11 ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠦᠭᠦ ᠤᠷᠤᠨ ᠤ ᠵᠠᠰᠠᠬ ᠤᠨ ᠤᠷᠳᠤᠨ ᠠᠴᠠ ᠲᠤᠰ ᠱᠠᠳᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠲᠤᠭᠳᠠᠭᠠᠬᠤ ᠶᠢ ᠠᠬᠢᠭᠤᠯᠬᠤ ᠲᠧᠯᠸᠢᠰ | ᠤᠳᠠᠰᠤ ᠬᠤᠷᠠᠯ ᠬᠢᠵᠦ᠂ ᠲᠦᠪ ᠤᠨ ︽ᠲᠦᠷᠦ ᠶᠢᠨ ᠶᠠᠪᠤᠳᠠᠯ ᠤᠨ ᠬᠤᠷᠢᠶᠠᠨ ᠠᠴᠠ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠠᠯ ᠤᠨ ᠡᠳ᠋ | ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠲᠤᠬᠠᠢ ᠰᠠᠨᠠᠯ︾ ᠢ | ᠰᠤᠷᠤᠯᠴᠠᠨ ᠤᠶᠢᠯᠠᠭᠠᠵᠦ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ | ᠤᠷᠳᠤᠨ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠳᠤ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ | ᠪᠠᠶᠢᠳᠠᠯ ᠢ ᠮᠡᠳᠡᠭᠦᠯᠬᠦ ᠲᠦᠷᠢᠮ︾ ︵ᠲᠤᠷᠤᠬᠰᠢ ︽ᠲᠦᠷᠢᠮ︾ ᠭᠡᠵᠦ ᠲᠦᠭᠦᠮᠴᠢᠯᠡᠨ᠎ᠠ︶ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠲᠦᠷᠭᠡᠳᠭᠡᠵᠤ᠂ ᠪᠦᠭᠦ ᠤᠷᠤᠨ ᠤ ᠤᠯᠤᠰ ᠤᠨ ᠦᠮᠴᠢᠯᠠᠯ ᠤᠨ ᠡᠳ᠋ ᠬᠦᠷᠦᠩᠭᠡ ᠶᠢᠨ | ᠬᠠᠮᠢᠶᠠᠷᠤᠯᠳᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠲᠤᠭᠳᠠᠭᠠᠨ ᠬᠡᠷᠡᠭᠵᠢᠭᠦᠯᠭᠦ ᠶᠢ ᠠᠬᠢᠭᠤᠯᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃ | ᠬᠤᠷᠠᠯ ᠠᠴᠠ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ | ᠲᠦᠷᠢᠮ ᠢ ᠲᠤᠭᠳᠠᠭᠠᠬᠤ ᠶᠢᠨ ᠴᠢᠬᠤᠯᠠ ᠶᠡᠭᠡ ᠠᠴᠢ ᠬᠤᠯᠪᠤᠬᠳᠠᠯ ᠢ ᠭᠦᠢᠴᠡᠳ ᠲᠠᠨᠢᠵᠦ᠂ ᠤᠯᠤᠰ ᠲᠦᠷᠦ ᠶᠢᠨ | ᠵᠤᠬᠰᠤᠴᠠ ᠪᠠᠨ ᠲᠡᠭᠡᠭᠰᠢᠯᠡᠭᠦᠯᠤᠨ᠂ ᠵᠤᠷᠢᠭ ᠰᠠᠨᠠᠭ᠎ᠠ ᠶᠢᠨ ᠮᠦᠨ ᠴᠢᠨᠠᠷ ᠢ ᠤᠨᠤᠪᠴᠢᠳᠠᠢ ᠡᠵᠡᠮᠰᠢᠵᠦ᠂ ︽ᠲᠦᠷᠢᠮ | ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ | ᠨᠠᠶᠢᠳᠠᠪᠤᠷᠢᠵᠢᠭᠤᠯᠬᠤ ᠬᠡᠷᠡᠭᠳᠡᠢ᠃ ︽ᠲᠦᠷᠪᠡᠨ ᠤᠬᠠᠮᠰᠠᠷ︾ ᠢ ᠨᠠᠩ ᠪᠠᠳᠤ ᠪᠤᠯᠭᠠᠵᠤ᠂ ︽ᠲᠦᠷᠪᠡᠨ ᠢᠳᠡᠭᠡᠯ︾ | ᠢᠶᠠᠨ ᠴᠢᠩᠭᠠᠳᠬᠠᠵᠦ᠂ ᠪᠠᠶᠢᠷᠢᠯᠠᠭᠤᠯᠤᠯᠳᠠ ᠪᠠᠨ ᠲᠦᠷᠭᠡᠳᠭᠡᠵᠦ᠂ ᠬᠠᠮᠵᠢᠯᠴᠠᠭ᠎ᠠ ᠪᠠᠨ ᠴᠢᠩᠭᠠᠳᠬᠠᠵᠦ᠂ | ᠢᠳᠡᠪᠭᠢᠳᠠᠢ ᠰᠠᠨᠠᠭᠠᠴᠢᠯᠠᠭ᠎ᠠ ᠲᠠᠢ ᠪᠠᠷ ᠬᠢᠵᠦ᠂ ᠨᠢᠬᠳᠠ ᠬᠠᠮᠵᠢᠯᠴᠠᠨ᠂ ᠡᠯ᠎ᠠ ᠵᠦᠢᠯ ᠤᠨ ᠲᠤᠭᠤᠰᠢᠯᠠᠭᠤᠯᠵᠦ | ᠨᠠᠶᠢᠳᠠᠪᠤᠷᠢᠵᠢᠭᠤᠯᠬᠤ ᠠᠵᠢᠯ ᠢ ᠴᠢᠨᠠᠬᠰᠢᠳᠠ ᠰᠠᠶᠢᠳᠤᠷ ᠬᠢᠵᠦ᠂ 2019 ᠤᠨ ᠤ ᠲᠡᠭᠡᠷ᠎ᠠ ᠬᠠᠭᠠᠰ ᠵᠢᠯ ᠪᠠ | 2020 ᠤᠨ ᠤ ᠲᠡᠭᠡᠷ᠎ᠠ ᠬᠠᠭᠠᠰ ᠵᠢᠯ ᠳᠤ ᠪᠦᠭᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ᠤᠯᠤᠰ ᠤᠨ | ᠦᠮᠴᠢᠯᠠᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠢ ᠮᠡᠳᠡᠬᠦᠯᠬᠦ ᠲᠦᠷᠢᠮ ᠢ ᠲᠤᠭᠳᠠᠭᠠᠬᠤ ᠶᠢ | ᠪᠦᠬᠦᠨ ᠢ ᠪᠦᠷᠭᠦᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠰᠢᠭᠤ ᠣᠳᠣᠷᠢᠳᠣᠯᠭ᠎ᠠ ᠪᠣᠶᠠᠨᠮᠠᠨᠳᠣᠬᠤ᠂ ᠸᠠᠩ ᠶᠦᠩ ᠴᠢᠩ᠂ ᠸᠠᠩ ᠵᠢᠷᠭᠠᠯ᠂ ᠯᠢ ᠬᠤᠩ ᠯᠢᠶᠠᠩ ᠵᠢᠴᠢ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ | ᠲᠠᠯᠠᠪᠠᠢ ᠳᠤ ᠬᠤᠷᠠᠯ ᠳᠤ ᠣᠷᠣᠯᠴᠠᠪᠠ᠃ | |