ᠤᠶᠢᠷ᠎ᠠ ᠳᠤ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠭᠡᠷᠡᠭᠵᠢᠬᠦᠯᠬᠦ ᠲᠤᠪᠴᠢᠶ᠎ᠠ ᠡᠷᠡᠭᠦᠯ | ᠡᠩᠬᠡ ᠶᠢᠨ ᠦᠢᠯᠡᠰ ᠢ ᠠᠬᠢᠭᠤᠯᠬᠤ ᠠᠯᠪᠠᠨ ᠪᠠᠶᠢᠭᠤᠯᠭ᠎ᠠ ᠶᠢᠨ ᠡᠭᠦᠲᠤᠨ ᠪᠠᠶᠢᠭᠤᠯᠤᠯᠲᠠ ᠶᠢᠨ ᠠᠵᠢᠯ ᠤᠨ | ᠲᠠᠶᠢᠴᠢᠯᠠᠯᠲᠠ ᠶᠢᠨ ᠬᠤᠷᠠᠯ ᠢ ᠬᠤᠷᠠᠯᠲᠤᠭᠤᠯᠪᠠ᠃ ᠬᠤᠷᠠᠯ ᠠᠴᠠ ᠪᠦᠬᠦ ᠬᠤᠰᠢᠭᠤᠨ ᠤ ᠡᠷᠡᠬᠦᠯ ᠡᠩᠬᠡ ᠶᠢᠨ ᠠᠵᠢᠯ | ᠤᠨ ᠬᠤᠷᠠᠯᠲᠤᠭᠠᠨ ᠤ ᠵᠤᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ | ᠭᠡᠷᠡᠭᠵᠢᠬᠦᠯᠬᠦ ᠲᠤᠪᠴᠢᠶᠠᠨ ᠤ ᠡᠷᠡᠭᠦᠯ ᠡᠩᠬᠡ ᠶᠢᠨ ᠦᠢᠯᠡᠰ ᠢ ᠠᠬᠢᠭᠤᠯᠬᠤ ᠠᠯᠪᠠᠨ ᠪᠠᠶᠢᠭᠤᠯᠭ᠎ᠠ ᠶᠢᠨ ᠡᠭᠦᠲᠤᠨ | ᠪᠠᠶᠢᠭᠤᠯᠤᠯᠲᠠ ᠶᠢᠨ ᠠᠵᠢᠯ ᠤᠨ ᠡᠭᠦᠷᠭᠡ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃ | ᠬᠤᠷᠠᠯ ᠲᠡᠭᠡᠷ᠎ᠡ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠭᠡᠷᠡᠭᠵᠢᠬᠦᠯᠬᠦ ᠲᠤᠪᠴᠢᠶᠠᠨ ᠤ | ᠭᠤᠤᠯ ᠬᠠᠷᠢᠭᠤᠴᠠᠯᠭᠠᠲᠠᠨ ᠠᠴᠠ ᠡᠷᠡᠭᠦᠯ ᠡᠩᠬᠡ ᠶᠢᠨ ᠦᠢᠯᠡᠰ ᠢ ᠠᠬᠢᠭᠤᠯᠬᠤ ᠠᠯᠪᠠᠨ ᠪᠠᠶᠢᠭᠤᠯᠭ᠎ᠠ ᠶᠢᠨ ᠡᠭᠦᠲᠤᠨ | ᠪᠠᠶᠢᠭᠤᠯᠤᠯᠲᠠ ᠶᠢᠨ ᠠᠵᠢᠯ ᠤᠨ ᠲᠠᠶᠢᠴᠢᠯᠠᠯᠲᠠ ᠶᠢᠨ ᠶᠠᠷᠢᠶ᠎ᠠ ᠲᠠᠯᠪᠢᠵᠤ ᠡᠷᠡᠬᠦᠯ ᠮᠡᠨᠲᠤ ᠶᠢᠨ ᠡᠭᠦᠲᠤᠨ | ᠪᠠᠶᠢᠭᠤᠯᠤᠯᠲᠠ ᠶᠢ ᠠᠬᠢᠭᠤᠯᠬᠤ ᠲᠤᠬᠠᠢ ᠭᠤᠷᠪᠠᠨ ᠲᠠᠯ᠎ᠠ ᠶᠢᠨ ᠱᠠᠭᠠᠷᠲᠠᠯᠭ᠎ᠠ ᠲᠤᠷᠠᠲᠤᠭᠰᠠᠨ ᠪᠠ ᠡᠭᠦᠲᠤᠨ | ᠪᠠᠶᠢᠭᠤᠯᠤᠯᠲᠠ ᠶᠢ ᠠᠬᠢᠭᠤᠯᠬᠤ ᠠᠮᠠᠯᠠᠯᠲᠠ ᠬᠢᠪᠡ᠃ ᠲᠡᠷᠡ ᠵᠢᠭᠠᠵᠤ ᠭᠠᠷᠭᠠᠬᠤ ᠳᠠᠭᠠᠨ ᠡᠩ ᠲᠡᠷᠢᠬᠦᠨ ᠳᠤ ᠡᠷᠡᠭᠦᠯ | ᠡᠩᠬᠡ ᠶᠢᠨ ᠦᠢᠯᠡᠰ ᠢ ᠠᠬᠢᠭᠤᠯᠬᠤ ᠠᠯᠪᠠᠨ ᠪᠠᠶᠢᠭᠤᠯᠭ᠎ᠠ ᠶᠢᠨ ᠡᠭᠦᠲᠤᠨ ᠪᠠᠶᠢᠭᠤᠯᠤᠯᠲᠠ ᠶᠢᠨ ᠠᠵᠢᠯ ᠤᠨ ᠴᠢᠬᠤᠯᠠ | ᠴᠢᠨᠠᠷ ᠢ ᠪᠥᠷᠢᠮᠥᠰᠤᠨ ᠲᠠᠨᠢᠵᠤ ᠴᠢᠬᠤᠯᠠ ᠠᠵᠢᠯ ᠪᠤᠯᠭᠠᠨ ᠠᠳᠬᠤᠵᠤ ᠥᠨᠡᠨᠬᠦ ᠬᠢᠷᠢ ᠪᠥᠲᠤᠮᠵᠢ ᠤᠯᠬᠤ ᠬᠡᠷᠡᠭᠲᠡᠢ᠃ | ᠬᠤᠶᠠᠷ ᠲᠤ ᠤᠯᠠᠨ ᠵᠤᠶᠢᠯ ᠤᠨ ᠠᠷᠭ᠎ᠠ ᠬᠡᠯᠪᠡᠷᠢ ᠪᠠᠷ ᠤᠬᠠᠭᠤᠯᠭ᠎ᠠ ᠪᠠ ᠪᠤᠯᠪᠠᠰᠤᠷᠠᠯ ᠤᠨ ᠠᠵᠢᠯ ᠢ ᠰᠠᠶᠢᠲᠤᠷ | ᠬᠢᠵᠤ ᠡᠷᠡᠬᠦᠯ ᠮᠡᠨᠲᠤ ᠠᠮᠢᠲᠤᠷᠠᠬᠤ᠂ ᠡᠷᠡᠬᠦᠯ ᠮᠡᠨᠲᠤ ᠠᠵᠢᠯᠯᠠᠬᠤ ᠵᠢᠴᠢ ᠬᠠᠤᠯᠢ ᠬᠡᠷᠡᠭᠵᠢᠬᠦᠯᠤᠭ᠍ᠴᠢᠳ ᠪᠡᠶ᠎ᠡ | ᠮᠠᠬᠠᠪᠤᠳ ᠢᠶᠠᠨ ᠪᠤᠯᠪᠠᠰᠤᠷᠠᠭᠤᠯᠤᠨ ᠴᠢᠭᠢᠷᠠᠭᠵᠢᠭᠤᠯᠵᠤ ᠡᠷᠡᠭᠦᠯ ᠡᠩᠬᠡ ᠶᠢᠨ ᠦᠢᠯᠡᠰ ᠢ ᠠᠬᠢᠭᠤᠯᠬᠤ ᠠᠯᠪᠠᠨ | ᠪᠠᠶᠢᠭᠤᠯᠭ᠎ᠠ ᠶᠢᠨ ᠡᠭᠦᠲᠤᠨ ᠪᠠᠶᠢᠭᠤᠯᠤᠯᠲᠠ ᠶᠢᠨ ᠠᠵᠢᠯ ᠤᠨ ᠭᠥᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ | ᠬᠡᠷᠡᠭᠲᠡᠢ᠃ ᠭᠤᠷᠪᠠ ᠳᠤ ᠡᠭᠦᠲᠤᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠲᠤᠷᠢᠳᠬᠤ ᠲᠤᠭᠤᠶᠢᠯᠠᠩ ᠤᠨ | ᠬᠢᠨ ᠲᠤᠭᠲᠠᠮᠠᠯ ᠪᠠ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠪᠡ ᠬᠢᠨᠠᠯᠲᠠ ᠲᠠᠯᠪᠢᠵᠤ ᠠᠵᠢᠯ ᠠᠴᠠ | ᠪᠠᠨ ᠬᠤᠶᠢᠷᠭᠤᠰᠢᠭᠰᠠᠨ ᠪᠠ ᠡᠭᠦᠷᠭᠡ ᠲᠤᠰᠢᠶᠠᠯ ᠢᠶᠠᠨ ᠴᠠᠭ ᠲᠠᠷᠤᠢ ᠳᠤ ᠨᠢ ᠪᠡᠶᠡᠯᠡᠬᠦᠯᠤᠭ᠍ᠰᠡᠨ ᠦᠭᠡᠢ ᠪᠠᠶᠢᠲᠠᠯ ᠳᠤ | ᠲᠠᠷᠤᠢ ᠲᠥᠷᠭᠡᠨ ᠴᠡᠭᠴᠡᠯᠡᠯᠲᠡ ᠬᠢᠵᠤ ᠠᠰᠠᠭᠤᠲᠠᠯ ᠢᠯᠡᠷᠡᠬᠦᠯᠪᠡᠯ ᠪᠠᠷᠢᠨ ᠲᠤᠤᠷ᠎ᠠ ᠨᠢ ᠵᠠᠯᠠᠷᠠᠭᠤᠯᠵᠤ ᠪᠤᠲᠠᠲᠤ ᠥᠷ᠎ᠡ | ᠪᠥᠲᠥᠮᠵᠢ ᠤᠯᠬᠤ ᠬᠡᠷᠡᠭᠲᠡᠢ ᠬᠡᠪᠡ᠃ |