ᠮᠠᠨ ᠤ ᠬᠤᠰᠢᠭᠤᠨ ᠤ ᠢᠳᠡᠭᠡᠨ ᠡᠮ ᠤᠨ ᠵᠦᠢᠯᠡᠰ ᠤᠨ ᠭᠢᠨᠠᠨ ᠬᠠᠮᠢᠶᠠᠷᠤᠯᠳᠠ ᠶᠢᠨ ᠲᠤᠪᠴᠢᠶ᠎ᠠ ᠮᠢᠬᠠᠨ ᠤ ᠲᠦᠷᠦᠯ ᠳᠤ ᠲᠤᠰᠬᠠᠢ ᠪᠠᠶᠢᠴᠠᠭᠠᠯᠳᠠ ᠭᠢᠵᠠᠢ
ᠨᠡᠶᠢᠲᠡᠯᠡᠭᠰᠡᠨ ᠴᠠᠭ᠄
2018-11-13
      ᠮᠠᠨ ᠤ ᠬᠤᠰᠢᠭᠤᠨ ᠤ ᠢᠳᠡᠭᠡᠨ ᠡᠮ ᠤᠨ ᠵᠦᠢᠯᠡᠰ ᠤᠨ ᠭᠢᠨᠠᠨ ᠬᠠᠮᠢᠶᠠᠷᠤᠯᠳᠠ ᠶᠢᠨ ᠲᠤᠪᠴᠢᠶ᠎ᠠ ᠮᠢᠬᠠᠨ ᠤ ᠲᠦᠷᠦᠯ ᠤᠨ ᠡᠵᠡᠩᠨᠡᠯᠳᠠ ᠶᠢᠨ ᠵᠠᠬ᠎ᠠ ᠲᠡᠯᠭᠡᠭᠦᠷ ᠲᠠᠬᠢ ᠲᠦᠭᠦᠭᠡᠢ ᠭᠠᠭ᠋ᠠᠢ ᠶᠢᠨ ᠮᠢᠬᠠᠨ ᠤ ᠢᠷᠡᠯᠳᠠ ᠶᠢ ᠴᠢᠩᠭ᠎ᠠ ᠪᠠᠶᠢᠴᠠᠭᠠᠵᠤ ᠪᠠᠶᠢᠨ᠎ᠠ᠃      ᠤᠢᠢᠷ᠎ᠠ ᠶᠢᠨ ᠡᠳᠦᠷ᠂ ᠭᠦᠭᠡᠬᠤᠳᠠ᠂ ᠰᠢᠯᠢ ᠶᠢᠨ ᠭᠤᠤᠯ᠂ ᠲᠦᠡᠭᠯᠢᠶᠤᠤ ᠬᠤᠳᠠ ᠳᠤ ᠠᠹᠷᠢᠺᠠ ᠲᠢᠪ ᠤᠨ ᠭᠠᠭ᠋ᠠᠢ ᠶᠢᠨ ᠭᠢᠵᠢᠭ ᠵᠠᠯᠭᠠᠭ᠎ᠠ ᠪᠠᠷ ᠲᠡᠯᠭᠡᠷᠠᠵᠤ᠂ ᠭᠤᠤᠯᠳᠠᠭᠤ ︽ᠠᠮᠢᠳᠠᠨ ᠤ ᠭᠢᠵᠢᠭ ᠪᠠᠶᠢᠴᠠᠭᠠᠬᠰᠠᠨ ᠭᠢᠷᠢ ᠲᠡᠩᠴᠡᠭᠰᠡᠨ ᠭᠡᠷᠡᠴᠢ ᠪᠠᠷᠢᠮᠳᠠ︾ ᠦᠭᠡᠢ ᠭᠠᠭ᠋ᠠᠢ ᠶᠢᠨ ᠮᠢᠬ᠎ᠠ ᠬᠤᠳᠠᠯᠳᠤᠨ ᠠᠪᠤᠬᠰᠠᠨ ᠠᠴᠠ ᠪᠤᠯᠤᠬᠰᠠᠨ ᠪᠠᠶᠢᠨ᠎ᠠ᠃ ᠮᠢᠬᠠᠨ ᠤ ᠲᠦᠷᠦᠯ ᠤᠨ ᠵᠠᠬ᠎ᠠ ᠲᠡᠯᠭᠡᠭᠦᠷ ᠲᠠᠬᠢ ᠮᠢᠬᠠᠨ ᠤ ᠴᠢᠨᠠᠷ ᠢ ᠪᠠᠳᠤᠯᠠᠬᠤ ᠶᠢᠨ ᠲᠦᠯᠦᠭᠡ ᠮᠠᠨ ᠤ ᠬᠤᠰᠢᠭᠤᠨ ᠤ ᠢᠳᠡᠭᠡᠨ ᠡᠮ ᠤᠨ ᠵᠦᠢᠯᠡᠰ ᠤᠨ ᠭᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠬᠠᠤᠯᠢ ᠭᠡᠷᠡᠭᠵᠢᠭᠦᠯᠭᠦ ᠠᠵᠢᠯᠳᠠᠳ ᠠᠮᠠᠷᠠᠯᠳᠠ ᠶᠢᠨ ᠡᠳᠦᠷ ᠴᠦ ᠶᠠᠭᠠᠷᠠᠯᠳᠠᠢ ᠠᠵᠢᠯᠯᠠᠵᠤ᠂ ᠭᠠᠭ᠋ᠠᠢ ᠶᠢᠨ ᠮᠢᠬ᠎ᠠ ᠲᠡᠭᠡᠭᠡᠪᠤᠷᠢᠯᠡᠵᠤ ᠪᠠᠶᠢᠭ᠎ᠠ ᠲᠡᠷᠭᠡ ᠮᠠᠰᠢᠨ ᠳᠤ ᠪᠠᠶᠢᠴᠠᠭᠠᠯᠳᠠ ᠭᠢᠵᠤ᠂ ᠮᠢᠬ᠎ᠠ ᠬᠤᠳᠠᠯᠳᠤᠵᠤ ᠪᠠᠶᠢᠭ᠎ᠠ ᠡᠷᠦᠭᠡ ︽ᠠᠮᠢᠳᠠᠨ ᠤ ᠭᠢᠵᠢᠭ ᠪᠠᠶᠢᠴᠠᠭᠠᠬᠰᠠᠨ ᠭᠢᠷᠢ ᠲᠡᠩᠴᠡᠭᠰᠡᠨ ᠭᠡᠷᠡᠴᠢ ᠪᠠᠷᠢᠮᠳᠠ︾᠂ ︽ᠮᠢᠬᠠᠨ ᠤ ᠴᠢᠨᠠᠷ ᠤᠨ ᠭᠢᠷᠢ ᠲᠡᠩᠴᠡᠭᠰᠡᠨ ᠭᠡᠷᠡᠴᠢ ᠪᠠᠷᠢᠮᠳᠠ︾ ᠵᠢᠴᠢ ︽ᠭᠢᠵᠢᠭ ᠪᠠᠶᠢᠴᠠᠭᠠᠬᠰᠠᠨ ᠭᠢᠷᠢ ᠲᠡᠩᠴᠡᠭᠰᠡᠨ ᠲᠠᠮᠠᠭ᠎ᠠ︾᠂ ︽ᠴᠢᠨᠠᠷ ᠤᠨ ᠭᠢᠷᠢ ᠲᠡᠩᠴᠡᠭᠰᠡᠨ ᠲᠠᠮᠠᠭ᠎ᠠ︾ ᠪᠠᠶᠢᠬᠤ ᠡᠰᠡᠭᠦ ᠶᠢ ᠨᠠᠷᠢᠨ ᠪᠠᠶᠢᠴᠠᠭᠠᠪᠠ᠃ ᠪᠠᠶᠢᠴᠠᠭᠠᠯᠳᠠ ᠶᠢ ᠦᠨᠳᠦᠰᠦᠯᠠᠪᠠᠯ ᠮᠠᠨ ᠤ ᠬᠤᠰᠢᠭᠤᠨ ᠳᠤ ᠭᠤᠤᠯᠳᠠᠭᠤ ᠾᠧᠪᠸᠢ ᠮᠤᠵᠢ᠂ ᠱᠠᠨᠰᠢ ᠮᠤᠵᠢ ᠠᠴᠠ ᠭᠠᠭ᠋ᠠᠢ ᠶᠢᠨ ᠮᠢᠬ᠎ᠠ ᠤᠷᠤᠭᠤᠯᠵᠤ᠂ ᠲᠡᠭᠡᠭᠡᠪᠤᠷᠢᠯᠡᠭᠦ ᠶᠠᠪᠤᠴᠠ ᠨᠢ ᠱᠠᠭᠠᠷᠳᠠᠯᠭ᠎ᠠ ᠳᠤ ᠨᠠᠶᠢᠴᠠᠵᠤ᠂ ︽ᠬᠤᠶᠠᠷ ᠭᠡᠷᠡᠴᠢ︾᠂ ︽ᠬᠤᠶᠠᠷ ᠲᠠᠮᠠᠭ᠎ᠠ︾ ᠶᠢ ᠴᠦᠮ ᠪᠦᠷᠢᠳᠦᠭᠦᠯᠦᠭᠰᠡᠨ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号