ᠬᠤᠰᠢᠭᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶᠠᠨ ᠤ 61 ᠳ᠋ᠤᠭᠡᠷ ᠤᠳᠠᠭᠠᠨ ᠤ ᠬᠤᠷᠠᠯ ᠵᠢᠴᠢ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠪᠠᠭ᠎ᠠ ᠳᠤᠭᠤᠶᠢᠯᠠᠩ ᠤᠨ 25 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-15
     11 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶᠠᠨ ᠤ 61 ᠳ᠋ᠤᠭᠡᠷ ᠤᠳᠠᠭᠠᠨ ᠤ ᠬᠤᠷᠠᠯ ᠵᠢᠴᠢ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠭ᠎ᠠ ᠳᠤᠭᠤᠶᠢᠯᠠᠩ  ᠤᠨ 25 ᠳ᠋ᠤᠭᠠᠷ ᠤᠳᠠᠭᠠᠨ ᠤ ᠬᠤᠷᠠᠯ ᠬᠤᠷᠠᠯᠳᠤᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠤᠯᠠᠭᠴᠢ ᠳᠠᠷᠤᠭ᠎ᠠ ᠵᠤᠦ ᠹᠧᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠦ ᠸᠧᠢ ᠵᠢᠴᠢ ᠪᠤᠰᠤᠳ ᠰᠢᠶᠠᠨ ᠤ ᠳᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
         ᠬᠤᠷᠠᠯ ᠳᠡᠭᠡᠷ᠎ᠠ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠦᠭᠡᠷᠡᠴᠢᠯᠡᠯᠲᠡ ᠶᠢ ᠪᠦᠬᠦ ᠲᠠᠯ᠎ᠠ  ᠪᠠᠷ ᠬᠦᠨᠵᠡᠭᠡᠶᠢᠷᠡᠬᠦᠯᠬᠦ ᠡᠯ᠎ᠡ ᠲᠤᠰᠬᠠᠢ ᠲᠦᠷᠤᠯ ᠤᠨ ᠪᠠᠭ᠎ᠠ ᠳᠤᠭᠤᠶᠢᠯᠠᠩ ᠤᠨ ᠠᠵᠢᠯ ᠤᠨ ᠲᠤᠬᠠᠢ ᠮᠡᠳᠡᠭᠦᠯᠤᠯᠲᠡ  ᠶᠢ ᠰᠤᠨᠤᠰᠴᠦ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ᠂ ᠬᠦᠳᠡᠭᠡ ᠲᠤᠰᠬᠤᠨ ᠤ ᠠᠵᠤ ᠦᠢᠯᠡᠰ ᠤᠨ ᠪᠦᠲᠦᠭᠡᠯᠲᠦ ᠠᠵᠢᠯᠯᠠᠭ᠎ᠠ᠂ ᠰᠢᠨ᠎ᠡ ᠪᠠᠶᠢᠳᠠᠯ ᠤᠨ ᠲᠤᠤᠷᠠᠬᠢ ᠱᠠᠰᠢᠨ ᠰᠤᠷᠳᠠᠬᠤᠨ  ᠤ ᠠᠵᠢᠯ ᠢ ᠴᠢᠩᠭᠠᠳᠬᠠᠬᠤ ᠪᠤᠯᠤᠨ ᠬᠠᠯᠠᠨ ᠰᠠᠶᠢᠵᠢᠷᠠᠭᠤᠯᠬᠤ ᠵᠡᠷᠭᠡ ᠰᠠᠨᠠᠯ ᠵᠦᠪᠯᠡᠯᠭᠡ ᠶᠢ ᠰᠤᠳᠤᠯᠤᠨ ᠶᠠᠷᠢᠯᠴᠠᠬᠤ  ᠶᠢᠨ ᠬᠠᠮᠲᠦ ᠬᠢᠨᠠᠨ ᠵᠦᠪᠯᠡᠪᠡ᠃      ᠬᠤᠷᠠᠯ ᠠᠴᠠ ᠵᠢᠭᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠤᠭᠤᠷᠢᠨ ᠪᠠᠶᠢᠴᠠᠭᠠᠵᠤ ᠦᠭᠡᠷᠡᠴᠢᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠠ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢᠶᠠᠨ ᠨᠠᠷᠢᠯᠢᠭᠵᠢᠭᠤᠯᠵᠤ ᠡᠯ᠎ᠡ ᠲᠠᠯ᠎ᠠ ᠶᠢᠨ ᠠᠵᠢᠯ ᠢᠶᠠᠨ ᠲᠤᠭᠤᠰᠢᠯᠠᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠳᠠᠭᠤᠰᠤᠭ᠎ᠠ ᠦᠭᠡᠢ ᠠᠵᠢᠯ ᠲᠦᠷᠦᠯ ᠢᠶᠠᠨ ᠰᠠᠶᠢᠲᠤᠷ ᠠᠩᠬᠠᠷᠤᠨ᠂ ᠬᠠᠷᠢᠭᠤᠴᠠᠯᠭᠠᠲᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠠᠷᠭ᠎ᠠ ᠪᠠᠷᠢᠯ ᠢᠶᠠᠨ ᠴᠢᠩᠭᠠᠳᠬᠠᠬᠤ ᠳᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠭᠡᠨ ᠦᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠬᠤᠭᠤᠴᠠᠭ᠎ᠠ ᠶᠤᠰᠤᠭᠠᠷ ᠪᠠᠶᠠᠯᠡᠬᠦᠯᠬᠦ ᠶᠢ ᠪᠠᠲᠤᠯᠠᠬᠤ ᠬᠡᠷᠡᠭᠲᠡᠢ ᠬᠡᠪᠡ᠃
         ᠬᠤᠷᠠᠯ ᠠᠴᠠ ᠵᠢᠭᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠶᠡᠷᠦᠩᠭᠡᠢ ᠱᠦᠵᠢ ᠶᠢᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠦᠭᠦᠯᠡᠯᠲᠠ ᠪᠠ ᠲᠦᠪ᠂ ᠦᠪᠡᠷᠲᠡᠭᠡᠨ ᠵᠠᠰᠬᠤ ᠤᠷᠤᠨ᠂ ᠬᠤᠲᠠ ᠶᠢᠨ ᠬᠠᠮᠢᠶ᠎ᠠ ᠪᠦᠬᠦᠢ ᠦᠭᠡᠷᠡᠴᠢᠯᠡᠯᠲᠡ ᠶᠢᠨ ᠲᠤᠬᠠᠢ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠰᠤᠳᠤᠯᠵᠤ ᠦᠭᠡᠷᠡᠴᠢᠯᠡᠯᠲᠡ ᠶᠢᠨ ᠠᠭᠤᠯᠤᠭᠳᠠᠬᠤᠨ ᠢ ᠬᠦᠨᠵᠡᠭᠡᠢ ᠤᠶᠢᠯᠠᠭᠠᠨ ᠦᠭᠡᠷᠡᠴᠢᠯᠡᠯᠲᠠ ᠶᠢᠨ ᠴᠢᠭᠯᠡᠯ ᠢ ᠵᠦᠪ ᠤᠨᠤᠪᠴᠢᠲᠠᠢ ᠠᠳᠬᠤᠵᠤ ᠨᠠᠮ ᠤᠨ ᠲᠦᠪ ᠬᠤᠷᠢᠶᠠᠨ ᠤ ᠰᠢᠢᠳᠪᠦᠷᠢᠲᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠡᠯ᠎ᠡ ᠲᠠᠯ᠎ᠠ ᠶᠢᠨ ᠦᠭᠡᠷᠡᠴᠢᠯᠡᠯᠲᠡ ᠶᠢᠨ ᠡᠭᠦᠷᠭᠡ ᠶᠢ ᠮᠠᠨ ᠤ ᠬᠤᠰᠢᠭᠤᠨ  ᠳᠤ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠲᠡᠭᠦᠯᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠦᠭᠡᠷᠡᠴᠢᠯᠡᠯᠲᠠ ᠶᠢᠨ ᠲᠦᠰᠦᠪ ᠪᠤᠯᠤᠨ ᠠᠷᠭ᠎ᠠ ᠠᠪᠴᠠᠯ ᠢᠶᠠᠨ ᠤᠶᠢᠯᠡᠳᠤᠯᠭᠡ ᠶᠢᠨ ᠳᠤᠮᠲᠠ ᠲᠠᠰᠤᠷᠠᠯᠲᠠ ᠦᠭᠡᠢ ᠬᠠᠯᠠᠨ ᠰᠠᠶᠢᠵᠢᠷᠠᠭᠤᠯᠵᠤ ᠠᠵᠢᠯ  ᠤᠨ ᠪᠤᠲᠠᠲᠦ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠲᠡᠷᠢᠭᠦᠨ ᠤ ᠠᠷᠭ᠎ᠠ ᠲᠤᠷᠰᠢᠯᠭ᠎ᠠ ᠶᠢ ᠬᠦᠨᠵᠡᠭᠡᠢ ᠠᠭᠤᠳᠠᠯᠠᠨ ᠢᠯᠡᠷᠡᠭᠦᠯᠬᠦ ᠶᠢᠨ ᠬᠠᠮᠲᠦ ᠬᠤᠷᠢᠶᠠᠩᠭᠤᠶᠢᠯᠠᠵᠤ᠂ ᠲᠦᠭᠡᠮᠡᠯᠵᠢᠬᠦᠯᠵᠤ ᠬᠡᠷᠡᠭᠵᠢᠬᠦᠯᠵᠤ ᠪᠤᠯᠬᠤ ᠦᠭᠡᠷᠡᠴᠢᠯᠡᠯᠲᠡ ᠶᠢᠨ ᠠᠷᠭ᠎ᠠ ᠲᠤᠷᠰᠢᠯᠭ᠎ᠠ ᠪᠤᠯᠭᠠᠨ ᠤᠯᠠᠨ ᠲᠦᠮᠡᠨ ᠳᠤ ᠦᠭᠡᠷᠡᠴᠢᠯᠡᠯᠲᠡ ᠶᠢᠨ ᠦᠷ᠎ᠡ ᠪᠦᠲᠦᠮᠵᠢ  ᠶᠢ ᠡᠳ᠋ᠯᠡᠬᠦᠯᠬᠦ ᠪᠠᠷ ᠴᠢᠷᠮᠠᠶᠢᠬᠤ ᠬᠡᠷᠡᠭᠲᠡᠢ ᠬᠡᠵᠡᠢ᠃
         ᠬᠤᠷᠠᠯ ᠳᠡᠭᠡᠷ᠎ᠡ ᠴᠢᠬᠤᠯᠠᠴᠢᠯᠠᠬᠤ ᠳᠤ ᠪᠠᠨ᠂ ᠠᠵᠢᠯ ᠤᠨ ᠡᠭᠦᠷᠭᠡ ᠪᠠᠨ ᠦᠨᠳᠤᠰᠤᠯᠡᠨ ᠪᠦᠲᠦᠮᠵᠢᠲᠠᠢ ᠠᠷᠭ᠎ᠠ ᠬᠡᠮᠵᠢᠶ᠎ᠡ ᠭᠠᠷᠭᠠᠵᠤ ᠦᠮᠴᠢᠯᠡᠯ ᠤᠨ ᠡᠷᠬᠡ ᠶᠢ ᠲᠤᠭᠲᠠᠭᠠᠬᠤ ᠪᠤᠯᠤᠨ ᠡᠳ᠋ ᠬᠦᠷᠦᠩᠭᠡ ᠪᠠᠨ ᠪᠠᠶᠢᠴᠠᠭᠠᠨ ᠬᠠᠷᠭᠤᠭᠤᠯᠬᠤ ᠠᠵᠢᠯ ᠢ ᠰᠠᠶᠢᠲᠤᠷ ᠬᠢᠵᠤ ᠦᠭᠡᠷᠡᠴᠢᠯᠡᠯᠲᠡ ᠶᠢᠨ ᠠᠵᠢᠯ ᠢ ᠲᠤᠭᠲᠠᠭᠰᠡᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ ᠡᠭᠦᠷᠭᠡ ᠪᠠᠨ ᠲᠤᠭᠲᠠᠭᠰᠡᠨ ᠬᠤᠭᠤᠴᠠᠭᠠᠨ ᠳᠤ ᠪᠡᠶᠡᠯᠡᠭᠦᠯᠵᠦ ᠳᠡᠶᠢᠯᠦᠭᠰᠡᠨ ᠦᠭᠡᠢ ᠰᠤᠮᠤ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠠᠴᠠ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃      ᠬᠤᠷᠠᠯ ᠳᠡᠭᠡᠷ᠎ᠡ ᠴᠢᠬᠤᠯᠠᠴᠢᠯᠠᠬᠤ ᠳᠤ ᠪᠠᠨ᠂ ᠱᠠᠰᠢᠨ ᠰᠤᠷᠲᠠᠬᠤᠨ ᠤ ᠠᠵᠢᠯ ᠨᠢ ᠨᠠᠮ ᠪᠤᠯᠤᠨ ᠤᠯᠤᠰ ᠤᠨ ᠠᠵᠢᠯ ᠤᠨ ᠶᠡᠷᠦᠩᠭᠡᠢ ᠪᠠᠶᠢᠳᠠᠯ ᠤᠨ ᠳᠤᠮᠲᠠ ᠦᠪᠡᠷᠮᠢᠴᠡ ᠴᠢᠬᠤᠯᠠ ᠴᠢᠨᠠᠷ ᠲᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠷᠬᠡᠪᠰᠢ ᠰᠢ ᠶᠢᠨ ᠫᠢᠩ ᠶᠡᠷᠦᠩᠭᠡᠢ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠦᠭᠦᠯᠡᠯᠲᠠ ᠪᠠ ᠡᠯ᠎ᠡ ᠱᠠᠲᠤᠨ ᠤ ᠱᠠᠰᠢᠨ ᠰᠤᠷᠲᠠᠬᠤᠨ ᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠠᠶᠢᠲᠠᠪᠤᠷᠢᠵᠢᠭᠤᠯᠵᠦ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠲᠡᠭᠦᠯᠦᠨ ᠡᠭᠦᠷᠭᠡ ᠬᠠᠷᠢᠭᠤᠴᠠᠯᠭ᠎ᠠ  ᠪᠠᠨ ᠪᠤᠳᠠᠳᠠᠶᠢᠵᠢᠭᠤᠯᠵᠤ ᠬᠠᠷᠢᠯᠴᠠᠨ ᠬᠠᠮᠲᠤᠷᠠᠯᠴᠠᠨ ᠰᠢᠨ᠎ᠡ ᠪᠠᠶᠢᠳᠠᠯ ᠳᠤᠤᠷᠠᠬᠢ ᠱᠠᠰᠢᠨ ᠰᠤᠷᠲᠠᠬᠤᠨ ᠤ ᠠᠵᠢᠯ ᠢ ᠢᠳᠡᠪᠬᠢᠲᠠᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠠᠢ ᠭᠡᠪᠡ᠃
         ᠬᠤᠷᠠᠯ ᠳᠡᠭᠡᠷ᠎ᠡ ᠪᠠᠰᠠ ᠦᠭᠡᠷᠡᠴᠢᠯᠡᠯᠲᠡ ᠪᠠ ᠬᠦᠭᠵᠢᠯᠲᠠ ᠶᠢᠨ ︽ᠬᠤᠶᠠᠷ ᠲᠠᠯ᠎ᠠ ᠪᠠᠷ ᠴᠢᠩᠭ᠎ᠠ ᠠᠳᠬᠤᠵᠤ ᠬᠤᠶᠠᠷ ᠢ ᠤᠰᠤᠯᠳᠠᠭᠤᠯᠤᠯ ᠥᠭᠡᠢ ᠬᠤᠶᠠᠷ ᠢ ᠠᠭᠢᠭᠤᠯᠬᠤ︾ ᠠᠵᠢᠯ ᠢ ᠰᠠᠶᠢᠲᠤᠷ ᠬᠢᠵᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠪᠠ ᠡᠯ᠎ᠡ ᠲᠦᠷᠤᠯ ᠤᠨ ᠡᠳᠤᠷ ᠲᠤᠳᠤᠮ ᠤᠨ ᠠᠵᠢᠯ ᠢ ᠨᠢᠭᠡᠳᠤᠯᠲᠠᠢ ᠲᠦᠯᠦᠪᠵᠢᠬᠦᠯᠦᠨ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ᠂ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠲᠤᠭᠠᠨ︾᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠤᠨ  ᠢ ᠠᠷᠢᠯᠭᠠᠬᠤ᠂ ᠠᠶᠤᠯᠭᠦᠢ ᠤᠶᠢᠯᠡᠳᠪᠤᠷᠢᠯᠡᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠠᠮ ᠢ ᠪᠦᠬᠦ ᠲᠠᠯ᠎ᠠ  ᠪᠠᠷ ᠴᠢᠩᠭ᠎ᠠ ᠵᠠᠰᠠᠬᠤ ᠪᠠ ᠵᠢᠯ ᠤᠨ ᠡᠴᠤᠰ ᠤᠨ ᠰᠢᠯᠭᠠᠨ ᠬᠤᠷᠢᠶᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠤᠯᠲᠠᠢ ᠠᠳᠬᠤᠨ ᠠᠵᠦ ᠠᠬᠤᠢ ᠨᠡᠶᠢᠬᠡᠮ ᠤᠨ ᠬᠦᠭᠵᠢᠯᠲᠠ ᠶᠢᠨ ᠬᠠᠷᠠᠯᠲᠠ ᠪᠠᠨ ᠪᠦᠬᠦ ᠬᠦᠴᠦᠨ ᠢᠶᠠᠷ ᠪᠡᠶᠡᠯᠡᠭᠦᠯᠵᠦ ᠠᠷᠠᠳ ᠤᠨ ᠦᠢᠯᠡᠳᠪᠤᠷᠢᠯᠡᠯ ᠠᠮᠢᠳᠤᠷᠠᠯ ᠢ ᠪᠠᠲᠤᠯᠠᠨ ᠨᠡᠶᠢᠬᠡᠮ ᠤᠨ ᠶᠡᠭᠡ ᠪᠠᠶᠢᠳᠠᠯ ᠪᠠ ᠡᠶ᠎ᠡ ᠵᠤᠬᠢᠴᠠᠯ ᠂ ᠠᠮᠤᠷ ᠲᠤᠭᠲᠠᠭᠤᠨ ᠢ ᠬᠠᠮᠠᠭᠠᠯᠬᠤ ᠬᠡᠷᠡᠭᠲᠠᠢ ᠭᠡᠪᠡ᠃      ᠬᠤᠷᠠᠯ ᠳᠡᠭᠡᠷ᠎ᠡ ᠪᠠᠰᠠ ᠪᠤᠰᠤᠳ ᠬᠡᠷᠡᠭ ᠤᠴᠢᠷ ᠢ ᠰᠤᠳᠤᠯᠤᠨ ᠶᠠᠷᠢᠯᠴᠠᠪᠠ᠃  
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号