ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-11-15
      11 ᠰᠠᠷ᠎ᠠ ᠶᠢᠨ 12 ᠤᠨ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠭᠠᠯ ᠤᠨᠳᠠᠷᠠᠭᠠᠬᠤ ᠶᠡᠭᠡ ᠠᠩᠬᠢ᠂ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠳᠤ ᠬᠦᠷᠴᠦ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠬᠦ  ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃
     ᠡᠷᠳᠡᠨᠢᠪᠢᠯᠢᠭ ᠬᠤᠰᠢᠭᠤ ᠠᠷᠠᠳ ᠤᠨ ᠰᠢᠬᠦᠬᠦ ᠬᠤᠷᠢᠶᠠᠨ ᠤ ᠰᠢᠬᠦᠨ ᠲᠠᠰᠤᠯᠬᠤ ᠲᠢᠩᠬᠢᠮ ᠢ ᠦᠷᠭᠡᠳᠭᠡᠨ ᠪᠠᠶᠢᠭᠤᠯᠬᠤ ᠲᠦᠷᠦᠯ ᠵᠦᠢᠯ᠂ ᠵᠠᠷᠭᠤ ᠵᠠᠭᠠᠯᠳᠤᠯᠭ᠎ᠠ ᠶᠢᠨ ᠦᠢᠯᠡᠴᠢᠯᠡᠭᠡᠨ ᠤ ᠲᠦᠪ᠂ ᠮᠤᠩᠭᠤᠯ ᠰᠢᠭᠦᠨ ᠲᠠᠰᠤᠯᠬᠤ ᠪᠦᠯᠬᠦᠮ ᠤᠨ ᠠᠵᠢᠯ ᠵᠡᠷᠭᠡ ᠶᠢ ᠪᠠᠶᠢᠴᠠᠭᠠᠨ ᠦᠵᠡᠭᠰᠡᠨ ᠤ ᠲᠠᠷᠠᠭ᠎ᠠ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠦᠬᠡ ᠶᠠᠷᠢᠶ᠎ᠠ᠂ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠬᠡᠳᠦᠯᠳᠡᠢ ᠪᠠᠶᠢᠯᠭᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ  ᠶᠢ ᠪᠠᠷᠢᠮᠳᠠᠯᠠᠵᠤ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠴᠤ᠂ ᠰᠢᠬᠦᠨ ᠲᠠᠰᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠠᠢ᠃ ᠲᠦᠪ ᠭᠤᠤᠯᠴᠢ ᠪᠠᠷ ᠬᠠᠤᠯᠢ ᠪᠠᠷᠢᠬᠤ ᠶᠢ ᠢᠮᠠᠭᠳᠠ ᠪᠠᠷᠢᠮᠳᠠᠯᠠᠵᠤ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠬᠡᠷᠡᠭᠲᠠᠢ᠃ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠳᠤᠷ ᠠᠳᠬᠤᠨ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠡᠩᠨᠡᠭᠡ ᠶᠢ ᠪᠠᠶᠢᠭᠤᠯᠬᠤ ᠬᠡᠷᠡᠭᠲᠠᠢ ᠬᠡᠵᠡᠢ᠃
     ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠳᠤ ᠡᠷᠳᠡᠨᠢᠪᠢᠯᠢᠭ ︽ᠪᠠᠶᠢᠴᠠᠭᠠᠬᠤ ᠪᠦᠯᠬᠦᠮ ᠤᠨ ᠬᠡᠪ ᠴᠢᠨᠠᠷ  ᠢ ᠳᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠦᠷᠨᠢᠬᠦᠯᠵᠦ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠤ᠂ ᠦᠢᠯᠡᠴᠢᠯᠡᠭᠡᠨ ᠤ ᠶᠡᠭᠡ ᠲᠢᠩᠭᠢᠮ᠂ ᠸᠢᠳᠢᠤ᠋ ᠪᠠᠷ ᠰᠤᠷᠪᠤᠯᠵᠢᠯᠠᠭ᠎ᠠ ᠬᠦᠯᠢᠶᠡᠬᠦ ᠲᠠᠰᠤᠭ ᠢ ᠲᠤᠭᠤᠷᠢᠨ ᠦᠵᠡᠵᠦ ᠴᠢᠬᠤᠯᠠᠴᠢᠯᠠᠬᠤ ᠳᠤ ᠪᠠᠨ᠂ ︽ᠤᠯᠤᠰ ᠲᠦᠷᠦ ᠶᠢ ᠡᠷᠬᠢᠮᠯᠡᠨ᠂ ᠪᠦᠬᠦ ᠲᠠᠯ᠎ᠠ ᠶᠢ ᠪᠤᠳᠤᠯᠬᠢᠯᠠᠨ᠂ ᠬᠦᠭᠵᠢᠯᠳᠡ ᠶᠢ ᠡᠷᠢᠯᠬᠢᠯᠡᠵᠦ᠂ ᠦᠪᠡᠷ ᠢ ᠪᠠᠨ ᠬᠦᠴᠦᠷᠭᠡᠭᠵᠢᠬᠦᠯᠬᠦ︾ ᠠᠵᠢᠯ ᠤᠨ ᠱᠠᠭᠠᠷᠳᠠᠯᠭ᠎ᠠ ᠶᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢ ᠨᠡᠮᠡᠭᠳᠡᠬᠦᠯᠦᠨ᠂ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠶᠡᠭᠡ ᠬᠠᠨᠳᠤᠰᠢ ᠤᠨ ᠠᠭᠤᠯᠵᠠᠷ ᠢ ᠵᠦᠪ ᠤᠨᠤᠪᠴᠢᠲᠠᠢ ᠡᠷᠢᠵᠤ ᠨᠡᠶᠢᠬᠡᠮ ᠤᠨ ᠭᠤᠤᠯ ᠵᠦᠷᠢᠴᠡᠯ ᠤᠨ ᠰᠢᠨ᠎ᠡ ᠬᠤᠪᠢᠷᠠᠯᠳᠠ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠢᠳᠡᠪᠬᠢᠳᠡᠢ᠂ ᠵᠤᠷᠢᠭᠳᠠᠢ ᠪᠠᠷ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠪᠢ ᠨᠡᠮᠡᠷᠢ ᠦᠵᠡᠬᠦᠯᠬᠦ ᠬᠡᠷᠡᠭᠲᠠᠢ᠃ ᠨᠠᠮ  ᠤᠨ ᠪᠠᠶᠢᠭᠤᠯᠤᠯᠳᠠ ᠶᠢᠨ ᠠᠵᠢᠯ᠂ ᠡᠩᠨᠡᠭᠡᠨ ᠤ ᠪᠠᠶᠢᠭᠤᠯᠤᠯᠳᠠ ᠶᠢᠨ ᠠᠵᠢᠯ ᠢ ᠰᠠᠶᠢᠲᠤᠷ ᠠᠳᠬᠤᠵᠤ᠂ ᠲᠦᠪ ᠭᠤᠤᠯᠴᠢ ᠪᠠᠷ ᠬᠠᠤᠯᠢ ᠪᠠᠷᠢᠬᠤ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠠᠢ ᠬᠡᠵᠡᠢ᠃
     ᠭᠠᠯ ᠤᠨᠳᠠᠷᠠᠭᠠᠬᠤ ᠶᠡᠭᠡ ᠠᠩᠬᠢ ᠳᠤ᠂ ᠡᠷᠳᠡᠨᠢᠪᠢᠯᠢᠭ ᠶᠡᠭᠡ ᠠᠩᠬᠢ ᠶᠢᠨ ᠬᠤᠲᠠ ᠶᠢᠨ ᠪᠦᠬᠦᠯᠢ ᠴᠤᠭᠴᠠ  ᠶᠢᠨ ᠠᠪᠤᠷᠠᠨ ᠲᠤᠰᠠᠯᠠᠬᠤ ᠠᠷᠭ᠎ᠠ ᠶᠢ ᠥᠵᠠᠵᠤ᠂ ᠡᠳᠦᠷ ᠲᠤᠳᠤᠮ ᠤᠨ ᠪᠤᠯᠪᠠᠰᠤᠷᠠᠯ᠂ ᠲᠡᠷᠭᠡ ᠮᠠᠰᠢᠨ ᠲᠤᠨᠤᠭ ᠲᠦᠬᠦᠬᠡᠷᠦᠮᠵᠢ ᠶᠢᠨ ᠪᠠᠶᠢᠳᠠᠯ ᠢ ᠠᠰᠠᠭᠤᠨ ᠤᠶᠢᠯᠠᠭᠠᠬᠤ ᠶᠢᠨ ᠬᠠᠮᠲᠤ ᠴᠢᠮᠡᠭᠡ ᠬᠤᠯᠪᠤᠭᠠᠨ ᠤ ᠲᠠᠰᠤᠭ᠂ ᠨᠤᠮ ᠤᠨ ᠲᠠᠰᠤᠭ ᠵᠡᠷᠭᠡ ᠪᠠᠷ ᠲᠤᠭᠤᠷᠢᠨ ᠦᠵᠡᠵᠦ ᠵᠢᠭᠠᠬᠤ ᠳᠤ ᠪᠠᠨ᠂ ᠭᠠᠯ ᠤᠨᠳᠠᠷᠠᠭᠠᠬᠤ ᠶᠡᠭᠡ ᠠᠩᠬᠢ ᠨᠢ ᠴᠠᠭ ᠢᠮᠠᠭᠳᠠ ᠠᠮᠤᠷ ᠲᠦᠪᠰᠢᠨ ᠤ ᠲᠠᠨᠢᠯᠳᠠ ᠲᠠᠢ ᠪᠠᠶᠢᠵᠤ᠂ ᠦᠵᠡᠯ ᠰᠠᠨᠠᠭ᠎ᠠ ᠳᠡᠭᠡᠷ᠎ᠡ ᠪᠠᠨ ᠴᠢᠬᠤᠯᠠᠴᠢᠯᠠᠨ ᠦᠢᠯᠡ ᠠᠵᠢᠯᠯᠠᠭ᠎ᠠ ᠳᠡᠭᠡᠷ᠎ᠡ ᠪᠠᠨ ᠲᠤᠭᠤᠰᠢᠯᠠᠭᠤᠯᠬᠤ ᠬᠡᠷᠡᠭᠲᠠᠢ᠃ ᠭᠠᠯ ᠢ ᠰᠡᠷᠬᠡᠶᠢᠯᠡᠬᠦ ᠤᠬᠠᠭᠤᠯᠭ᠎ᠠ ᠶᠢᠨ ᠠᠵᠢᠯ᠂ ᠠᠮᠤᠷ ᠲᠦᠪᠰᠢᠨ ᠤ ᠪᠠᠶᠢᠴᠠᠭᠠᠯᠳᠠ᠂ ᠲᠦᠪᠯᠡᠷᠡᠩᠬᠦᠢ ᠵᠠᠰᠠᠯᠳᠠ ᠶᠢ ᠰᠠᠶᠢᠳᠤᠷ ᠦᠷᠨᠢᠬᠦᠯᠵᠦ᠂ ᠪᠦᠬᠦ ᠠᠷᠠᠳ ᠤᠨ ᠭᠠᠯ ᠢ ᠰᠡᠷᠬᠡᠶᠢᠯᠡᠬᠦ ᠤᠬᠠᠮᠰᠠᠷ ᠢ ᠳᠡᠭᠡᠭᠰᠢᠯᠡᠬᠦᠯᠵᠦ᠂ ᠭᠠᠯ ᠤᠨᠳᠠᠷᠠᠭᠠᠬᠤ ᠠᠩᠬᠢ ᠶᠢᠨ ᠡᠩᠨᠡᠭᠡᠨ ᠤ ᠪᠠᠶᠢᠭᠤᠯᠤᠯᠳᠠ ᠪᠠᠨ ᠴᠢᠩᠭᠠᠳᠬᠠᠵᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠬᠢᠬᠡᠳ ᠠᠷᠠᠳ ᠲᠦᠮᠡᠨ ᠤ ᠠᠮᠤᠷ ᠲᠦᠪᠰᠢᠨ ᠠᠵᠤ ᠲᠦᠷᠦᠬᠦ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠠᠢ ᠬᠡᠵᠡᠢ᠃
     ᠡᠷᠳᠡᠨᠢᠪᠢᠯᠢᠭ ᠪᠠᠰᠠ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠮᠡᠷᠭᠡᠵᠢᠯ ᠳᠤ ᠬᠡᠷᠡᠭᠯᠡᠬᠦ ᠠᠯᠪᠠᠨ ᠠᠰᠠᠷ ᠪᠠ ᠠᠯᠪᠠᠨ ᠪᠠᠶᠢᠭᠤᠯᠭ᠎ᠠ ᠶᠢᠨ ᠠᠰᠠᠷ ᠲᠤ ᠬᠦᠷᠴᠦ ᠪᠤᠳᠠᠰ ᠤᠨ ᠬᠡᠷᠡᠴᠢ ᠶᠢᠨ ᠲᠠᠰᠤᠭ᠂ ᠵᠢᠭᠠᠨ ᠵᠢᠯᠤᠭᠤᠳᠬᠤ ᠲᠢᠩᠬᠢᠮ᠂ ᠪᠠᠴᠢᠮ ᠪᠠᠶᠢᠳᠠᠯ ᠢ ᠰᠢᠢᠳᠪᠤᠷᠢᠯᠡᠬᠦ ᠡᠳ᠋ ᠪᠤᠳᠠᠰ ᠢ ᠬᠠᠳᠠᠭᠠᠯᠠᠬᠤ ᠬᠦᠮᠦᠷᠭᠡ ᠵᠡᠷᠭᠡ ᠭᠠᠵᠠᠷ ᠢ ᠪᠠᠶᠢᠴᠠᠭᠠᠨ ᠦᠵᠡᠵᠦ᠂ ︽ᠪᠢᠴᠢᠯ ᠴᠠᠭᠳᠠᠭᠠᠨ ᠤ ᠶᠠᠪᠤᠳᠠᠯ︾ ᠤᠨ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠡᠷᠳᠡᠨᠢᠪᠢᠯᠢᠭ ᠵᠢᠠᠭᠠᠵᠤ ᠭᠠᠷᠭᠠᠬᠤ ᠳᠤ ᠪᠠᠨ᠂ ᠲᠤᠳᠤᠭᠠᠲᠤ ᠶᠢ ᠬᠠᠮᠠᠭᠠᠯᠠᠬᠤ ᠰᠢᠰᠲ᠋ᠧᠮ ᠤᠨ ᠬᠢᠨ ︽ᠨᠠᠮ ᠳᠤ ᠪᠠᠨ ᠦᠨᠡᠨᠴᠢ᠂ ᠠᠷᠠᠳ ᠲᠦᠮᠡᠨ ᠳᠤ ᠦᠢᠯᠡᠴᠢᠯᠡᠬᠦ᠂ ᠲᠦᠪ ᠭᠤᠤᠯᠴᠢ ᠪᠠᠷ ᠬᠠᠤᠯᠢ ᠬᠡᠷᠡᠭᠵᠢᠬᠦᠯᠬᠦ᠂ ᠰᠠᠬᠢᠯᠭ᠎ᠠ ᠪᠠᠲᠤ ᠴᠢᠩᠭ᠎ᠠ︾ ᠶᠡᠷᠦᠩᠬᠡᠢ ᠱᠠᠭᠠᠷᠳᠠᠯᠭ᠎ᠠ ᠪᠠᠷ ᠡᠩᠨᠡᠭᠡᠨ ᠤ ᠪᠠᠶᠢᠭᠤᠯᠤᠯᠳᠠ ᠪᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠠᠵᠢᠯ  ᠤᠨ ᠴᠢᠳᠠᠪᠤᠷᠢ ᠪᠠᠨ ᠳᠡᠭᠡᠭᠰᠢᠯᠡᠬᠦᠯᠵᠦ᠂ ︽ᠠᠮᠤᠷ ᠲᠦᠪᠰᠢᠨ ᠦᠤᠰᠢᠨ︾ ᠤ ᠪᠠᠶᠢᠭᠤᠯᠤᠯᠳᠠ ᠶᠢ ᠠᠬᠢᠭᠤᠯᠬᠤ ᠬᠡᠷᠡᠭᠲᠠᠢ ᠬᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠡᠷᠬᠡᠪᠰᠢ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠤᠳᠤᠷᠢᠳᠤᠯᠭ᠎ᠠ᠂ ᠤᠯᠤᠰ ᠤᠨ ᠶᠡᠷᠦᠩᠭᠡᠢ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠬᠦ ᠴᠠᠭ ᠦᠶ᠎ᠡ ᠶᠢᠨ ᠤᠨᠴᠠᠯᠢᠭ ᠰᠢᠨᠵᠢ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠱᠠᠭᠠᠷᠳᠠᠯᠭ᠎ᠠ᠂ ᠰᠢᠨ᠎ᠡ ᠴᠠᠭ ᠦᠶ᠎ᠡ  ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠪᠠᠳᠤ ᠡᠵᠡᠮᠳᠡᠨ᠂ ᠨᠤᠮᠢᠨ ᠲᠠᠩᠰᠤᠭ ᠦᠤᠰᠢᠨ ᠤ ︽ᠨᠤᠮᠢᠨ ᠲᠠᠩᠰᠤᠭ ᠬᠦᠭᠵᠢᠨ ᠮᠠᠨᠳᠤᠯᠲᠠ︾ ᠳᠤ ᠬᠤᠪᠢ ᠨᠡᠮᠡᠷᠢ ᠦᠵᠡᠬᠦᠯᠬᠦ ᠬᠡᠷᠡᠭᠲᠠᠢ ᠬᠡᠵᠡᠢ᠃
     ᠬᠤᠰᠢᠭᠤ ᠤᠳᠤᠷᠢᠳᠤᠯᠭ᠎ᠠ ᠰᠤᠷᠭᠠᠯᠲᠤ᠂ ᠵᠤᠤ ᠶᠦᠩ ᠹᠧᠩ᠂ ᠭᠤᠤ ᠬᠤ᠋ ᠵᠢᠴᠢ ᠬᠤᠰᠢᠭᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠲᠠᠷᠤᠭ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠠᠷᠠᠳᠠᠨ ᠪᠠᠶᠢᠴᠠᠭᠠᠨ ᠰᠤᠳᠤᠯᠤᠯᠳᠠ ᠬᠢᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号