ᠳᠤᠭ ᠪᠠᠯᠭᠠᠰᠣᠨ ᠤ ᠬᠤᠵᠢᠷᠲᠤ ᠲᠤᠰᠬᠤᠨ ᠲᠤᠯᠠᠭᠠᠨ ᠬᠦᠯᠡᠮᠵᠢ ᠳᠤ ᠢᠳᠡᠰᠢᠨ ᠨᠤᠭᠤᠭ᠎ᠠ ᠲᠠᠷᠢᠵᠦ ᠬᠠᠮᠳᠣ ᠶᠢᠨ ᠠᠵᠣ ᠠᠬᠤᠢ ᠪᠠᠨ ᠬᠦᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2018-11-15
     ᠲᠤᠭ ᠪᠠᠯᠭᠠᠰᠣᠨ ᠤ ᠬᠤᠵᠢᠷᠳᠣ ᠳᠣᠰᠬᠤᠨ ᠨᠢ ᠢᠳᠡᠰᠢᠨ ᠨᠤᠭᠤᠭᠠᠨ ᠤ ᠲᠤᠯᠠᠭᠠᠨ ᠬᠦᠯᠡᠮᠵᠢ ᠶᠢᠨ ᠲᠤᠰᠬᠠᠢ ᠬᠤᠷᠰᠢᠶᠠᠵᠢᠯ ᠢ ᠪᠠᠶᠢᠭᠤᠯᠤᠨ ︽ᠨᠠᠮ ᠤᠨ ᠡᠬᠦᠷ + ᠬᠤᠷᠰᠢᠶᠡᠵᠢᠯ + ᠮᠠᠯᠴᠢᠨ ᠲᠠᠷᠢᠶᠠᠴᠢᠨ︾ ᠤ ᠬᠡᠯᠪᠡᠷᠢ ᠪᠠᠷ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠪᠣᠵᠠᠭᠠᠶᠢᠷᠠᠭᠤᠯᠣᠨ ᠬᠦᠭᠵᠢᠬᠦᠯᠵᠣ ᠠᠷᠡᠳ ᠳᠦᠮᠡᠨ ᠳᠤ ᠠᠰᠢᠭ ᠬᠦᠷᠳᠡᠭᠡᠵᠦ ᠪᠠᠶᠢᠨ᠎ᠠ᠃      2017 ᠤᠨ ᠳᠤ ᠲᠤᠭ ᠪᠠᠯᠭᠠᠰᠤᠨ ᠤ ᠬᠤᠵᠢᠷᠲᠤ᠂ ᠰᠢᠷᠭᠠᠮᠤᠷᠢ᠂ ᠶᠡᠭᠡ ᠨᠡᠭᠦᠳᠡᠯ ᠵᠡᠷᠭᠡ ᠭᠤᠷᠪᠡᠨ ᠲᠤᠰᠬᠤᠨ ᠬᠤᠯᠪᠤᠭᠠᠯᠠᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠡᠯᠡ ᠮᠦᠩᠭᠦ ᠪᠣᠯᠣᠨ ᠭᠠᠴᠠᠭ᠎ᠠ ᠳᠣᠰᠬᠤᠨ ᠤ ᠬᠠᠮᠲᠤ ᠶᠢᠨ ᠠᠵᠤ ᠠᠬᠤᠢ ᠶᠢᠨ ᠪᠡᠯᠡ ᠮᠦᠩᠬᠦ ᠠᠴᠠ 300 ᠲᠦᠮᠡᠨ ᠲᠦᠬᠦᠷᠢᠭ ᠭᠠᠷᠭᠠᠨ ᠪᠡᠯᠡ ᠣᠷᠣᠭᠤᠯᠵᠣ 86 ᠮᠤ᠋ ᠶᠢᠨ ᠢᠳᠡᠰᠢᠨ ᠨᠤᠭᠤᠭᠠᠨ ᠤ ᠳᠣᠯᠠᠭᠠᠨ ᠬᠦᠯᠡᠮᠵᠢ ᠪᠠᠶᠢᠭᠤᠯᠵᠣ ᠳᠠᠷᠢᠬᠤ ᠲᠤᠷᠰᠢᠯᠭ᠎ᠠ ᠪᠠᠷ ᠰᠠᠶᠢᠨ ᠡᠷᠦᠬᠡ  ᠳᠤ ᠬᠦᠯᠡᠮᠵᠢ ᠪᠦᠷᠢ ᠶᠢ ᠵᠢᠯ ᠤᠨ 5000 ᠲᠦᠬᠦᠷᠢᠭ ᠢᠶᠠᠷ ᠳᠠᠭᠠᠭᠠᠴᠢᠯᠠᠭᠤᠯᠤᠨ ᠦᠭᠴᠣ ᠳᠣᠰᠬᠤᠨ ᠤ ᠬᠠᠮᠲᠤ  ᠶᠢᠨ ᠠᠵᠤ ᠠᠬᠤᠢ ᠪᠣᠯᠭᠠᠪᠠ᠃      ᠤᠳᠤᠬᠠᠨ ᠳᠤ᠂ ᠲᠤᠭ ᠪᠠᠯᠭᠠᠰᠤᠨ ᠤ ᠬᠤᠵᠢᠷᠲᠤ ᠲᠤᠰᠬᠤᠨ ᠤ 12 ᠰᠠᠭᠤᠷᠢ ᠡᠪᠤᠯ ᠤᠨ ᠲᠤᠯᠠᠭᠠᠨ ᠬᠦᠯᠡᠮᠵᠢ ᠨᠢ ᠨᠢᠬᠡᠨᠳᠡ ᠬᠡᠷᠡᠭᠯᠡᠯᠳᠡ ᠳᠤ ᠣᠷᠣᠵᠣ ᠠᠮᠳᠡᠳᠣ ᠬᠡᠮᠬᠡ᠂ ᠦᠷᠭᠡᠰᠦᠲᠤ ᠬᠡᠮᠬᠡ᠂ ᠴᠢᠨᠵᠤᠤ᠂ ᠱᠠᠪᠳᠠᠯ᠎ᠠ ᠵᠡᠷᠭᠡ ᠭᠤᠸᠠ ᠵᠢᠮᠢᠰ ᠢᠳᠡᠰᠢᠨ ᠨᠤᠭᠤᠭ᠎ᠠ ᠲᠠᠷᠢᠵᠤ ᠳᠠᠭᠠᠭᠠᠴᠢᠯᠡᠨ ᠳᠠᠷᠢᠵᠣ ᠪᠠᠶᠢᠭ᠎ᠠ 12 ᠳᠠᠷᠢᠶᠠᠴᠢᠨ ᠬᠦᠯᠡᠮᠵᠢ ᠪᠦᠷᠢ ᠠᠴᠠ ᠵᠢᠯ ᠳᠤ ᠪᠠᠨ 10 ᠢᠯᠡᠭᠦᠣ ᠲᠦᠮᠡᠨ ᠲᠦᠬᠦᠷᠢᠭ ᠤᠨ ᠤᠷᠤᠯᠭ᠎ᠠ ᠤᠯᠵᠤ ᠳᠣᠰᠬᠤᠨ ᠤ ᠬᠠᠮᠳᠣ ᠶᠢᠨ ᠠᠵᠣ ᠠᠬᠤᠢ ᠶᠢ ᠭᠦᠭᠵᠢᠭᠦᠯᠣᠭ᠍ᠰᠠᠨ ᠤ ᠬᠠᠮᠳᠣ ᠳᠠᠭᠠᠭᠠᠴᠢᠯᠠᠭᠰᠠᠨ ᠳᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠡᠢ᠃ ᠳᠠᠷᠠᠭᠠᠴᠢ ᠶᠢᠨ ᠠᠯᠠᠬᠤᠮ ᠳᠤ ᠬᠤᠵᠢᠷᠳᠣ ᠳᠣᠰᠬᠤᠨ ᠠᠴᠠ ᠢᠳᠡᠰᠢᠨ ᠨᠣᠭᠤᠭ᠎ᠠ ᠬᠠᠳᠠᠭᠠᠯᠠᠬᠤ ᠬᠦᠮᠣᠷᠭᠡ ᠶᠢ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号