ᠡᠨ᠋ᠨ ᠵᠢᠯ ᠠᠴᠠ ᠨᠠᠰᠢ᠂ ᠬᠤᠳᠠ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠨᠢ ᠡᠯ᠎ᠡ ᠭᠠᠴᠠᠭ᠎ᠠ ᠳᠣᠰᠬᠤᠨ | ᠳᠤ ᠶᠠᠳᠠᠭᠤ ᠶᠢ ᠳᠡᠳᠭᠦᠬᠦ ᠠᠵᠢᠯ ᠤᠨ ᠳᠣᠭᠤᠶᠢᠯᠠᠩ ᠳᠣᠮᠢᠯᠡᠨ ᠳᠣᠭᠢᠷᠠᠭᠤᠯᠵᠣ ︽ᠠᠵᠣ ᠣᠶᠢᠯᠡᠰ ᠢ ᠠᠳᠬᠤᠨ᠂ | ᠪᠦᠳᠣᠴᠡ ᠶᠢ ᠳᠣᠬᠢᠷᠠᠭᠤᠯᠵᠣ᠂ ᠬᠦᠭᠵᠢᠯᠳᠡ ᠶᠢ ᠠᠬᠢᠭᠤᠯᠬᠤ︾ ᠠᠬᠤᠢ ᠪᠠᠶᠢᠳᠡᠯ ᠳᠤᠨᠢ ᠵᠣᠬᠢᠴᠠᠭᠰᠠᠨ ᠶᠠᠳᠠᠭᠤ | ᠠᠴᠠ ᠠᠩᠬᠢᠵᠢᠷᠠᠭᠤᠯᠬᠤ ᠠᠷᠭ᠎ᠠ ᠠᠪᠴᠠᠯ ᠢ ᠭᠡᠷᠡᠭᠵᠢᠭᠦᠯᠣᠭᠡᠳ ᠰᠠᠶᠢᠨ ᠦᠷ᠎ᠡ ᠪᠦᠳᠣᠮᠵᠢ ᠤᠯᠤᠭᠰᠠᠨ ᠪᠠᠶᠢᠨ᠎ᠠ᠃ | ᠣᠷᠳᠣᠰ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠯᠪᠠᠨ ᠪᠠᠶᠢᠭᠤᠯᠭ᠎ᠠ ᠶᠢᠨ ᠬᠢᠨ 2012 ᠣᠨ ᠠᠴᠠ ᠭᠠᠯᠠᠭᠤᠳᠣ ᠪᠠᠯᠭᠠᠰᠣᠨ ᠤ ᠬᠦᠬᠡᠨᠡᠭᠤᠷ ᠭᠠᠴᠠᠭ᠎ᠠ ᠶᠢ | ᠳᠠᠭᠠᠭᠠᠴᠢᠯᠡᠨ ᠳᠡᠳᠭᠦᠭᠰᠡᠨ ᠠᠴᠠ ᠨᠠᠰᠢ ᠣᠷᠢᠳ ᠬᠤᠵᠢᠳ ᠵᠠᠮ ᠬᠠᠷᠢᠯᠴᠠᠭ᠎ᠠ᠂ ᠴᠠᠬᠢᠯᠭᠠᠨ ᠨᠠᠪᠳᠠᠷᠡᠯᠭᠡ ᠵᠡᠷᠭᠡ | ᠲᠠᠯ᠎ᠠ ᠳᠤ 4000 ᠭᠠᠷᠣᠢ ᠳᠦᠮᠡᠨ ᠳᠦᠬᠦᠷᠢᠭ ᠤᠨ ᠳᠡᠳᠭᠦᠯᠳᠡ ᠶᠢᠨ ᠳᠦᠷᠣᠯ ᠵᠣᠶᠢᠯ ᠢ ᠣᠷᠣᠭᠤᠯᠣᠨ | ᠠᠪᠴᠢᠷᠠᠭᠰᠠᠨ ᠪᠠᠶᠢᠨ᠎ᠠ᠃ ᠡᠨ᠋ᠨ ᠵᠢᠯ ᠤᠨ ᠡᠬᠢᠨ ᠳᠤ ᠳᠣᠰ ᠪᠠᠶᠢᠭᠤᠯᠭ᠎ᠠ ᠶᠢᠨ ᠬᠢᠨ ᠳᠣᠰᠬᠠᠶᠢᠯᠡᠨ ᠶᠠᠳᠠᠭᠤ ᠶᠢ | ᠳᠡᠳᠭᠦᠬᠦ ᠠᠵᠢᠯ ᠤᠨ ᠳᠣᠭᠤᠶᠢᠯᠠᠩ ᠪᠡᠶᠢᠭᠤᠯᠵᠣ ᠬᠦᠭᠡᠨᠠᠭᠤᠷ ᠭᠠᠴᠠᠭᠠᠨ ᠳᠡᠭᠡᠷ᠎ᠡ ᠰᠠᠭᠤᠯᠭᠠᠨ ᠡᠯ᠎ᠡ ᠲᠠᠯ᠎ᠠ ᠶᠢᠨ | ᠠᠵᠢᠯ ᠳᠤ ᠳᠣᠰᠠᠯᠠᠨ ᠳᠡᠮᠵᠢᠭᠰᠡᠨ ᠪᠠᠶᠢᠨ᠎ᠠ᠃ ᠠᠵᠢᠯ ᠤᠨ ᠲᠤᠭᠤᠶᠢᠯᠠᠩ ᠨᠢ ᠬᠦᠬᠡᠨᠠᠭᠤᠷ ᠭᠠᠴᠠᠭ᠎ᠠ ᠳᠤ ᠬᠠᠮᠲᠤ | ᠶᠢᠨ ᠠᠵᠣ ᠠᠬᠤᠢ ᠦᠬᠡᠢ ᠬᠦᠴᠢᠷᠳᠡᠯᠳᠡᠢ ᠪᠠᠶᠢᠭ᠎ᠠ ᠪᠤᠳᠠᠳᠤ ᠪᠠᠶᠢᠳᠠᠯ ᠳᠤ ᠴᠢᠭᠯᠡᠬᠦᠯᠣᠨ ᠮᠠᠯᠴᠢᠳ ᠤᠨ ᠮᠠᠯᠵᠢᠵᠣ | ᠪᠠᠶᠢᠭ᠎ᠠ ᠤᠷᠳᠤᠰ ᠨᠠᠷᠢᠨ ᠨᠤᠤᠰᠤᠲᠤ ᠬᠤᠨᠢᠨ ᠤ ᠠᠵᠣ ᠣᠶᠢᠯᠡᠰ ᠢ ᠬᠦᠭᠵᠢᠬᠦᠯᠬᠦ ᠶᠢᠨ ᠳᠦᠯᠣᠭᠡ ᠨᠠᠷᠢᠨ | ᠨᠣᠣᠰᠣᠳᠣ ᠬᠤᠨᠢᠨ ᠤ ᠠᠬᠠᠷ ᠨᠤᠤᠰᠤᠨ ᠤ ᠬᠦᠮᠦᠷᠭᠡ ᠪᠣᠯᠣᠨ ᠲᠠᠷᠢᠶᠠᠯᠠᠩ ᠤᠨ ᠮᠠᠰᠢᠨ ᠤ ᠬᠤᠷᠰᠢᠶᠠᠵᠢᠯ ᠢ | ᠪᠠᠶᠢᠭᠤᠯᠵᠠᠢ᠃ | ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠤ ᠨᠠᠮ ᠤᠨ ᠡᠬᠦᠷ ᠤᠨ ᠱᠦᠵᠢ ᠪᠤᠯᠠᠭ᠄ ︽ᠮᠠᠨ ᠤ | ᠭᠠᠴᠠᠭᠠᠨ ᠳᠤ ᠠᠵᠢᠯᠯᠠᠬᠤ ᠲᠤᠭᠤᠶᠢᠯᠠᠩ ᠪᠠᠭᠤᠵᠤ ᠢᠷᠡᠭᠰᠡᠨ ᠠᠴᠠ ᠬᠤᠶᠢᠰᠢ ᠦᠨᠳᠦᠰᠦᠨ ᠱᠠᠳᠤᠨ ᠤ ᠨᠠᠮ ᠤᠨ | ᠪᠠᠶᠢᠭᠤᠯᠤᠯᠳᠠ᠂ ᠶᠠᠳᠠᠭᠤ ᠶᠢ ᠳᠡᠳᠬᠦᠬᠦ ᠠᠵᠢᠯ᠂ ᠬᠠᠮᠲᠤ ᠶᠢᠨ ᠠᠵᠤ ᠠᠬᠤᠢ ᠶᠢᠨ ᠲᠠᠯ᠎ᠠ ᠪᠠᠷ ᠮᠡᠳᠡᠭᠳᠡᠮ᠎ᠡ | ᠬᠤᠪᠢᠷᠠᠯᠳᠠ ᠭᠠᠷᠤᠭᠰᠠᠨ ᠪᠠᠶᠢᠨ᠎ᠠ᠃ ᠶᠠᠳᠠᠭᠤ ᠶᠢ ᠳᠡᠳᠬᠦᠬᠦ ᠲᠠᠯ᠎ᠠ ᠳᠤ᠂ ᠠᠵᠢᠯᠯᠠᠬᠤ ᠲᠤᠭᠤᠶᠢᠯᠠᠩ ᠢᠷᠡᠭᠰᠡᠨ ᠤ | ᠰᠡᠬᠦᠯᠡᠷ ᠡᠷᠦᠬᠡ ᠳᠤ ᠬᠦᠨᠵᠡᠬᠡᠶᠢᠷᠡᠨ ᠪᠠᠶᠢᠴᠠᠭᠠᠯᠳᠠ ᠬᠢᠵᠦ ᠶᠠᠳᠠᠭᠤ ᠠᠴᠠ ᠠᠩᠬᠢᠵᠢᠷᠠᠭᠤᠯᠬᠤ ᠠᠷᠭ᠎ᠠ ᠰᠦᠪᠡᠭᠴᠢᠯᠡᠨ | ᠭᠠᠴᠠᠭᠠᠨ ᠤ ᠬᠤᠷᠰᠢᠶᠠᠵᠢᠯ ᠳᠤ ᠬᠤᠪᠢ ᠤᠷᠤᠭᠤᠯᠬᠤ ᠪᠠᠷ ᠲᠠᠮᠵᠢᠨ ᠶᠠᠳᠠᠭᠤ ᠡᠷᠦᠬᠡ ᠶᠢᠨ ᠤᠷᠤᠯᠭ᠎ᠠ ᠶᠢ | ᠨᠡᠮᠡᠭᠳᠡᠬᠦᠯᠵᠡᠢ᠃ ᠡᠬᠦᠨ ᠤ ᠰᠠᠭᠤᠷᠢᠨ ᠳᠡᠭᠡᠷ᠎ᠡ ᠮᠠᠯ ᠤᠨ ᠲᠤᠭ᠎ᠠ᠂ ᠰᠠᠭᠤᠷᠢ ᠪᠦᠲᠦᠬᠡᠨ ᠪᠠᠶᠢᠭᠤᠯᠤᠯᠳᠠ ᠵᠡᠷᠭᠡ | ᠤᠯᠠᠨ ᠠᠵᠢᠯ ᠢ ᠬᠢᠵᠦ ᠶᠠᠳᠠᠭᠤ ᠡᠷᠦᠬᠡ ᠲᠤᠭᠳᠠᠭᠰᠠᠨ ᠤᠷᠤᠯᠭ᠎ᠠ ᠲᠠᠢ ᠪᠤᠯᠤᠭᠰᠠᠨ ᠪᠠᠶᠢᠨ᠎ᠠ︾ ᠭᠡᠵᠤ ᠶᠠᠷᠢᠵᠤ | ᠪᠠᠶᠢᠯ᠎ᠠ᠃ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ | ᠪᠠᠶᠢᠭᠤᠯᠭ᠎ᠠ ᠲᠠᠢ ᠠᠳᠠᠯᠢ ᠪᠠᠷ ᠡᠨ᠋ᠨ ᠵᠢᠯ ᠣᠷᠳᠣᠰ ᠬᠤᠳᠠ ᠶᠢᠨ 11 ᠪᠠᠶᠢᠭᠤᠯᠭ᠎ᠠ ᠨᠢᠭᠡᠴᠢ ᠨᠢ 24 ᠨᠡᠷ᠎ᠡ ᠺᠠᠳ᠋ᠷ | ᠠᠵᠢᠯᠳᠡᠨ ᠢᠶᠠᠨ ᠳᠣᠮᠢᠯᠡᠨ 11 ᠭᠠᠴᠠᠭ᠎ᠠ ᠳᠣᠰᠬᠤᠨ ᠳᠤ ᠶᠠᠳᠠᠭᠤ ᠶᠢ ᠳᠡᠳᠬᠦᠬᠦ ᠠᠵᠢᠯ ᠤᠨ ᠳᠣᠭᠤᠶᠢᠯᠠᠩ ᠢ | ᠪᠠᠶᠢᠭᠤᠯᠤᠨ ᠭᠠᠴᠠᠭ᠎ᠠ ᠳᠣᠰᠬᠤᠨ ᠤ ᠰᠠᠭᠤᠷᠢ ᠪᠦᠳᠣᠭᠡᠨ ᠪᠠᠶᠢᠭᠤᠯᠣᠯᠳᠡ᠂ ᠶᠠᠳᠠᠭᠤ ᠡᠷᠣᠭᠡ ᠶᠢ ᠳᠡᠳᠭᠦᠬᠦ᠂ | ᠬᠠᠮᠳᠣ ᠶᠢᠨ ᠠᠵᠣ ᠠᠬᠤᠢ ᠶᠢ ᠬᠦᠭᠵᠢᠬᠦᠯᠬᠦ ᠳᠤ ᠬᠦᠴᠣᠨ ᠴᠢᠳᠡᠯ ᠢᠶᠠᠨ ᠭᠠᠷᠭᠠᠨ ᠣᠶᠢᠯᠠᠴᠢᠯᠠᠵᠣ ᠪᠠᠶᠢᠨ᠎ᠠ᠃ | | |