ᠮᠠᠨ ᠤ ᠬᠤᠰᠢᠭᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠴᠡᠭᠴᠡᠯᠡᠨ ᠵᠠᠰᠠᠵᠤ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ ᠬᠦᠴᠣᠯᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018-11-14
     ᠡᠨ᠋ᠨ ᠵᠢᠯ ᠠᠴᠠ ᠨᠠᠰᠢ ᠮᠠᠨ ᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠂ ᠬᠤᠭ ᠨᠣᠪᠰᠢ᠂ ᠠᠮᠢᠳᠣᠷᠠᠯ ᠤᠨ ᠪᠣᠵᠠᠷ ᠣᠰᠣ ᠶᠢ ᠴᠡᠪᠡᠷᠯᠡᠨ ᠰᠢᠢᠳᠪᠦᠷᠢᠯᠡᠬᠦ ᠵᠡᠷᠭᠡ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ ᠮᠡᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠠᠮᠢᠳᠣᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃      ᠨᠠᠮ ᠤᠨ ᠳᠦᠪ ᠬᠤᠷᠢᠶᠠᠨ ᠤ ᠬᠦᠳᠡᠭᠡ ᠳᠣᠰᠬᠤᠨ ᠢ ᠭᠦᠭᠵᠢᠬᠦᠯᠦᠨ ᠮᠠᠨᠳᠤᠭᠤᠯᠵᠤ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠦᠬᠡᠷᠡᠴᠢᠯᠡᠯᠳᠡ︾ ᠶᠢ ᠰᠠᠶᠢᠳᠣᠷ ᠬᠢᠭᠦ ᠵᠣᠷᠢᠭ ᠰᠠᠨᠠᠭ᠎ᠠ ᠪᠠᠷ ᠮᠠᠨ ᠤ ᠬᠤᠰᠢᠭᠤ ᠡᠨ᠋ᠨ ᠵᠢᠯ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭ᠎ᠠ᠂ ᠭᠠᠯᠠᠭᠤᠳᠣ ᠪᠠᠯᠭᠠᠰᠣᠨ ᠤ ᠮᠣᠳᠣᠨᠴᠠᠶᠢᠳᠠᠮ ᠳᠣᠰᠬᠤᠨ  ᠢᠶᠠᠷ ᠳᠣᠷᠰᠢᠯᠳᠠ ᠶᠢᠨ ᠴᠡᠭ ᠪᠣᠯᠭᠠᠨ ᠪᠦᠬᠦ ᠬᠤᠰᠢᠭᠤᠨ ᠤ 900 ᠭᠠᠷᠤᠢ ᠮᠠᠯᠴᠢᠨ ᠳᠠᠷᠢᠶᠠᠴᠢᠨ ᠡᠷᠦᠬᠡ ᠶᠢᠨ ᠵᠤᠷᠯᠤᠩ ᠢ ᠦᠬᠡᠷᠡᠴᠢᠯᠡᠬᠦ ᠪᠠᠷ ᠳᠦᠯᠣᠪᠯᠡᠵᠣ᠂ ᠤᠳᠤᠬᠠᠨ ᠪᠣᠯᠳᠠᠯ᠎ᠠ ᠭᠠᠯᠠᠭᠤᠲᠤ᠂ ᠦᠥᠰᠢᠨᠵᠤᠤ᠂ ᠰᠦᠯᠳᠡ᠂ ᠲᠤᠭ ᠵᠡᠷᠭᠡ ᠰᠣᠮᠣ ᠪᠠᠯᠭᠠᠰᠤᠨ ᠤ 62 ᠡᠷᠣᠬᠡ ᠶᠢᠨ ᠵᠤᠷᠯᠤᠩ ᠢ ᠪᠠᠷᠢᠮᠵᠢᠶᠠᠵᠢᠭᠤᠯᠣᠨ ᠦᠭᠡᠷᠡᠴᠢᠯᠡᠵᠣ ᠮᠠᠯᠴᠢᠨ ᠲᠠᠷᠢᠶᠠᠴᠢᠨ ᠤ ᠠᠮᠢᠳᠣᠷᠠᠯ ᠤᠨ ᠬᠢᠷᠢ ᠳᠦᠪᠰᠢᠨ ᠢ ᠳᠡᠭᠡᠭᠰᠢᠯᠡᠬᠦᠯᠦᠭᠰᠡᠨ ᠪᠠᠶᠢᠨ᠎ᠠ᠃      ᠡᠨ᠋ᠨ ᠵᠢᠯ ᠠᠴᠠ ᠨᠠᠰᠢ ᠮᠠᠨ ᠤ ᠬᠤᠰᠢᠭᠤ ᠪᠠᠰᠠ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠨᠢᠭᠡᠳᠦᠯᠲᠡᠢ ᠪᠠᠷ ᠳᠦᠯᠣᠪᠵᠢᠬᠦᠯᠣᠨ ᠰᠢᠢᠳᠪᠦᠷᠢᠯᠡᠬᠦ ᠠᠵᠢᠯ ᠢ ᠯᠠᠪᠳᠠᠭᠤᠨ ᠬᠢᠨᠠᠮᠠᠭᠠᠢ ᠬᠢᠵᠦ ᠮᠠᠯᠴᠢᠨ ᠲᠠᠷᠢᠶᠠᠴᠢᠨ ᠬᠤᠭ ᠨᠤᠪᠰᠢ ᠪᠠᠨ ᠨᠢᠬᠡᠳᠦᠯᠳᠡᠢ ᠰᠠᠪᠠᠨ ᠳᠤ ᠬᠢᠵᠦ ᠭᠠᠴᠠᠭ᠎ᠠ ᠲᠤᠰᠬᠤᠨ ᠠᠴᠠ ᠨᠢᠬᠡᠳᠦᠯᠳᠡᠢ ᠬᠤᠷᠢᠶᠠᠨ ᠴᠤᠭᠯᠠᠭᠤᠯᠵᠤ ᠰᠤᠮᠤ ᠪᠠᠯᠭᠠᠰᠤ ᠠᠴᠠ ᠵᠦᠬᠡᠬᠡᠨ ᠳᠡᠭᠡᠭᠡᠪᠣᠷᠢᠯᠡᠵᠣ ᠬᠤᠰᠢᠭᠤᠨ ᠤ ᠲᠤᠰᠬᠠᠢ ᠬᠤᠭ ᠨᠣᠪᠰᠢ ᠰᠢᠢᠳᠪᠦᠷᠢᠯᠡᠬᠦ ᠭᠠᠵᠠᠷ ᠲᠤ ᠬᠦᠷᠭᠡᠬᠦ ᠵᠡᠷᠭᠡ ᠪᠣᠳᠡᠳᠡᠢ ᠠᠷᠭ᠎ᠠ ᠪᠠᠷ ᠬᠤᠭ ᠨᠤᠪᠰᠢ ᠶᠢ ᠠᠯᠬᠤᠮ ᠲᠠᠷᠠᠭ᠎ᠠ  ᠲᠠᠢ ᠡᠮᠬᠢ ᠴᠡᠭᠴᠠ ᠲᠠᠢ ᠰᠢᠢᠳᠪᠦᠷᠢᠯᠡᠵᠤ ᠪᠠᠶᠢᠨ᠎ᠠ᠃ ᠣᠳᠣᠬᠠᠨ ᠳᠤ ᠪᠦᠬᠦ ᠬᠤᠰᠢᠭᠤᠨ ᠤ ᠭᠠᠴᠠᠭ᠎ᠠ ᠲᠤᠰᠬᠤᠨ  ᠳᠤ 768 ᠬᠤᠭ ᠤᠨ ᠰᠠᠪᠠ᠂ 47 ᠬᠤᠭ ᠨᠤᠪᠰᠢ ᠶᠢ ᠵᠦᠭᠡᠭᠡᠪᠦᠷᠢᠯᠡᠨ ᠳᠡᠭᠡᠭᠡᠪᠣᠷᠢᠯᠡᠬᠦ ᠳᠡᠷᠭᠡ ᠲᠠᠢ ᠪᠣᠯᠵᠣ 1 ᠬᠤᠭ ᠨᠤᠪᠰᠢ ᠶᠢ ᠰᠢᠢᠳᠪᠦᠷᠢᠯᠡᠬᠦ ᠣᠶᠢᠯᠡᠳᠪᠣᠷᠢ ᠲᠠᠢ  ᠪᠤᠯᠵᠠᠢ᠃      
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号