶᠢᠨ ᠤᠢᠢᠯᠠᠭᠠᠯᠲᠠ ᠲᠠᠢ ᠪᠤᠯᠵᠤ᠂ ᠬᠠᠷᠢᠶ᠎ᠠ ᠤᠷᠤᠨ ᠤ ᠤᠯᠠᠨ ᠲᠥᠮᠡᠨ ᠤ ᠬᠠᠤᠯᠢ ᠴᠠᠭᠠᠵᠠ ᠶᠢᠨ ᠤᠬᠠᠮᠰᠠᠷ ᠪᠤᠯᠤᠨ ᠰᠡᠷᠬᠡᠶᠢᠯᠡᠬᠦ ᠴᠢᠳᠠᠪᠤᠷᠢ ᠤᠯᠠᠮ ᠨᠢᠬᠡ ᠠᠯᠬᠤᠮ ᠲᠡᠭᠡᠭᠰᠢᠯᠡᠭᠰᠡᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号