ᠤᠶᠢᠷ᠎ᠠ ᠶᠢᠨ ᠡᠳᠤᠷ᠂ ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ | ᠰᠤᠷᠭᠠᠭᠤᠯᠢ ᠶᠢᠨ ᠬᠢᠨ ᠠᠩᠬᠠᠳᠤᠭᠠᠷ ᠤᠳᠠᠭᠠᠨ ᠤ ︽ᠠᠯᠳᠠᠨ ᠵᠤᠳᠤᠭ︾᠂ ︽ᠡᠷᠡᠭᠡᠢ ᠮᠡᠷᠭᠡᠨ︾ ᠨᠠᠷᠠᠮᠵᠢᠳᠣ | ᠡᠷ᠎ᠡ ᠶᠢᠨ ᠭᠤᠷᠪᠠᠨ ᠨᠠᠭᠠᠳᠤᠮ ᠤᠨ ᠮᠤᠩᠭᠤᠯ ᠪᠥᠭᠡ᠂ ᠰᠤᠷ ᠬᠠᠷᠪᠤᠬᠤ ᠤᠷᠤᠯᠳᠤᠭᠠᠨ ᠢ ᠡᠷᠬᠢᠯᠡᠵᠣ ᠰᠤᠷᠤᠭᠴᠢᠳ | ᠤᠨ ᠪᠢᠷ᠎ᠠ ᠴᠢᠳᠡᠯ᠂ ᠬᠠᠷᠪᠣᠭ᠎ᠠ ᠨᠠᠮᠨᠠᠭ᠎ᠠ ᠪᠠᠨ ᠰᠢᠯᠭᠠᠬᠤ ᠰᠠᠶᠢᠬᠠᠨ ᠳᠠᠪᠴᠠᠩ ᠪᠤᠯᠤᠯ᠎ᠠ᠃ | | | | | | | | | | | | ᠣᠶᠢᠷ᠎ᠠ ᠶᠢᠨ ᠵᠢᠯ ᠠᠴᠠ ᠨᠠᠰᠢ᠂ ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠣᠭᠠᠷ | ᠲᠤᠮᠳᠠᠳᠤ ᠰᠤᠷᠭᠠᠭᠤᠯᠢ ᠨᠢ ᠤᠯᠠᠮᠵᠢᠯᠠᠯᠳᠤ ᠲᠠᠮᠢᠷ ᠣᠷᠠᠯᠢᠭ᠂ ᠵᠠᠩ ᠤᠶᠢᠯᠡ᠂ ᠪᠤᠳᠠᠰ ᠤᠨ ᠪᠤᠰᠤ ᠰᠤᠶᠤᠯ ᠤᠨ | ᠦᠪ ᠢ ᠰᠤᠷᠤᠭᠴᠢᠳ ᠲᠤ ᠵᠠᠯᠭᠠᠮᠵᠢᠯᠠᠨ ᠤᠯᠠᠮᠵᠢᠯᠠᠬᠤ ᠶᠢ ᠴᠢᠬᠤᠯᠠᠴᠢᠯᠠᠵᠣ᠂ ᠰᠤᠷᠤᠭᠴᠢᠳ ᠢ ᠬᠢᠴᠢᠶᠠᠯ ᠤᠨ | ᠭᠠᠳᠠᠨᠠᠬᠢ ᠪᠤᠳᠠᠳᠠᠢ ᠤᠶᠢᠯᠡᠳᠤᠯᠭᠡ ᠳᠤ ᠢᠳᠡᠪᠬᠢᠲᠠᠢ ᠣᠷᠣᠯᠴᠠᠭᠤᠯᠣᠨ ᠡᠯ᠎ᠡ ᠲᠠᠯ᠎ᠠ ᠶᠢᠨ ᠲᠤᠰᠬᠠᠢ ᠮᠡᠷᠬᠡᠵᠢᠯ ᠤᠨ | ᠪᠠᠭᠰᠢ ᠶᠢ ᠣᠷᠢᠵᠣ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠳᠡ ᠢ ᠠᠬᠢᠭᠤᠯᠵᠤ ᠪᠠᠶᠢᠨ᠎ᠠ᠃ | |