ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ | ᠦᠵᠡᠬᠦᠯᠭᠡ ᠶᠢ ᠲᠤᠭᠤᠷᠢᠨ ᠦᠵᠡᠵᠡᠢ | ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 13 ᠤ ᠴᠠᠬᠢᠯᠭᠠᠨ ᠮᠡᠳᠡᠭᠡ ᠦᠭᠡᠷᠡᠴᠢᠯᠡᠯᠳᠠ | ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠲᠦᠪ ᠬᠤᠷᠢᠶᠠᠨ ᠤ ᠶᠡᠷᠦᠩᠭᠡᠢ | ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ 13 ᠤ ᠡᠳᠦᠷ ᠤᠯᠤᠰ ᠤᠨ ᠮᠦᠽᠸᠢ ᠳᠤ ᠬᠦᠷᠴᠦ᠂ ︽ᠠᠭᠤᠤ ᠶᠡᠭᠡ ᠬᠤᠪᠢᠰᠤᠯᠳᠠ — ᠦᠭᠡᠷᠡᠴᠢᠯᠡᠯᠳᠠ | ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠲᠤᠮᠤ ᠭᠡᠯᠪᠡᠷᠢ ᠶᠢᠨ ᠦᠵᠡᠬᠦᠯᠭᠡ︾ ᠶᠢ ᠲᠤᠭᠤᠷᠢᠨ ᠦᠵᠡᠪᠡ᠃ | ᠲᠡᠷᠡ᠂ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠳᠦ | ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠳᠤᠮᠳᠠᠳᠤ ᠤᠯᠤᠰ ᠤᠨ ᠠᠷᠠᠳ ᠲᠦᠮᠡᠨ ᠰᠢᠷᠭᠠᠭᠤ | ᠬᠠᠳᠠᠭᠤᠵᠢᠯᠳᠠᠢ ᠲᠡᠮᠡᠴᠡᠵᠦ᠂ ᠤᠯᠤᠰ ᠪᠠ ᠦᠨᠳᠦᠰᠦᠳᠡᠨ ᠤ ᠬᠦᠭᠵᠢᠯᠳᠡ ᠶᠢᠨ ᠢᠷᠠᠭᠤ ᠭᠠᠶᠢᠬᠠᠮᠰᠢᠭᠳᠤ ᠲᠤᠤᠯᠢᠰ ᠢ | ᠠᠵᠢᠯᠴᠢ ᠬᠤᠶᠠᠷ ᠭᠠᠷ ᠢᠶᠠᠷ ᠢᠶᠠᠨ ᠪᠢᠴᠢᠭᠯᠡᠵᠦ᠂ ᠳᠤᠮᠳᠠᠳᠤ ᠶᠢᠨ ᠡᠬᠡ ᠭᠠᠵᠠᠷ ᠲᠤ ᠳᠡᠭᠷᠢ ᠭᠠᠵᠠᠷ ᠢ ᠲᠤᠩᠰᠤᠯᠭᠠᠮ᠎ᠠ | ᠠᠭᠤᠤ ᠶᠡᠭᠡ ᠬᠤᠪᠢᠰᠤᠯᠳᠠ ᠭᠠᠷᠴᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠳᠤ ᠤᠯᠤᠰ ᠤᠨ | ᠬᠦᠭᠵᠢᠯᠳᠡ ᠶᠢᠨ ᠠᠤᠭ᠎ᠠ ᠵᠢᠷᠤᠭ ᠲᠦᠰᠦᠪ ᠢ ᠵᠢᠷᠤᠭᠯᠠᠪᠠ᠂ ᠪᠢᠳᠡ ᠰᠢᠨ᠎ᠠ ᠴᠠᠭ ᠦᠶ᠎ᠠ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ | ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ | ᠭᠠᠳᠠᠭᠠᠳᠤ ᠨᠡᠬᠡᠬᠡᠯᠳᠡ ᠪᠠᠨ ᠦᠷᠭᠡᠳᠭᠡᠬᠦ ᠳᠤ ᠬᠦᠷᠪᠡᠯ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ | ᠯᠠᠪᠳᠠᠢ ᠨᠡᠩ ᠰᠠᠶᠢᠨ ᠰᠠᠶᠢᠬᠠᠨ ᠢᠷᠡᠭᠡᠳᠦᠢ ᠪᠠᠨ ᠤᠭᠳᠤᠬᠤ ᠪᠤᠯᠤᠨ᠎ᠠ᠃ ᠦᠵᠡᠬᠦᠯᠭᠡ ᠪᠠᠷ ᠳᠠᠮᠵᠢᠨ᠂ ᠦᠷᠭᠡᠨ | ᠤᠯᠠᠨ ᠺᠠᠳ᠋ᠷ ᠤᠯᠠᠨ ᠲᠦᠮᠡᠨ ᠢ ᠰᠤᠷᠭᠠᠨ ᠬᠦᠮᠦᠵᠢᠭᠦᠯᠵᠦ ᠬᠦᠳᠦᠯᠦᠨ ᠵᠢᠯᠤᠭᠤᠳᠴᠤ ᠪᠠᠶᠢᠭᠠᠳ ᠳᠤᠮᠳᠠᠳᠤ | ᠤᠯᠤᠰ ᠤᠨ ᠡᠪ ᠬᠠᠮᠳᠤ ᠨᠠᠮ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠬᠦᠴᠦᠨ ᠢ ᠨᠡᠩ ᠭᠦᠨᠵᠡᠭᠡᠢ ᠤᠶᠢᠯᠠᠭᠠᠭᠤᠯᠵᠤ᠂ ᠮᠠᠨ ᠤ | ᠨᠠᠮ ᠤᠨ ᠤᠨᠤᠯ ᠪᠤᠯ ᠵᠦᠪ᠂ ᠨᠠᠮ ᠤᠨ ᠲᠦᠪ ᠬᠤᠷᠢᠶ᠎ᠠ ᠠᠴᠠ ᠲᠤᠭᠳᠠᠭᠠᠭᠰᠠᠨ ᠦᠭᠡᠷᠡᠴᠢᠯᠡᠯᠳᠡ ᠨᠡᠬᠡᠬᠡᠯᠳᠡ ᠶᠢᠨ | ᠱᠤᠭᠤᠮ ᠴᠢᠭᠯᠡᠯᠳᠡ ᠪᠤᠯ ᠵᠦᠪ᠂ ᠦᠭᠡᠷᠡᠴᠢᠯᠡᠯᠳᠡ ᠨᠡᠬᠡᠬᠡᠯᠳᠡ ᠶᠢᠨ ᠲᠤᠬᠠᠢ ᠠᠯᠢ ᠤᠯᠠᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯ ᠵᠦᠪ ᠭᠡᠳᠡᠭ ᠢ ᠨᠡᠩ ᠭᠦᠨᠵᠡᠭᠡᠢ ᠲᠠᠨᠢᠭᠤᠯᠵᠤ᠂ ᠦᠭᠡᠷᠡᠴᠢᠯᠡᠯᠳᠡ | ᠨᠡᠬᠡᠬᠡᠯᠳᠡ ᠪᠤᠯᠤᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠰᠠᠷᠠᠭᠤᠯ | ᠢᠷᠡᠭᠡᠳᠦᠢ ᠶᠢ ᠨᠡᠩ ᠭᠦᠨᠵᠡᠭᠡᠢ ᠲᠠᠨᠢᠭᠤᠯᠵᠤ᠂ ᠦᠵᠡᠯ ᠰᠠᠨᠠᠭ᠎ᠠ ᠪᠠᠨ ᠨᠢᠭᠡᠳᠭᠡᠵᠤ᠂ ᠬᠠᠮᠳᠦ ᠶᠢᠨ ᠲᠠᠨᠢᠯᠳᠠ ᠶᠢ | ᠨᠢᠭᠳᠠᠷᠠᠭᠤᠯᠵᠤ᠂ ᠲᠡᠮᠡᠴᠡᠯ ᠤᠨ ᠵᠤᠷᠢᠭ ᠢ ᠬᠦᠪᠴᠢᠯᠡᠵᠤ᠂ ᠪᠦᠯᠬᠦᠮᠳᠡᠨ ᠲᠡᠮᠡᠴᠡᠵᠤ᠂ ᠨᠠᠮ ᠢᠶᠠᠨ ᠳᠠᠭᠠᠵᠤ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ᠂ ᠦᠭᠡᠷᠡᠴᠢᠯᠡᠯᠳᠡ ᠨᠡᠬᠡᠬᠡᠯᠳᠡ ᠶᠢᠨ ᠵᠠᠮ ᠢᠶᠠᠷ | ᠵᠠᠮᠨᠠᠬᠤ ᠢᠳᠡᠭᠡᠯ ᠪᠠ ᠵᠤᠷᠢᠭ ᠢ ᠪᠠᠳᠤᠳᠬᠠᠬᠤ ᠬᠡᠷᠡᠭᠳᠠᠢ ᠭᠡᠵᠤ ᠴᠢᠬᠤᠯᠠᠴᠢᠯᠠᠵᠠᠢ᠃ | | | | | 11 ᠰᠠᠷ᠎ᠠ ᠶᠢᠨ 13 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠵᠠᠨ | ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠤᠯᠤᠰ ᠤᠨ | ᠮᠦᠽᠸᠢ ᠳᠤ ᠬᠦᠷᠴᠦ᠂ ︽ᠠᠭᠤᠤ ᠶᠡᠭᠡ ᠬᠤᠪᠢᠰᠤᠯᠳᠠ — ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ | ᠤᠢ ᠶᠢ ᠪᠡᠯᠭᠡᠯᠡᠬᠦ ᠲᠤᠮᠤ ᠭᠡᠯᠪᠡᠷᠢ ᠶᠢᠨ ᠦᠵᠡᠬᠦᠯᠭᠡ︾ ᠶᠢ ᠲᠤᠭᠤᠷᠢᠨ ᠦᠵᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠨ ᠤᠤᠢ ᠰᠡᠬᠦᠳᠡᠷᠯᠡᠪᠡ | | | ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ | ᠦᠵᠡᠬᠦᠯᠭᠡ ᠳᠤ ᠤᠷᠤᠯᠴᠠᠪᠠ᠃ | ᠦᠳᠡ ᠶᠢᠨ ᠬᠤᠶᠢᠨ᠎ᠠ ᠶᠢᠨ 4 ᠴᠠᠬ ᠤᠨ ᠦᠶᠡᠰ ᠢᠶᠠᠷ᠂ ᠰᠢ ᠶᠢᠨ ᠫᠢᠩ ᠵᠡᠷᠬᠡ ᠤᠳᠤᠷᠢᠳᠬᠤ ᠨᠦᠬᠦᠳ | ᠤᠯᠤᠰ ᠤᠨ ᠮᠦᠽᠸᠢ ᠳᠤ ᠢᠷᠡᠵᠦ᠂ ᠦᠵᠡᠬᠦᠯᠭᠡ ᠶᠢᠨ ᠳᠢᠩᠬᠢᠮ ᠳᠤ ᠠᠯᠬᠤᠵᠦ ᠤᠷᠤᠭᠠᠳ ᠦᠵᠡᠬᠦᠯᠭᠡ ᠶᠢ | ᠳᠤᠭᠤᠷᠢᠨ ᠦᠵᠡᠪᠡ᠃ ᠦᠵᠡᠬᠦᠯᠭᠡ ᠨᠢ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠢ ᠪᠠᠷᠢᠮᠳᠠᠯᠠᠨ | ᠬᠦᠭᠵᠢᠬᠦᠯᠬᠦ ᠪᠠᠷ ᠭᠤᠤᠯ ᠰᠠᠳᠤᠪ ᠪᠤᠯᠭᠠᠵᠦ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠳᠡᠤᠬᠡᠨ | ᠶᠠᠪᠤᠴᠠ ᠶᠢᠨ ᠳᠤᠭᠤᠷᠢᠨ ᠳᠤ᠂ ᠦᠬᠡᠷᠡᠴᠢᠯᠡᠯᠳᠡ ᠨᠡᠬᠡᠬᠡᠯᠳᠡ ᠶᠢᠨ ᠳᠡᠤᠬᠡ ᠶᠢᠨ ᠦᠷᠬᠡᠴᠡ ᠪᠠ ᠬᠦᠨᠴᠡ ᠶᠢᠨ | ᠲᠦᠷᠦᠭᠳᠡᠯ᠂ ᠤᠯᠠᠨ ᠳᠦᠮᠡᠨ ᠤ ᠬᠦᠷᠳᠡᠮᠵᠢ ᠶᠢᠨ ᠲᠦᠷᠦᠭᠳᠡᠯ᠂ ᠬᠦᠭᠵᠢᠯᠳᠡ ᠶᠢᠨ ᠠᠮᠵᠢᠯᠳᠠ ᠪᠦᠳᠦᠮᠵᠢ ᠶᠢᠨ | ᠲᠦᠷᠦᠭᠳᠡᠯ ᠤᠨ ᠳᠤᠭᠤᠷᠢᠨ ᠳᠤ 6 ᠭᠤᠤᠯ ᠰᠠᠳᠤᠪᠳᠦ ᠠᠭᠤᠯᠭ᠎ᠠ ᠶᠢᠨ ᠦᠵᠡᠬᠦᠯᠭᠡ ᠶᠢᠨ ᠳᠤᠭᠤᠷᠢᠬ ᠢ | ᠳᠤᠬᠢᠷᠠᠭᠤᠯᠤᠨ ᠪᠠᠶᠢᠷᠢᠯᠠᠭᠤᠯᠵᠦ᠂ ᠤᠯᠠᠨ ᠬᠠᠷᠠᠭᠠᠰᠤ᠂ ᠪᠦᠬᠦ ᠦᠵᠡᠭᠳᠡᠯᠳᠤ ᠮᠠᠶ᠋ᠢᠬ ᠢᠶᠠᠷ ᠦᠬᠡᠷᠡᠴᠢᠯᠡᠯᠳᠡ | ᠨᠡᠬᠡᠬᠡᠯᠳᠡ ᠶᠢᠨ ᠬᠡᠷᠡᠯ ᠰᠠᠴᠤᠷᠠᠩᠭᠤᠢ ᠳᠡᠤᠬᠡᠨ ᠶᠠᠪᠤᠴᠠ᠂ ᠠᠭᠤᠤ ᠶᠡᠭᠡ ᠠᠮᠵᠢᠯᠳᠠ ᠪᠦᠳᠦᠮᠵᠢ᠂ ᠬᠤᠪᠤᠷ ᠨᠠᠨᠳᠢᠨ | ᠳᠤᠷᠰᠢᠯᠭ᠎ᠠ ᠶᠢ ᠳᠦᠪᠯᠡᠷᠡᠩᠬᠦᠢ ᠳᠡᠯᠬᠡᠨ ᠦᠵᠡᠬᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠦᠬᠡᠷᠡᠴᠢᠯᠡᠯᠳᠡ | ᠨᠡᠬᠡᠬᠡᠯᠳᠡ ᠶᠢᠨ ᠳᠤᠬ ᠢ ᠦᠨᠳᠦᠷ ᠮᠠᠨᠳᠤᠭᠤᠯᠵᠦ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ | ᠠᠬᠢᠭᠤᠯᠵᠤ᠂ ᠭᠠᠳᠠᠭᠠᠳᠤ ᠨᠡᠬᠡᠬᠡᠯᠳᠡ ᠪᠠᠨ ᠦᠷᠬᠡᠳᠬᠡᠬᠦ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ | ᠪᠠᠶᠢᠷᠢᠯᠠᠭᠤᠯᠤᠯᠳᠠ ᠶᠢ ᠳᠡᠯᠬᠡᠨ ᠦᠵᠡᠬᠦᠯᠵᠦ᠂ ᠨᠠᠮ ᠤᠨ ᠳᠦᠪ ᠬᠤᠷᠢᠶᠠᠨ ᠤ ᠦᠬᠡᠷᠡᠴᠢᠯᠡᠯᠳᠡ ᠨᠡᠬᠡᠬᠡᠯᠳᠡ ᠶᠢ | ᠡᠴᠦᠰ ᠲᠤᠨᠢ ᠳᠤᠯᠳᠠᠯ᠎ᠠ ᠶᠠᠪᠤᠭᠳᠠᠭᠤᠯᠬᠤ ᠤᠯᠤᠰ ᠳᠦᠷᠦ ᠶᠢᠨ ᠰᠦᠷ ᠰᠦᠯᠳᠡ ᠪᠤᠯᠤᠨ ᠡᠷᠡᠰ ᠪᠠᠳᠤ ᠡᠷᠴᠢ | ᠵᠤᠷᠢᠬ ᠢ ᠳᠠᠯᠬᠡᠨ ᠦᠵᠡᠬᠦᠯᠵᠡᠢ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠵᠡᠷᠭᠡ | ᠨᠠᠮ ᠤᠨ ᠲᠦᠪ ᠬᠤᠷᠢᠶᠠᠨ ᠤ ᠦᠭᠡᠷᠡᠴᠢᠯᠡᠯᠲᠡ ᠨᠡᠭᠡᠬᠡᠯᠲᠡ ᠶᠢ ᠠᠬᠢᠭᠤᠯᠤᠭᠰᠠᠨ ᠴᠢᠬᠤᠯᠠ ᠶᠡᠭᠡ ᠵᠠᠩᠭᠢᠯᠠᠭ᠎ᠠ ᠶᠢᠨ | ᠴᠠᠭ ᠬᠤᠭᠤᠴᠠᠭ᠎ᠠ᠂ ᠴᠢᠬᠤᠯᠠ ᠶᠡᠭᠡ ᠲᠡᠦᠬᠡᠨ ᠬᠡᠷᠡᠭ ᠶᠠᠪᠤᠳᠠᠯ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠰᠬᠠᠬᠰᠠᠨ ᠲᠡᠦᠬᠡᠨ ᠭᠡᠷᠡᠯ ᠵᠢᠷᠤᠭ᠂ ᠳᠤᠮᠳᠠᠳᠤ ᠤᠯᠤᠰ ᠤᠨ ᠬᠦᠳᠡᠭᠡ ᠲᠤᠰᠬᠤᠨ ᠤ | ᠦᠭᠡᠷᠡᠴᠢᠯᠡᠯᠲᠡ ᠶᠢᠨ ᠶᠡᠭᠡ ᠬᠦᠰᠢᠭᠡ ᠶᠢ ᠰᠡᠭᠦᠭᠰᠡᠨ ᠠᠨᠾᠦ᠋ᠢ ᠮᠤᠵᠢ ᠶᠢᠨ ᠰᠢᠶᠤᠤ ᠭᠠᠩ ᠲᠤᠰᠬᠤᠨ ᠤ 18 | ᠲᠠᠷᠢᠶᠠᠴᠢᠨ ᠤ ᠬᠤᠷᠢᠶᠠᠯᠲᠠ ᠶᠢ ᠡᠷᠦᠬᠡ ᠳᠤ ᠳᠠᠭᠠᠭᠠᠴᠢᠯᠠᠭᠤᠯᠬᠤ ᠳᠤ ᠳᠠᠷᠤᠭᠰᠠᠨ ︽ᠤᠯᠠᠭᠠᠨ ᠬᠤᠷᠤᠭᠤᠨ ᠤᠷᠤᠮ | ︾ ᠲᠠᠢ ᠱᠤᠭᠤᠮᠠᠯ᠂ ᠴᠠᠩ ᠵᠧᠩ ᠨᠡᠷᠡᠮᠵᠢᠳᠦ ᠰᠢᠷᠢᠰ ᠬᠦᠯᠭᠡ ᠲᠡᠶᠢᠷᠦᠯᠲᠦ ᠰᠤᠮᠤ᠂ ᠲᠡᠭᠷᠢ ᠶᠢᠨ ᠤᠷᠳᠤᠨ | ᠨᠡᠷᠡᠮᠵᠢᠲᠦ ᠰᠠᠨᠰᠠᠷ ᠤᠨ ᠦᠷᠲᠡᠭᠡ ᠵᠡᠷᠭᠡ ᠶᠢᠨ ᠵᠠᠬᠪᠤᠷ᠂ 40 ᠵᠢᠯ ᠤᠨ ᠲᠤᠷᠰᠢᠬᠢ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ | ᠬᠢᠬᠡᠳ ᠬᠤᠪᠢᠰᠤᠯᠲᠠ ᠶᠢ ᠬᠠᠷᠠᠭᠤᠯᠤᠬᠰᠠᠨ ᠪᠤᠳᠠᠳᠤ ᠡᠳ᠋ ᠪᠠ ᠮᠠᠲ᠋ᠧᠷᠢᠶᠠᠯ᠂ ᠤᠯᠤᠰ ᠤᠨ ᠪᠠᠲᠤᠯᠠᠨ ᠬᠠᠮᠠᠭᠠᠯᠠᠯᠲᠠ | ᠪᠤᠯᠤᠨ ᠴᠡᠷᠢᠭ ᠠᠩᠭᠢ ᠶᠢᠨ ᠤᠳᠤᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ᠂ ᠪᠦᠬᠦ ᠲᠠᠯ᠎ᠠ ᠶᠢᠨ ᠭᠠᠳᠠᠭᠠᠳᠤ | ᠨᠠᠭᠡᠬᠡᠯᠲᠡ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠶᠢ | ᠬᠠᠷᠠᠭᠤᠯᠤᠭᠰᠠᠨ ᠭᠡᠷᠡᠯ ᠵᠢᠷᠤᠭ ᠁ ᠦᠨᠡᠨ ᠬᠡᠮᠡᠷ ᠪᠤᠳᠠᠳᠤ ᠡᠳ᠋ ᠤᠨ ᠵᠠᠬᠪᠤᠷ᠂ ᠨᠠᠷᠢᠨ ᠪᠤᠳᠠᠲᠠᠢ ᠵᠢᠷᠤᠭ | ᠬᠦᠰᠦᠨᠦᠭᠲᠦ᠂ ᠤᠯᠠᠨ ᠠᠷᠪᠢᠨ ᠸᠢᠳᠢᠣ᠋ ᠮᠠᠲ᠋ᠧᠷᠢᠶᠠᠯ ᠤᠳ ᠨᠢ ᠰᠢ ᠶᠢᠨ ᠫᠢᠩ ᠵᠡᠷᠭᠡ ᠤᠳᠤᠷᠢᠳᠬᠤ ᠨᠦᠭᠦᠳ ᠤᠨ | ᠠᠩᠬᠠᠷᠤᠯ ᠢ ᠲᠠᠲᠠᠵᠤ᠂ ᠲᠡᠳᠡ ᠪᠠᠶᠢᠨ ᠳᠠᠬᠢᠨ ᠵᠤᠬᠰᠤᠵᠤ ᠨᠠᠷᠢᠯᠢᠭ ᠠᠵᠢᠬᠯᠠᠵᠤ᠂ ᠦᠵᠡᠭᠦᠯᠭᠡ ᠶᠢᠨ ᠠᠵᠢᠯᠳᠠᠨ ᠤ | ᠲᠠᠶᠢᠯᠤᠮᠵᠢ ᠶᠢ ᠰᠤᠨᠤᠰᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠠᠰᠠᠭᠤᠵᠤ ᠪᠠᠶᠢᠯ᠎ᠠ᠃ | ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠭᠦᠨ᠂ | ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠬᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠳᠠᠷᠤᠭ᠎ᠠ᠂ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠭᠡᠰᠢᠭᠦᠨ ᠨᠠᠷ ᠦᠵᠡᠭᠦᠯᠭᠡ ᠶᠢ ᠲᠤᠭᠤᠷᠢᠨ ᠦᠵᠡᠪᠡ᠃ | |