ᠨᠠᠨᠵᠢᠩ ᠤᠨ ᠰᠡᠭᠡᠭᠡᠳᠡᠳ ᠤᠨ ᠲᠠᠯ᠎ᠠ ᠨᠤᠲᠤᠭ ᠢᠶᠠᠷ ᠲᠣᠭᠤᠷᠢᠨ ᠵᠤᠬᠢᠶᠠᠨ ᠪᠦᠲᠦᠭᠡᠭᠰᠡᠨ ᠤᠷᠠᠨ ᠵᠢᠷᠤᠭ  ᠤᠨ ᠦᠵᠡᠬᠦᠯᠦᠯᠬᠡ ᠦᠥᠰᠢᠨ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ  ᠳᠤ ᠶᠠᠪᠤᠭᠳᠠᠪᠠ
ᠨᠡᠶᠢᠲᠡᠯᠡᠭᠰᠡᠨ ᠴᠠᠭ᠄
2018-11-15
     11 ᠰᠠᠷ᠎ᠠ ᠶᠢᠨ 14 ᠤ ᠡᠳᠦᠷ᠂ ᠨᠠᠨᠵᠢᠩ ᠤᠨ ᠰᠡᠭᠡᠭᠡᠳᠡᠳ ᠤᠨ ᠲᠠᠯ᠎ᠠ ᠨᠤᠲᠤᠭ ᠢᠶᠠᠷ ᠲᠣᠭᠤᠷᠢᠨ ᠵᠤᠬᠢᠶᠠᠨ ᠪᠦᠲᠦᠭᠡᠭᠰᠡᠨ ᠤᠷᠠᠨ ᠵᠢᠷᠤᠭ ᠤᠨ ᠦᠵᠡᠬᠦᠯᠦᠯᠬᠡ ᠮᠠᠨ ᠤ ᠬᠤᠰᠢᠭᠤᠨ ᠤ ᠰᠣᠶᠣᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠠᠮᠵᠢᠯᠲᠠᠲᠠᠢ ᠶᠠᠪᠣᠭᠳᠠᠪᠠ᠃ ᠬᠤᠰᠢᠭᠤ ᠣᠳᠣᠷᠢᠳᠣᠯᠭ᠎ᠠ ᠹᠧᠩ ᡁᠢ ᠮᠢᠩ᠂ ᠾᠧ ᠣᠯᠠᠭᠠᠨ᠂ ᠯᠢ ᠬᠤᠩ ᠯᠢᠶᠠᠩ᠂ ᠤᠶᠤᠨᠪᠢᠯᠢᠭ᠌ ᠵᠢᠴᠢ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ᠂ ᠣᠷᠠᠨ ᠵᠢᠷᠤᠭ ᠲᠤ ᠪᠠᠭ᠋ᠠᠲᠠᠢ ᠬᠦᠮᠦᠰ ᠪᠤᠯᠤᠨ ᠣᠷᠠᠨ ᠵᠢᠷᠣᠭᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ ᠤᠢ ᠵᠢᠴᠢ ᠨᠠᠨᠵᠢᠩ ᠤᠨ ᠰᠡᠭᠡᠭᠡᠲᠡᠳ  ᠤᠨ ᠣᠷᠳᠣᠰ ᠤᠨ ᠲᠠᠯ᠎ᠠ ᠨᠤᠲᠤᠭ ᠢ ᠲᠡᠮᠵᠢᠨ ᠲᠣᠰᠠᠯᠠᠭᠰᠠᠨ 50 ᠵᠢᠯ ᠤᠨ ᠣᠢ ᠶᠢ ᠪᠡᠯᠬᠡᠯᠡᠬᠦ ᠲᠠᠰᠢᠷᠠᠮ ᠢᠶᠠᠷ ᠣᠷᠳᠣᠰ ᠬᠤᠲᠠ ᠶᠢᠨ ᠤᠯᠠᠨ ᠲᠦᠮᠡᠨᠴᠢ ᠤᠷᠠᠯᠢᠭ ᠤᠨ ᠣᠷᠳᠣᠨ᠂ ᠶᠡᠭᠡ ᠵᠤᠤ ᠵᠢᠷᠤᠭ ᠤᠨ ᠬᠦᠷᠢᠶᠡᠯᠡᠩ ᠠᠴᠠ ᠰᠠᠨᠠᠭᠠᠴᠢᠯᠠᠨ ᠬᠢᠭᠰᠡᠨ ᠨᠠᠨᠵᠢᠩ ᠪᠤᠯᠤᠨ ᠣᠷᠳᠣᠰ ᠤᠨ ᠣᠷᠠᠨ ᠵᠢᠷᠣᠭᠴᠢᠳ ᠤᠨ ᠲᠠᠯ᠎ᠠ ᠨᠤᠲᠤᠭ ᠢᠶᠠᠷ ᠲᠣᠭᠤᠷᠢᠨ ᠵᠤᠬᠢᠶᠠᠨ ᠪᠦᠲᠦᠭᠡᠯᠬᠡ ᠬᠢᠬᠦ ᠠᠵᠢᠯᠯᠠᠭ᠎ᠠ ᠶᠢ 8 ᠰᠠᠷ᠎ᠠ ᠶᠢᠨ 9 ᠤ ᠡᠳᠦᠷ ᠠᠴᠠ ᠡᠬᠢᠯᠡᠨ 20 ᠤ ᠡᠳᠦᠷ ᠪᠤᠯᠳᠠᠯ᠎ᠠ ᠣᠳᠤᠭ ᠬᠤᠰᠢᠭᠤ᠂ ᠣᠳᠤᠭ ᠤᠨ ᠡᠮᠦᠨᠡᠲᠦ ᠬᠤᠰᠢᠭᠤ᠂ ᠦᠥᠰᠢᠨ ᠬᠤᠰᠢᠭᠤ ᠵᠡᠷᠭᠡ ᠨᠠᠨᠵᠢᠩ ᠤᠨ ᠰᠡᠭᠡᠭᠡᠳᠡᠳ  ᠤᠨ ᠶᠠᠪᠤᠵᠤ ᠦᠩᠭᠡᠷᠡᠭᠰᠡᠨ ᠭᠠᠵᠠᠷ ᠤᠳ ᠢᠶᠠᠷ ᠦᠷᠨᠢᠬᠦᠯᠦᠭᠰᠡᠨ ᠪᠠᠶᠢᠨ᠎ᠠ᠃      ᠲᠣᠰ ᠠᠵᠢᠯᠯᠠᠭ᠎ᠠ ᠨᠢ ᠣᠷᠳᠣᠰ ᠪᠤᠯᠤᠨ ᠨᠠᠨᠵᠢᠩ ᠤᠨ ᠣᠷᠠᠨ ᠵᠢᠷᠣᠭᠴᠢᠳ ᠤᠨ ᠵᠤᠬᠢᠶᠠᠨ ᠪᠦᠲᠦᠭᠡᠯᠭᠡ ᠪᠠᠷ ᠲᠠᠮᠵᠢᠨ ᠲᠣᠬᠠᠢ ᠶᠢᠨ ᠦᠶ᠎ᠡ ᠶᠢᠨ ᠰᠡᠭᠡᠭᠡᠳᠡᠳ ᠤᠨ ᠲᠠᠯ᠎ᠠ ᠨᠤᠲᠤᠭ ᠲᠠᠬᠢ ᠠᠮᠢᠳᠣᠷᠠᠯ ᠪᠠ ᠵᠠᠯᠠᠭᠤ ᠨᠠᠰᠣᠨ ᠤ ᠤᠯᠠ ᠮᠦᠷ ᠢ ᠡᠷᠢᠯᠬᠢᠯᠡᠵᠦ ᠰᠡᠭᠡᠭᠡᠳᠡᠳ ᠪᠤᠯᠤᠨ ᠲᠠᠯ᠎ᠠ ᠨᠤᠲᠤᠭ ᠤᠨ ᠠᠷᠠᠳ ᠲᠦᠮᠡᠨ ᠤ ᠪᠠᠶᠠᠷ ᠪᠠᠭ᠋ᠠᠳᠣᠯᠲᠣ ᠣᠴᠠᠷᠠᠯ ᠵᠢᠴᠢ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ 40 ᠵᠢᠯ ᠤᠨ ᠬᠤᠪᠢᠷᠠᠯᠲᠠ ᠬᠦᠭᠵᠢᠯᠲᠡ ᠶᠢ ᠬᠠᠷᠠᠭᠤᠯᠵᠣ 12 ᠡᠳᠦᠷ ᠤᠨ ᠵᠤᠬᠢᠶᠠᠨ ᠪᠦᠲᠦᠬᠡᠯᠬᠡ ᠪᠠᠷ ᠲᠠᠮᠵᠢᠨ ᠠᠳᠠᠯᠢ ᠪᠤᠰᠤ ᠬᠠᠷᠠᠭᠠᠰᠣ᠂ ᠠᠳᠠᠯᠢ ᠪᠤᠰᠣ ᠣᠷᠠᠯᠢᠭ ᠤᠨ ᠢᠯᠡᠳᠬᠡᠬᠦ ᠠᠷᠭ᠎ᠠ ᠬᠡᠯᠪᠡᠷᠢ ᠪᠠᠷ ᠣᠷᠳᠣᠰ ᠤᠨ ᠲᠠᠯ᠎ᠠ ᠨᠤᠲᠤᠭ ᠤᠨ ᠦᠩᠭᠡ ᠦᠵᠡᠮᠵᠢ᠂ ᠵᠠᠩ ᠦᠢᠯᠡ᠂ ᠬᠦᠮᠦᠨ ᠨᠡᠶᠢᠭᠡᠮ᠂ ᠲᠡᠤᠬᠡ᠂ ᠦᠨᠳᠦᠰᠦᠳᠡᠨ ᠤ ᠵᠠᠩ ᠵᠠᠩᠰᠢᠯ ᠵᠡᠷᠭᠡ ᠤᠯᠠᠨ ᠲᠠᠯ᠎ᠠ ᠶᠢ ᠬᠠᠷᠠᠭᠤᠯᠣᠭᠰᠠᠨ 260 ᠪᠦᠲᠦᠬᠡᠯ ᠢ ᠲᠡᠯᠭᠡᠨ ᠦᠵᠡᠬᠦᠯᠵᠦ ᠣᠷᠳᠣᠰ ᠪᠤᠯᠤᠨ ᠨᠠᠨᠵᠢᠩ ᠤᠨ ᠣᠷᠠᠨ ᠵᠢᠷᠣᠭᠴᠢᠳ ᠤᠨ ᠶᠠᠪᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ ᠬᠠᠮᠲᠤ ᠪᠠᠷ ᠣᠷᠣᠭᠰᠢᠯᠠᠨ ᠲᠠᠪᠰᠢᠬᠤ ᠳᠤ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ᠃      ᠦᠢᠯᠡᠭᠠᠭᠰᠠᠨ ᠢᠶᠠᠷ ᠲᠣᠰ ᠣᠳᠠᠭᠠᠨ ᠤ ᠦᠵᠡᠬᠦᠯᠦᠯᠬᠡ ᠨᠢ ᠡᠨᠡ ᠰᠠᠷ᠎ᠠ ᠶᠢᠨ 20 ᠤ ᠡᠳᠦᠷ ᠪᠤᠯᠳᠠᠯ᠎ᠠ ᠶᠠᠪᠤᠭᠳᠠᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号