ᠪᠥᠭᠦ ᠬᠤᠰᠢᠭᠤᠨ ᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠭᠢᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-15
     
     11 ᠰᠠᠷ᠎ᠠ ᠶᠢᠨ 13 ᠤ ᠡᠳᠤᠷ᠂ ᠪᠥᠭᠦ ᠬᠤᠰᠢᠭᠤᠨ ᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠭᠢᠭᠤᠯᠤᠯᠳᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠭᠤᠤ ᠬᠤ᠋᠂ ᠸᠠᠩ ᠭᠠᠩ᠂ ᠰᠥᠨ ᠰᠢᠶᠤᠤ ᠴᠢᠶᠠᠩ᠂ ᠽᠥᠸᠧ ᠴᠧᠨ ᠭᠤᠸᠠᠩ ᠪᠤᠯᠤᠨ ᠬᠤᠰᠢᠭᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠨᠢᠭᠡᠴᠢ ᠶᠢᠨ ᠭᠤᠤᠯ ᠬᠠᠷᠢᠭᠤᠴᠠᠯᠭᠠᠳᠠᠨ᠂ ᠬᠤᠰᠢᠭᠤ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ᠶᠢᠨ ᠤᠳᠤᠷᠢᠳᠬᠤ ᠪᠠᠭ ᠤᠨ ᠪᠥᠷᠢᠯᠳᠤᠭᠦᠨ ᠪᠤᠯᠤᠨ ᠡᠯ᠎ᠠ ᠰᠤᠮᠤ ᠪᠠᠯᠭᠠᠰᠤ᠂ ᠬᠤᠰᠢᠭᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠵᠤᠤ ᠹᠸᠢ ᠯᠤ᠋ ᠬᠤᠷᠠᠯ ᠢ ᠡᠷᠭᠢᠯᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠲᠡᠳ᠋ ᠲᠠᠷᠤᠭ᠎ᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋᠂ ᠬᠤᠰᠢᠭᠤ ᠰᠢᠭᠦᠭᠦ ᠬᠤᠷᠢᠶᠠᠨ ᠤ ᠲᠠᠷᠤᠭ᠎ᠠ ᠰᠥᠨ ᠰᠢᠶᠤᠤ ᠴᠢᠶᠠᠩ᠂ ᠬᠤᠰᠢᠭᠤ ᠪᠠᠶᠢᠴᠠᠭᠠᠬᠤ ᠬᠤᠷᠢᠶᠠᠨ ᠤ ᠲᠠᠷᠤᠭ᠎ᠠ ᠽᠥᠸᠧ ᠴᠧᠨ ᠭᠤᠸᠠᠩ ᠪᠤᠯᠤᠨ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ᠂ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠢᠨᠠᠨ ᠪᠠᠶᠢᠴᠠᠭᠠᠬᠤ ᠵᠥᠪᠯᠠᠯ ᠤᠨ ᠬᠠᠷᠢᠭᠤᠴᠠᠯᠭᠠᠳᠠᠨ ᠲᠤᠰ ᠲᠤᠰ ᠠᠵᠢᠯ ᠤᠨ ᠬᠠᠷᠢᠭᠤ ᠮᠡᠳᠡᠭᠦᠯᠥᠯᠳᠠ ᠭᠢᠭᠰᠡᠨ ᠪᠠᠶᠢᠨ᠎ᠠ᠃ ᠬᠤᠷᠠᠯ ᠲᠡᠭᠡᠷ᠎ᠡ ᠰᠤᠷᠭᠠᠯᠳᠤ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠶᠢᠨ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠭᠢᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠳᠤ ᠮᠠᠨ ᠤ ᠬᠤᠰᠢᠭᠤᠨ ᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠲᠤᠭᠢᠷᠠᠭᠤᠯᠤᠯᠳᠠ ᠭᠢᠭᠰᠡᠨ ᠪᠠᠶᠢᠨ᠎ᠠ᠃
     ᠡᠷᠳᠡᠨᠢᠪᠢᠯᠢᠭ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠭᠤᠤᠯᠳᠠᠯᠭᠠᠲᠤ ᠬᠦᠷᠢᠶ᠎ᠡ ᠴᠠᠷᠠᠭᠠᠨ ᠳᠠᠬᠢ ᠢᠯᠡ ᠪᠠᠷ ᠪᠠᠶᠢᠴᠠᠭᠠᠵᠤ ᠳᠠᠯᠳᠠ ᠪᠠᠷ ᠤᠶᠢᠯᠠᠭᠠᠬᠤ ᠶᠢ ᠴᠢᠩᠭᠠᠳᠬᠠᠵᠤ᠂ ᠨᠡᠶᠢᠬᠡᠮ ᠤᠨ ᠠᠮᠤᠷ ᠲᠦᠪᠰᠢᠨ ᠢ ᠵᠢᠯᠤᠭᠤᠳᠬᠤ ᠴᠢᠳᠠᠪᠤᠷᠢ ᠪᠠ ᠵᠠᠬᠢᠷᠤᠨ ᠬᠠᠮᠢᠶᠠᠷᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠠᠢ᠃ ᠦᠩᠭᠡ ᠦᠨᠳᠤᠰᠤ ᠶᠢ ᠵᠠᠷᠭᠡᠪᠡᠷ ᠵᠠᠰᠠᠵᠤ᠂ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ᠃ ᠲᠤᠰᠬᠠᠢ ᠲᠥᠷᠥᠯ ᠤᠨ ᠲᠠᠮᠠᠴᠠᠯ ᠪᠤᠯᠤᠨ ᠰᠢᠰᠲ᠋ᠧᠮᠴᠢ ᠵᠠᠰᠠᠨ ᠴᠡᠭᠴᠡᠯᠠᠯᠳᠠ᠂ ᠬᠦᠳᠡᠯᠤᠩᠭᠦᠢ ᠪᠠᠷ ᠬᠠᠮᠢᠶᠠᠷᠤᠨ ᠡᠵᠡᠮᠳᠡᠬᠦ᠂ ᠡᠭᠢ ᠡᠭᠦᠰᠤᠯ ᠠᠴᠠ ᠨᠢ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠤᠨ᠂ ᠭᠤᠤᠯᠳᠠᠯᠭ᠎ᠠ ᠲᠠᠢ ᠪᠠᠷ ᠵᠠᠰᠠᠨ ᠴᠡᠭᠴᠡᠯᠡᠬᠦ ᠶᠢ ᠴᠢᠩᠭᠠᠳᠬᠠᠬᠤ ᠬᠡᠷᠡᠭᠲᠠᠢ᠃ ᠠᠵᠢᠯ ᠤᠨ ᠭᠤᠤᠯᠳᠠᠯᠭ᠎ᠠ ᠳᠤ ᠴᠢᠭᠯᠡᠭᠦᠯᠤᠨ᠂ ᠴᠤᠭᠢᠯᠳᠠ ᠥᠭᠭᠦ ᠭᠥᠴᠥᠯᠠᠴᠠ ᠪᠠᠨ ᠨᠡᠮᠡᠭᠳᠡᠭᠦᠯᠭᠦ ᠭᠡᠷᠡᠭᠳᠠᠢ᠃ ᠬᠤᠯᠪᠤᠭᠠᠯᠠᠨ ᠬᠦᠳᠡᠯᠦᠯᠴᠡᠬᠦ ᠲᠤᠭᠲᠠᠯᠴᠠᠭ᠎ᠠ ᠶᠢ ᠳᠡᠭᠦᠯᠳᠡᠷᠵᠢᠭᠦᠯᠵᠤ ᠠᠵᠢᠯ ᠤᠨ ᠦᠢᠯᠡᠳᠤᠯ ᠴᠢᠳᠠᠪᠬᠢ ᠪᠠᠨ ᠭᠦᠢᠴᠡᠳ ᠪᠠᠳᠠᠷᠠᠭᠤᠯᠤᠨ ᠲᠤᠰ ᠰᠢᠰᠲ᠋ᠧᠮ ᠲᠤᠰ ᠲᠤᠬᠠᠶᠢᠯᠠᠭᠰᠠᠨ ᠠᠵᠢᠯ ᠲᠤᠰ ᠬᠦᠷᠢᠶ᠎ᠡ ᠴᠠᠷᠠᠭᠠᠨ ᠤ ᠬᠠᠷ᠎ᠠ ᠪᠥᠯᠥᠭᠳᠠᠨ ᠬᠠᠷᠭᠢᠰ ᠭᠥᠴᠤᠨ ᠤ ᠬᠠᠤᠯᠢ ᠵᠦᠷᠢᠴᠡᠭᠰᠡᠨ ᠬᠡᠷᠡᠭ ᠤᠨ ᠰᠢᠵᠢᠮ ᠢ ᠬᠦᠨ ᠠᠭᠤᠳᠠᠯᠠᠬᠤ ᠬᠡᠷᠡᠭᠲᠠᠢ᠃ ᠦᠨᠳᠤᠰᠤᠨ ᠱᠠᠲᠤᠨ ᠤ ᠵᠤᠬᠢᠶᠠᠨ ᠪᠡᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠨ ᠴᠡᠭᠴᠡᠯᠡᠬᠦ ᠰᠢᠰᠲ᠋ᠧᠮ ᠢ ᠰᠢᠨᠡᠴᠢᠯᠡᠨ ᠪᠦᠷᠢᠨᠰᠢᠭᠦᠯᠵᠤ᠂ ᠬᠦᠳᠡᠭᠡ ᠲᠤᠰᠬᠤᠨ ᠤ ᠪᠤᠯᠪᠠᠰᠤᠨ ᠰᠤᠷᠲᠠᠯ ᠢ ᠬᠦᠮᠦᠵᠢᠭᠦᠯᠦᠨ ᠰᠢᠯᠢᠳᠡᠭ ᠰᠠᠶᠢᠨ ᠨᠡᠶᠢᠬᠡᠮ ᠤᠨ ᠬᠡᠪ ᠰᠤᠷᠲᠠᠯ ᠢ ᠪᠤᠢ ᠪᠤᠯᠭᠠᠵᠤ᠂ ᠵᠤᠬᠢᠶᠠᠨ ᠪᠡᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠲᠤᠰᠬᠠᠢ ᠲᠠᠮᠠᠴᠠᠯ ᠢ ᠴᠢᠬᠤᠯᠠ ᠤᠯᠤᠰ ᠲᠦᠷᠤ ᠶᠢᠨ ᠡᠭᠦᠷᠭᠡ ᠪᠤᠯᠭᠠᠵᠤ ᠭᠤᠤᠯ ᠤᠳᠤᠷᠢᠳᠤᠯᠭ᠎ᠠ ᠨᠢᠭᠡᠳᠤᠭᠡᠷ ᠬᠠᠷᠢᠭᠤᠴᠠᠯᠭ᠎ᠠ ᠶᠢᠨ ᠬᠦᠮᠦᠨ ᠤ ᠬᠠᠷᠢᠭᠤᠴᠠᠯᠭ᠎ᠠ ᠶᠢ ᠡᠭᠦᠷᠭᠡᠯᠡᠵᠤ᠂ ᠬᠠᠷᠢᠶᠠᠲᠤ ᠤᠷᠤᠨ ᠤ ᠬᠠᠮᠢᠶᠠᠷᠤᠯᠲᠠ ᠶᠢ ᠴᠢᠩᠭᠠᠳᠬᠠᠨ ᠬᠤᠯᠪᠤᠭᠠᠯᠠᠨ ᠬᠦᠳᠡᠯᠤᠯᠴᠠᠵᠤ ᠪᠦᠭᠦᠲᠡ ᠶᠢ ᠠᠳᠬᠤᠨ ᠬᠠᠮᠢᠶᠠᠷᠬᠤ ᠠᠵᠢᠯ ᠤᠨ ᠪᠦᠲᠦᠴᠡ ᠶᠢ ᠪᠦᠷᠢᠯᠳᠤᠭᠦᠯᠬᠦ ᠬᠡᠷᠡᠭᠲᠠᠢ᠃ ᠦᠷᠭᠡᠨ ᠢᠶᠠᠷ ᠤᠬᠠᠭᠤᠯᠭ᠎ᠠ ᠲᠠᠶᠢᠴᠢᠯᠠᠯᠲᠠ ᠬᠢᠵᠤ᠂ ᠠᠷᠠᠳ ᠲᠦᠮᠡᠨ  ᠳᠤ ᠲᠦᠰᠢᠭᠯᠡᠨ᠂ ᠠᠷᠠᠳ ᠲᠦᠮᠡᠨ ᠢ ᠳᠠᠶᠢᠴᠢᠯᠠᠨ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠬᠡᠨ ᠰᠢᠨ᠎ᠡ ᠪᠠᠶᠢᠳᠠᠯ ᠳᠤᠤᠷᠠᠬᠢ ᠠᠷᠠᠳ ᠲᠦᠮᠡᠨ ᠲᠠᠢ ᠤᠶᠠᠯᠳᠤᠭᠤᠯᠤᠨ ᠬᠠᠮᠲᠤᠪᠡᠷ ᠰᠡᠷᠭᠡᠶᠢᠯᠡᠨ ᠵᠠᠰᠠᠬᠤ ᠰᠢᠨ᠎ᠡ ᠠᠷᠭ᠎ᠠ ᠵᠠᠮ ᠢ ᠡᠷᠢᠯᠬᠢᠯᠡᠬᠦ ᠬᠡᠷᠡᠭᠲᠠᠢ᠃ ᠬᠠᠷᠢᠭᠤᠴᠠᠯᠭ᠎ᠠ ᠡᠭᠦᠷᠭᠡᠯᠡᠭᠦ ᠪᠠᠨ ᠴᠢᠩᠭᠠᠳᠬᠠᠨ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠢ ᠵᠢᠯ ᠤᠨ ᠡᠴᠤᠰ ᠤᠨ ᠠᠵᠢᠯ ᠤᠨ ᠪᠦᠲᠦᠮᠵᠢ ᠶᠢᠨ ᠬᠢᠨᠠᠨ ᠰᠢᠯᠭᠠᠨ ᠬᠤᠷᠢᠶᠠᠯᠲᠠ ᠳᠤ ᠤᠷᠤᠭᠤᠯᠵᠤ᠂ ᠪᠦᠲᠦᠮᠵᠢ ᠳᠤᠪᠤᠶᠢᠮ᠎ᠠ ᠪᠠᠶᠢᠭᠤᠯᠭ᠎ᠠ ᠨᠢᠭᠡᠴᠢ ᠪᠠ ᠬᠤᠪᠢ ᠬᠦᠮᠦᠨ ᠢ ᠱᠠᠩᠨᠠᠨ ᠬᠦᠬᠢᠭᠦᠯᠵᠤ᠂ ᠢᠯᠡ ᠲᠤᠳᠤ ᠤᠳᠤᠷᠢᠳᠤᠮᠵᠢ ᠶᠢ ᠪᠤᠢ ᠪᠤᠯᠭᠠᠬᠤ ᠬᠡᠷᠡᠭᠲᠠᠢ ᠭᠡᠪᠡ᠃
     ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ ᠪᠠ ᠡᠯ᠎ᠡ ᠱᠠᠲᠤᠨ ᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠷᠪᠠᠨ ᠰᠢᠨ᠎ᠡ ᠰᠢᠪᠲᠤᠯᠤᠯᠲᠠ︾ ᠶᠢᠨ ᠱᠠᠭᠠᠷᠳᠠᠯᠭ᠎ᠠ ᠪᠠᠷ ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠵᠤ᠂ ᠵᠤᠬᠢᠴᠠᠭᠤᠯᠤᠨ ᠬᠠᠮᠵᠢᠯᠴᠠᠬᠤ ᠶᠢ ᠴᠢᠩᠭᠠᠳᠬᠨ᠂ ᠴᠤᠬᠢᠯᠲᠠ ᠦᠭᠬᠦ ᠶᠢ ᠳᠤᠪᠤᠶᠢᠯᠭᠠᠵᠤ ᠬᠠᠷ᠎ᠠ ᠪᠥᠯᠥᠭᠳᠠᠨ ᠬᠠᠷᠭᠢᠰ ᠭᠥᠴᠤᠨ ᠶᠢ ᠲᠠᠰᠤ ᠠᠷᠢᠯᠭᠠᠨ᠂ ᠠᠷᠠᠳ ᠲᠦᠮᠡᠨ ᠤ ᠠᠮᠦᠷ ᠲᠦᠪᠰᠢᠨ ᠤ ᠬᠠᠨᠤᠮᠵᠢ ᠶᠢ ᠳᠡᠭᠡᠭᠰᠢᠯᠡᠭᠦᠯᠵᠤ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠢᠯᠡᠯᠲᠠ ᠶᠢ ᠤᠯᠬᠤ ᠪᠠᠷ ᠡᠷᠡᠰ ᠲᠡᠮᠡᠴᠡᠬᠦ ᠬᠡᠷᠡᠭᠲᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号