ᠰᠢ ᠶᠢᠨ ᠫᠢᠩ᠄ ᠦᠭᠡᠷᠡᠴᠢᠯᠡᠯᠳᠠ ᠨᠡᠭᠡᠭᠡᠯᠳᠠ ᠶᠢᠨ ᠠᠭᠤᠤ ᠶᠡᠭᠡ ᠠᠮᠵᠢᠯᠳᠠ ᠪᠦᠳᠦᠮᠵᠢ ᠶᠢᠨ ᠬᠤᠪᠤᠷ ᠨᠠᠨᠳᠢᠨ ᠲᠤᠷᠰᠢᠯᠭ᠎ᠠ ᠶᠢ ᠬᠦᠨᠵᠡᠭᠡᠢ ᠳ᠋ᠦᠩᠨᠡᠵᠦ ᠰᠢᠨ᠎ᠠ ᠴᠠᠭ ᠦᠶ᠎ᠠ ᠶᠢᠨ ᠦᠭᠡᠷᠡᠴᠢᠯᠡᠯᠳᠠ ᠨᠡᠭᠡᠭᠡᠯᠳᠠ ᠶᠢ ᠳᠠᠰᠤᠷᠠᠯᠳᠠ ᠦᠭᠡᠢ ᠪᠠᠷ ᠦᠷᠭᠦᠯᠵᠢᠯᠡᠨ ᠤᠷᠤᠬᠰᠢ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2018-11-16
             ᠸᠠᠩ ᠬᠤ᠋ ᠨᠢᠩ   ᠬᠠᠨ ᠵᠧᠩ ᠤᠷᠤᠯᠴᠠᠪᠠ      ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ᠂ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠡᠷᠬᠢᠯᠡᠭᠴᠢ ᠰᠢ ᠶᠢᠨ ᠫᠢᠩ 11 ᠰᠠᠷ᠎ᠠ ᠶᠢᠨ 14 ᠤ ᠦᠳᠡ ᠶᠢᠨ ᠬᠤᠶᠢᠨ᠎ᠠ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠪᠠ᠃ ᠲᠡᠷᠡ᠂ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠳᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠦᠭᠡᠷᠡᠴᠢᠯᠡᠯᠳᠠ ᠨᠡᠭᠡᠭᠡᠯᠳᠠ ᠶᠢᠨ ᠭᠡᠷᠡᠯ ᠰᠠᠴᠤᠷᠠᠩᠭᠤᠢ ᠲᠡᠦᠭᠡᠨ ᠠᠬᠢᠴᠠ ᠪᠠ ᠬᠤᠪᠤᠷ ᠨᠠᠨᠳᠢᠨ ᠲᠤᠷᠰᠢᠯᠭ᠎ᠠ ᠶᠢ ᠬᠦᠨᠵᠡᠭᠡᠢ ᠳ᠋ᠦᠩᠨᠡᠵᠦ᠂ ᠦᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠳᠠᠭᠠᠭᠤᠯᠵᠦ ᠪᠠᠶᠢᠭᠠᠳ ᠦᠭᠡᠷᠡᠴᠢᠯᠡᠯᠳᠠ ᠨᠡᠭᠡᠭᠡᠯᠳᠠ ᠶᠢᠨ ᠴᠢᠬᠤᠯᠠ ᠶᠡᠭᠡ ᠠᠴᠢ ᠬᠤᠯᠪᠤᠭᠳᠠᠯ ᠪᠠ ᠠᠭᠤᠤ ᠶᠡᠭᠡ ᠠᠮᠵᠢᠯᠳᠠ ᠪᠦᠳᠦᠮᠵᠢ ᠶᠢ ᠬᠦᠢᠴᠡᠳ ᠲᠠᠨᠢᠭᠤᠯᠵᠦ᠂ ︽ᠲᠦᠷᠪᠡᠨ ᠤᠬᠠᠮᠰᠠᠷ︾ ᠢ ᠴᠢᠩᠭᠠᠳᠬᠠᠵᠦ᠂ ︽ᠲᠦᠷᠪᠡᠨ ᠢᠳᠡᠭᠡᠯ︾ ᠢ ᠪᠠᠳᠤᠳᠬᠠᠵᠦ᠂ ᠦᠭᠡᠷᠡᠴᠢᠯᠡᠯᠳᠠ ᠨᠡᠭᠡᠭᠡᠯᠳᠠ ᠶᠢᠨ ᠠᠭᠤᠤ ᠶᠡᠭᠡ ᠲᠤᠭ ᠢ ᠦᠷᠬᠦᠯᠵᠢᠯᠡᠨ ᠦᠨᠳᠦᠷ ᠮᠠᠨᠳᠤᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠳᠡᠬᠦᠯᠳᠡᠷᠵᠢᠬᠦᠯᠦᠨ ᠬᠦᠭᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠭᠢᠭᠤᠯᠬᠤ ᠶᠡᠷᠦᠩᠭᠡᠢ ᠬᠠᠷᠠᠯᠳᠠ ᠶᠢ ᠡᠵᠡᠮᠳᠡᠵᠦ᠂ ᠰᠢᠨ᠎ᠠ ᠴᠠᠭ ᠦᠶ᠎ᠠ ᠶᠢᠨ ᠦᠭᠡᠷᠡᠴᠢᠯᠡᠯᠳᠠ ᠨᠡᠭᠡᠭᠡᠯᠳᠠ ᠶᠢ ᠳᠠᠰᠤᠷᠠᠯᠳᠠ ᠦᠭᠡᠢ ᠪᠠᠷ ᠦᠷᠭᠦᠯᠵᠢᠯᠡᠨ ᠤᠷᠤᠬᠰᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠳᠡᠳ᠋ ᠡᠷᠬᠢᠯᠡᠭᠴᠢ ᠸᠠᠩ ᠬᠤ᠋ ᠨᠢᠩ᠂ ᠬᠠᠨ ᠵᠧᠩ ᠬᠤᠷᠠᠯ ᠳᠤ ᠤᠷᠤᠯᠴᠠᠵᠠᠢ᠃      ᠬᠤᠷᠠᠯ ᠠᠴᠠ ︽ᠬᠠᠶᠢᠨᠠᠨ ᠮᠤᠵᠢ ᠶᠢᠨ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠲᠦᠰᠦᠯ︾᠂ ︽ᠬᠠᠶᠢᠨᠠᠨ ᠮᠤᠵᠢ ᠶᠢᠨ ᠤᠯᠠᠨ ᠤᠯᠤᠰ ᠤᠨ ᠵᠢᠭᠤᠯᠴᠢᠯᠠᠯ ᠤᠨ ᠭᠡᠷᠡᠭᠯᠡᠭᠡᠨ ᠤ ᠲᠦᠪ ᠢ ᠪᠦᠳᠦᠭᠡᠨ ᠪᠠᠶᠢᠭᠤᠯᠬᠤ ᠭᠡᠷᠡᠭᠵᠢᠬᠦᠯᠬᠦ ᠲᠦᠰᠦᠯ︾᠂ ︽ᠬᠠᠶᠢᠨᠠᠨ ᠤ ᠦᠭᠡᠷᠡᠴᠢᠯᠡᠯᠳᠠ ᠨᠡᠭᠡᠭᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠳᠤ ᠬᠤᠯᠪᠤᠭᠳᠠᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠳᠡᠮᠵᠢᠬᠦ ᠲᠤᠬᠠᠢ ᠭᠡᠷᠡᠭᠵᠢᠬᠦᠯᠬᠦ ᠲᠦᠰᠦᠯ︾᠂ ︽ᠬᠠᠶᠢᠨᠠᠨ ᠤ ᠦᠭᠡᠷᠡᠴᠢᠯᠡᠯᠳᠠ ᠨᠡᠭᠡᠭᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠡᠷᠦᠩᠭᠡᠶᠢᠯᠡᠭᠰᠡᠨ ᠡᠳ᠋ ᠤᠨ ᠬᠦᠴᠦᠨ ᠤ ᠨᠦᠬᠦᠪᠦᠷᠢ ᠪᠡᠯᠡ ᠮᠦᠩᠬᠦ ᠶᠢ ᠳᠡᠮᠵᠢᠬᠦ ᠲᠤᠬᠠᠢ ᠬᠠᠮᠢᠶᠠᠷᠤᠯᠳᠠ ᠶᠢᠨ ᠠᠷᠭ᠎ᠠ︾᠂ ︽ᠬᠠᠶᠢᠨᠠᠨ ᠤ ᠠᠷᠠᠯ ᠠᠴᠠ ᠰᠠᠯᠬᠤ ᠵᠢᠭᠤᠯᠴᠢᠯᠠᠬᠰᠠᠳ ᠤᠨ ᠭᠠᠶᠢᠯᠢ ᠠᠴᠠ ᠬᠡᠯᠳᠦᠷᠢᠭᠦᠯᠦᠭᠰᠡᠨ ᠡᠳ᠋ ᠪᠠᠷᠠᠭ᠎ᠠ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠤᠬᠢᠷᠠᠭᠤᠯᠬᠤ ᠲᠤᠬᠠᠢ ᠠᠵᠢᠯ ᠤᠨ ᠲᠦᠰᠦᠯ︾᠂ ︽ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠤᠬᠤᠷᠢᠨ ᠭᠠᠷᠬᠤ ᠲᠦᠷᠢᠮ ᠢ ᠲᠦᠷᠭᠡᠪᠴᠢᠯᠡᠨ ᠲᠡᠬᠦᠯᠳᠡᠷᠵᠢᠬᠦᠯᠬᠦ ᠦᠭᠡᠷᠡᠴᠢᠯᠡᠯᠳᠠ ᠶᠢᠨ ᠲᠦᠰᠦᠯ︾᠂ ︽ᠵᠠᠰᠠᠬ ᠤᠨ ᠤᠷᠳᠤᠨ ᠤ ᠬᠤᠳᠠᠯᠳᠤᠨ ᠠᠪᠬᠤ ᠲᠦᠷᠢᠮ ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠲᠦᠰᠦᠯ︾᠂ ︽ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠭᠡᠷᠡᠴᠢᠯᠡᠯᠳᠠ ᠶᠢᠨ ᠭᠡᠷᠡᠭᠵᠢᠬᠦᠯᠬᠦ ᠲᠦᠰᠦᠯ︾᠂ ︽ᠰᠢᠶᠠᠨ ᠤ ᠱᠠᠳᠤᠨ ᠤ ᠬᠠᠮ ᠵᠠᠭᠤᠴᠢᠯᠠᠭᠤᠷ ᠤᠨ ᠲᠦᠪ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠯ︾᠂ ︽ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ ᠳᠡᠯᠡᠭᠡᠢ ᠶᠢᠨ ᠲᠡᠷᠢᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠳᠦ ᠰᠡᠳᠬᠦᠯ ᠢ ᠪᠤᠶᠢᠵᠢᠭᠤᠯᠬᠤ ᠲᠤᠬᠠᠢ ᠰᠠᠨᠠᠯ︾᠂ ︽ᠦᠨᠳᠦᠰᠦᠨ ᠱᠠᠳᠤᠨ ᠤ ᠬᠢᠨᠡᠨ ᠵᠦᠪᠰᠢᠶᠡᠷᠡᠬᠦ ᠦᠢᠯᠡᠴᠢᠯᠡᠭᠡ ᠬᠠᠤᠯᠢ ᠭᠡᠷᠡᠭᠵᠢᠬᠦᠯᠬᠦ ᠬᠦᠴᠦᠨ ᠢ ᠨᠡᠶᠢᠳᠭᠡᠬᠦ ᠶᠢ ᠠᠬᠢᠭᠤᠯᠬᠤ ᠲᠤᠬᠠᠢ ᠭᠡᠷᠡᠭᠵᠢᠬᠦᠯᠬᠦ ᠰᠠᠨᠠᠯ︾᠂ ︽ᠭᠡᠪᠯᠡᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ︽ᠤᠯᠤᠰ ᠠᠴᠠ ᠡᠮ ᠤᠨ ᠵᠦᠢᠯᠡᠰ ᠢ ᠲᠦᠪᠯᠡᠷᠡᠬᠦᠯᠦᠨ ᠬᠤᠳᠠᠯᠳᠤᠨ ᠠᠪᠬᠤ ᠶᠢ ᠵᠤᠬᠢᠶᠠᠨ ᠪᠠᠶᠢᠭᠤᠯᠬᠤ ᠲᠤᠷᠰᠢᠯᠳᠠ ᠶᠢᠨ ᠴᠡᠭ ᠤᠨ ᠲᠦᠰᠦᠯ︾ ᠂ ︽ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠠ ᠶᠢᠨ ᠢᠯᠠ ᠵᠠᠷᠯᠠᠬᠤ ᠲᠦᠷᠢᠮ ᠬᠠᠤᠯᠢ ᠭᠡᠷᠡᠭᠵᠢᠬᠦᠯᠬᠦ ᠪᠦᠬᠦ ᠶᠠᠪᠤᠴᠠ ᠶᠢ ᠳᠡᠮᠳᠡᠭᠯᠡᠬᠦ ᠲᠦᠷᠢᠮ ᠴᠢᠬᠤᠯᠠ ᠶᠡᠭᠡ ᠬᠠᠤᠯᠢ ᠭᠡᠷᠡᠭᠵᠢᠬᠦᠯᠦᠯᠳᠠ ᠶᠢᠨ ᠲᠤᠭᠳᠠᠭᠠᠯ ᠳᠤ ᠬᠠᠤᠯᠢ ᠲᠦᠷᠢᠮ ᠤᠨ ᠬᠢᠨᠡᠨ ᠬᠠᠷᠭᠤᠭᠤᠯᠤᠯᠳᠠ ᠬᠢᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠬᠦ ᠲᠤᠬᠠᠢ ᠵᠢᠯᠤᠭᠤᠳᠬᠤ ᠰᠠᠨᠠᠯ︾ ᠪᠠ ︽︿ᠵᠡᠬᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠪᠡᠯ ᠰᠠᠯᠠᠭ᠎ᠠ ᠮᠦᠴᠢᠷ ᠤᠳ ᠬᠤᠷᠠᠨ ᠴᠤᠬᠯᠠᠷᠠᠬᠤ﹀ — ᠪᠡᠭᠡᠵᠢᠩ ᠬᠤᠳᠠ ᠶᠢᠨ ᠨᠠᠮ ᠤᠨ ᠪᠠᠶᠢᠭᠤᠯᠤᠯᠳᠠ ᠶᠢ ᠠᠬᠢᠭᠤᠯᠤᠨ ᠦᠨᠳᠦᠰᠦᠨ ᠱᠠᠳᠤᠨ ᠤ ᠵᠠᠰᠠᠯᠳᠠ ᠶᠢᠨ ᠪᠠᠶᠢᠭᠤᠯᠤᠮᠵᠢ ᠲᠤᠭᠳᠠᠴᠠ ᠶᠢᠨ ᠰᠢᠨ᠎ᠠ ᠶᠢ ᠡᠬᠦᠳᠬᠦ ᠶᠢ ᠠᠬᠢᠭᠤᠯᠬᠤ ᠰᠦᠪᠡᠭᠴᠢᠯᠡᠯᠳᠠ︾ ᠶᠢ ᠬᠢᠨᠡᠨ ᠵᠦᠪᠯᠡᠵᠦ ᠪᠠᠳᠤᠯᠠᠪᠠ᠃      ᠬᠤᠷᠠᠯ ᠠᠴᠠ᠂ ᠨᠠᠮ ᠤᠨ ᠲᠦᠪ ᠬᠤᠷᠢᠶ᠎ᠠ ᠮᠠᠨ ᠤ ᠤᠯᠤᠰ ᠤᠨ ᠦᠭᠡᠷᠡᠴᠢᠯᠡᠯᠳᠠ ᠨᠡᠭᠡᠭᠡᠯᠳᠠ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠪᠦᠬᠦ ᠲᠠᠯ᠎ᠠ ᠠᠴᠠ ᠡᠬᠦᠰᠴᠦ᠂ ᠬᠠᠶᠢᠨᠠᠨ ᠳᠤ ᠦᠭᠡᠷᠡᠴᠢᠯᠡᠯᠳᠠ ᠨᠡᠭᠡᠭᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠰᠢᠨ᠎ᠠ ᠡᠬᠦᠷᠭᠡ ᠲᠤᠯᠭᠠᠵᠤ᠂ ᠬᠠᠶᠢᠨᠠᠨ ᠤ ᠪᠦᠬᠦ ᠠᠷᠠᠯ ᠤᠨ ᠴᠢᠯᠦᠭᠡᠳᠦ ᠠᠷᠠᠯᠵᠢᠶᠠᠨ ᠤ ᠲᠤᠷᠰᠢᠯᠳᠠ ᠶᠢᠨ ᠤᠷᠤᠨ ᠢ ᠪᠦᠳᠦᠭᠡᠨ ᠪᠠᠶᠢᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠴᠢᠯᠦᠭᠡᠳᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢ ᠠᠯᠬᠤᠮ ᠠᠯᠬᠤᠮ ᠢᠶᠠᠷ ᠰᠦᠪᠡᠭᠴᠢᠯᠡᠵᠦ᠂ ᠯᠠᠪᠳᠠᠭᠤᠨ ᠪᠠᠳᠤᠳᠠᠢ ᠠᠬᠢᠭᠤᠯᠬᠤ ᠶᠢ ᠳᠡᠮᠵᠢᠨ᠎ᠠ᠃ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠤᠰᠤᠭᠠᠷ᠂ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠡᠯ᠎ᠠ ᠵᠦᠢᠯ ᠤᠨ ᠬᠡᠷᠡᠭᠵᠢᠭᠦᠯᠬᠦ ᠲᠦᠰᠦᠯ ᠢ ᠨᠠᠶᠢᠷᠠᠭᠤᠯᠤᠨ ᠲᠤᠭᠳᠠᠭᠠᠬᠤ ᠠᠵᠢᠯ ᠢ ᠰᠠᠶᠢᠳᠤᠷ ᠬᠢᠵᠤ᠂ ᠳᠦᠷᠪᠡᠨ ᠨᠢᠷᠤᠭᠤ ᠨᠠᠶᠢᠮᠠᠨ ᠲᠤᠯᠭᠠᠭᠤᠷᠢ ᠶᠢ ᠳᠠᠷᠤᠢ ᠲᠦᠷᠭᠡᠨ ᠪᠠᠶᠢᠭᠤᠯᠬᠤ ᠬᠡᠷᠡᠭᠳᠠᠢ᠃ ᠬᠠᠶᠢᠨᠠᠨ ᠳᠤ ᠰᠢᠨ᠎ᠠ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠤᠯᠠᠨ ᠤᠯᠤᠰ ᠤᠨ ᠵᠢᠭᠤᠯᠴᠢᠯᠠᠯ ᠤᠨ ᠬᠡᠷᠡᠭᠯᠡᠭᠡᠨ ᠤ ᠲᠦᠪ ᠢ ᠪᠦᠲᠦᠭᠡᠨ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠳᠡᠮᠵᠢᠯᠭᠡ ᠦᠭᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠡᠳ᠋ ᠤᠨ ᠬᠦᠴᠦᠨ ᠤ ᠨᠦᠬᠦᠪᠦᠷᠢ ᠮᠦᠩᠭᠦ ᠶᠢᠨ ᠬᠠᠮᠢᠶᠠᠷᠤᠯᠳᠠ ᠶᠢ ᠴᠢᠩᠭᠠᠳᠬᠠᠵᠤ᠂ ᠠᠷᠠᠯ ᠠᠴᠠ ᠰᠠᠯᠬᠤ ᠵᠢᠭᠤᠯᠴᠢᠯᠠᠬᠰᠠᠳ ᠤᠨ ᠭᠠᠶᠢᠯᠢ ᠠᠴᠠ ᠬᠡᠯᠳᠦᠷᠢᠭᠦᠯᠦᠭᠰᠡᠨ ᠡᠳ᠋ ᠪᠠᠷᠠᠭ᠎ᠠ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠳᠤ ᠲᠤᠬᠢᠷᠠᠭᠤᠯᠤᠯᠳᠠ ᠬᠢᠬᠦ ᠳᠡᠭᠡᠨ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠤᠬᠤᠷᠢᠨ ᠭᠠᠷᠬᠤ ᠳᠦᠷᠢᠮ ᠢ ᠲᠡᠭᠦᠯᠳᠡᠷᠵᠢᠭᠦᠯᠬᠦ ᠨᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ᠂ ᠰᠢᠯᠢᠳᠡᠭ ᠢ ᠨᠢ ᠠᠪᠴᠦ ᠰᠢᠭᠠᠷᠤ ᠶᠢ ᠨᠢ ᠬᠠᠶᠠᠬᠤ ᠵᠠᠬ᠎ᠠ ᠳᠡᠯᠭᠡᠭᠦᠷ ᠤᠨ ᠲᠤᠭᠳᠠᠴᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠦᠷᠢᠰᠦᠯᠳᠦᠬᠦ ᠬᠦᠴᠦᠨ ᠢ ᠬᠦᠭᠵᠢᠭᠡᠬᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ ᠵᠠᠷᠴᠢᠮ ᠢ ᠵᠢᠷᠤᠮᠯᠡᠵᠤ᠂ ᠬᠢᠵᠠᠭᠠᠷᠯᠠᠬᠤ ᠪᠠ ᠵᠤᠷᠢᠭᠵᠢᠭᠤᠯᠬᠤ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠳᠠᠯᠠᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠪᠡᠶ᠎ᠠ ᠪᠠᠨ ᠳᠠᠭᠠᠭᠠᠵᠤ ᠡᠵᠡᠩᠨᠡᠬᠦ ᠶᠢ ᠬᠦᠨᠳᠦᠳᠭᠡᠬᠦ ᠪᠠ ᠪᠠᠳᠤᠯᠠᠵᠤ᠂ ᠡᠯ᠎ᠠ ᠲᠠᠯ᠎ᠠ ᠶᠢᠨ ᠬᠢᠨ ᠤ ᠵᠦᠢ ᠶᠤᠰᠤᠨ ᠤ ᠡᠷᠬᠡ ᠠᠰᠢᠭ ᠢ ᠪᠦᠲᠦᠮᠵᠢᠳᠠᠢ ᠬᠠᠮᠠᠭᠠᠯᠠᠵᠤ᠂ ᠡᠵᠡᠮᠰᠢᠨ ᠲᠤᠬᠢᠷᠠᠭᠤᠯᠬᠤ᠂ ᠬᠢᠨᠠᠨ ᠬᠠᠮᠢᠶᠠᠷᠬᠤ᠂ ᠦᠢᠯᠡᠴᠢᠯᠡᠬᠦ ᠠᠷᠭ᠎ᠠ ᠬᠡᠯᠪᠡᠷᠢ ᠶᠢᠨ ᠰᠢᠨ᠎ᠠ ᠶᠢ ᠡᠭᠦᠳᠴᠤ᠂ ᠨᠡᠶᠢᠳᠡ ᠶᠢᠨ ᠲᠦᠷᠦ ᠶᠢᠨ ᠪᠤᠳᠤᠯᠭ᠎ᠠ ᠶᠢ ᠵᠤᠬᠢᠰᠳᠠᠢ ᠬᠡᠷᠡᠭᠯᠡᠵᠤ ᠪᠠᠶᠢᠭᠠᠳ ᠵᠢᠯᠤᠭᠤᠳᠤᠯᠭ᠎ᠠ ᠪᠠ ᠳᠡᠮᠵᠢᠯᠭᠡ ᠬᠠᠩᠭᠠᠵᠤ᠂ ᠵᠠᠬ᠎ᠠ ᠳᠡᠯᠭᠡᠭᠦᠷ ᠤᠨ ᠳᠠᠬᠢᠨ ᠵᠤᠬᠢᠶᠠᠨ ᠪᠠᠶᠢᠭᠤᠯᠬᠤ᠂ ᠵᠠᠬ᠎ᠠ ᠳᠡᠯᠭᠡᠭᠦᠷ ᠢ ᠴᠡᠪᠡᠷᠰᠢᠬᠦᠯᠬᠦ ᠶᠠᠰᠤ ᠴᠢᠨᠠᠷ ᠪᠠ ᠦᠷ᠎ᠠ ᠪᠦᠲᠦᠮᠵᠢ ᠶᠢ ᠳᠡᠭᠡᠭᠰᠢᠯᠡᠬᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠵᠠᠰᠠᠭ ᠤᠨ ᠤᠷᠳᠤᠨ ᠤ ᠬᠤᠳᠠᠯᠳᠤᠨ ᠠᠪᠬᠤ ᠳᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠤᠳᠠᠯᠳᠤᠨ ᠠᠪᠬᠤ ᠶᠢ ᠬᠠᠷᠢᠭᠤᠴᠠᠭᠰᠠᠨ ᠬᠦᠮᠦᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠦᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠦᠷᠢᠰᠦᠯᠳᠦᠭᠡᠨ ᠤ ᠲᠤᠭᠳᠠᠴᠠ ᠶᠢ ᠪᠠᠶᠢᠭᠤᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠢ ᠤᠷᠤᠯᠠᠨ ᠭᠦᠢᠴᠡᠳᠭᠡᠬᠦ ᠪᠤᠯᠤᠨ ᠦᠨᠡᠯᠡᠨ ᠬᠢᠨᠠᠬᠤ ᠲᠤᠭᠳᠠᠴᠠ ᠶᠢ ᠦᠭᠡᠷᠡᠴᠢᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨᠴᠢ ᠦᠨᠳᠦᠷ ᠪᠦᠲᠦᠮᠵᠢᠳᠠᠢ ᠬᠤᠳᠠᠯᠳᠤᠨ ᠠᠪᠬᠤ ᠠᠵᠢᠯ ᠤᠨ ᠠᠷᠠᠯᠵᠢᠶᠠᠨ ᠤ ᠲᠤᠭᠳᠠᠴᠠ ᠶᠢ ᠪᠦᠷᠢᠨᠰᠢᠭᠦᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢᠨ ᠴᠢᠳᠠᠮᠵᠢ ᠠᠷᠭ᠎ᠠ ᠬᠡᠮᠵᠢᠶ᠎ᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠲᠤᠭᠳᠠᠴᠠ ᠶᠢ ᠪᠦᠷᠢᠨᠰᠢᠭᠦᠯᠵᠤ᠂ ᠬᠤᠳᠠᠯᠳᠤᠨ ᠠᠪᠬᠤ ᠭᠤᠤᠯ ᠴᠤᠭᠴᠠ ᠶᠢᠨ ᠲᠤᠰᠢᠶᠠᠯ ᠬᠠᠷᠢᠭᠤᠴᠠᠯᠭ᠎ᠠ ᠨᠢ ᠳᠤᠳᠤᠷᠬᠠᠢ᠂ ᠠᠷᠠᠯᠵᠢᠶᠠᠨ ᠤ ᠳᠦᠷᠢᠮ ᠨᠢ ᠰᠢᠨᠵᠢᠯᠡᠬᠦ ᠤᠬᠠᠭᠠᠨᠴᠢ ᠦᠨᠳᠦᠷ ᠪᠦᠲᠦᠮᠵᠢᠳᠠᠢ᠂ ᠬᠢᠨᠠᠯᠳᠠ ᠬᠠᠮᠢᠶᠠᠷᠤᠯᠳᠠ ᠶᠢᠨ ᠲᠤᠭᠳᠠᠴᠠ ᠨᠢ ᠪᠦᠷᠢᠨ ᠲᠡᠭᠦᠯᠳᠡᠷ᠂ ᠲᠦᠷᠦ ᠶᠢᠨ ᠪᠤᠳᠤᠯᠭ᠎ᠠ ᠶᠢᠨ ᠴᠢᠳᠠᠮᠵᠢ ᠨᠢ ᠪᠦᠷᠢᠨ ᠭᠦᠢᠴᠡᠳ᠂ ᠬᠠᠤᠯᠢ ᠳᠦᠷᠢᠮ ᠨᠢ ᠪᠦᠷᠢᠨ ᠲᠡᠭᠦᠰ᠂ ᠮᠡᠷᠭᠡᠵᠢᠯ ᠤᠨ ᠲᠤᠯᠭᠠᠭᠤᠷᠢᠯᠠᠯ ᠨᠢ ᠳᠠᠪᠰᠢᠩᠭᠤᠢ ᠤᠳᠤ ᠦᠶ᠎ᠠ ᠶᠢᠨ ᠵᠠᠰᠠᠭ ᠤᠨ ᠤᠷᠳᠤᠨ ᠤ ᠬᠤᠳᠠᠯᠳᠤᠨ ᠠᠪᠬᠤ ᠳᠦᠷᠢᠮ ᠢ ᠲᠦᠷᠭᠡᠨ ᠪᠦᠷᠢᠯᠳᠤᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯ ᠤᠨ ᠬᠠᠨᠳᠤᠰᠢ ᠪᠤᠯᠤᠨ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠵᠤᠯᠭᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ ᠪᠤᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠵᠤ᠂ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ ᠰᠤᠷᠭᠠᠭᠤᠯᠢ ᠡᠷᠬᠢᠯᠡᠬᠦ ᠪᠠᠶᠢᠭᠤᠯᠤᠮᠵᠢ ᠶᠢᠨ ᠦᠭᠡᠷᠡᠴᠢᠯᠡᠯᠳᠡ ᠪᠤᠯᠤᠨ ᠬᠦᠮᠦᠨ ᠬᠦᠮᠦᠵᠢᠭᠦᠯᠬᠦ ᠲᠤᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠨᠡᠶᠢᠭᠡᠮ ᠤᠨ ᠡᠯ᠎ᠠ ᠡᠳᠡᠭᠡᠳ ᠤᠨᠴᠠᠭᠠᠶᠢᠯᠠᠨ ᠠᠵᠤ ᠠᠬᠤᠶᠢᠯᠠᠯ ᠠᠴᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠳᠡᠳᠭᠦᠬᠦ ᠶᠢ ᠵᠤᠷᠢᠭᠵᠢᠭᠤᠯᠤᠨ ᠳᠡᠮᠵᠢᠵᠤ᠂ ᠦᠨᠳᠦᠷ ᠬᠡᠪ ᠪᠤᠯᠪᠠᠰᠤᠷᠠᠯ ᠲᠠᠢ ᠬᠦᠳᠡᠯᠮᠦᠷᠢᠯᠡᠭᠴᠢ ᠪᠤᠯᠤᠨ ᠤᠷ᠎ᠠ ᠮᠡᠷᠭᠡᠵᠢᠯ ᠤᠨ ᠴᠢᠳᠠᠪᠤᠷᠢᠳᠠᠨ ᠢ ᠴᠢᠷᠮᠠᠶᠢᠨ ᠬᠦᠮᠦᠵᠢᠭᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠪᠠ ᠤᠯᠤᠰ ᠤᠨ ᠦᠷᠢᠰᠦᠯᠳᠤᠬᠦ ᠬᠦᠴᠦᠨ ᠢ ᠳᠡᠭᠡᠭᠰᠢᠯᠡᠬᠦᠯᠬᠦ ᠳᠤ ᠰᠢᠯᠢᠳᠡᠭ ᠴᠢᠳᠠᠪᠤᠷᠢᠳᠠᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠰᠢᠶᠠᠨ ᠤ ᠱᠠᠳᠤᠨ ᠤ ᠬᠠᠮ ᠵᠠᠭᠤᠴᠢᠯᠠᠭᠤᠷ ᠤᠨ ᠲᠦᠪ ᠢ ᠪᠠᠶᠢᠭᠤᠯᠬᠤ ᠨᠢ ᠰᠢᠶᠠᠨ ᠤ ᠱᠠᠳᠤᠨ ᠤ ᠵᠠᠭᠤᠴᠢᠯᠠᠭᠤᠷ ᠤᠨ ᠡᠬᠢ ᠪᠠᠶᠠᠯᠢᠭ ᠢ ᠨᠡᠶᠢᠳᠭᠡᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠬᠦ ᠳᠤ ᠠᠰᠢᠭᠳᠠᠢ ᠶᠤᠮ᠃ ᠪᠠᠶᠢᠭᠤᠯᠤᠮᠵᠢ᠂ ᠠᠵᠢᠯᠳᠠᠨ ᠤ ᠶᠠᠪᠤᠳᠠᠯ᠂ ᠡᠳ᠋ ᠤᠨ ᠵᠠᠰᠠᠭ᠂ ᠴᠠᠯᠢᠩ ᠬᠦᠯᠦᠰᠦ ᠵᠡᠷᠭᠡ ᠲᠠᠯ᠎ᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠵᠠᠭᠤᠴᠢᠯᠠᠭᠤᠷ ᠤᠨ ᠪᠠᠶᠢᠷᠢᠰᠢᠭᠤᠯᠤᠯᠳᠠ ᠶᠢ ᠲᠤᠬᠢᠷᠠᠭᠤᠯᠤᠨ ᠰᠢᠯᠢᠳᠡᠭᠵᠢᠭᠦᠯᠵᠤ᠂ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠰᠢᠶᠠᠨ ᠤ ᠱᠠᠳᠤᠨ ᠤ ᠵᠠᠭᠤᠴᠢᠯᠠᠭᠤᠷ ᠤᠨ ᠳᠠᠮᠵᠢᠭᠤᠯᠬᠤ ᠬᠦᠴᠦᠨ᠂ ᠵᠢᠯᠤᠭᠤᠳᠬᠤ ᠬᠦᠴᠦᠨ᠂ ᠨᠦᠯᠦᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ᠃ ᠬᠠᠮᠢᠶᠠᠷᠤᠯᠳᠠ ᠪᠠ ᠪᠠᠶᠢᠭᠤᠯᠤᠯᠳᠠ ᠶᠢ ᠠᠯᠬᠤᠮ ᠨᠢᠭᠡᠳᠠᠢ ᠪᠠᠶᠢᠯᠭᠠᠬᠤ᠂ ᠬᠠᠮᠢᠶᠠᠷᠤᠯᠳᠠ ᠪᠠ ᠪᠠᠶᠢᠭᠤᠯᠤᠯᠳᠠ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠳᠠᠯᠠᠵᠤ᠂ ᠵᠦᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠯᠭ᠎ᠠ ᠶᠢ ᠪᠠᠷᠢᠮᠳᠠᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠪᠠᠳᠤ ᠰᠠᠬᠢᠵᠤ᠂ ᠨᠡᠶᠢᠭᠡᠮ ᠤᠨ ᠦᠷ᠎ᠠ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠰᠢᠨᠵᠢᠯᠡᠬᠦ ᠤᠬᠠᠭᠠᠨ ᠮᠡᠷᠬᠡᠵᠢᠯ ᠤᠨ ᠬᠤᠭᠤᠴᠠᠭᠠᠳᠤ ᠰᠡᠳᠬᠦᠯ ᠪᠤᠯ ᠬᠦᠮᠦᠨ ᠳᠦᠷᠦᠯᠬᠢᠳᠡᠨ ᠤ ᠪᠤᠯᠪᠠᠰᠤᠨ ᠢ ᠤᠯᠠᠮᠵᠢᠯᠠᠨ ᠵᠠᠯᠭᠠᠮᠵᠢᠯᠠᠵᠦ᠂ ᠰᠢᠨᠵᠢᠯᠡᠬᠦ ᠤᠬᠠᠭᠠᠨ ᠤ ᠢᠯᠡᠷᠡᠬᠦᠯᠦᠯᠳᠡ ᠶᠢ ᠬᠤᠷᠠᠨ ᠴᠤᠬᠯᠠᠷᠠᠭᠤᠯᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠬᠦᠭᠵᠢᠯᠳᠡ ᠶᠢ ᠬᠦᠳᠦᠯᠦᠨ ᠵᠢᠯᠤᠭᠤᠳᠴᠤ᠂ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠦᠷᠢᠰᠦᠯᠳᠦᠬᠦ ᠬᠦᠴᠦᠨ ᠪᠤᠯᠤᠨ ᠰᠤᠶᠤᠯ ᠤᠨ ᠵᠦᠬᠡᠯᠡᠨ ᠪᠤᠳᠠᠳᠤ ᠬᠦᠴᠦᠨ ᠢ ᠰᠢᠭᠤᠳ ᠢᠯᠡᠷᠡᠬᠦᠯᠵᠦ ᠪᠠᠶᠢᠭ᠎ᠠ ᠶᠤᠮ᠃ ᠳᠡᠯᠡᠬᠡᠢ ᠶᠢᠨ ᠳᠡᠷᠢᠬᠦᠨ ᠤ ᠰᠢᠨᠵᠢᠯᠡᠬᠦ ᠤᠬᠠᠭᠠᠨ ᠮᠡᠷᠬᠡᠵᠢᠯ ᠤᠨ ᠬᠤᠭᠤᠴᠠᠭᠠᠳᠤ ᠰᠡᠳᠬᠦᠯ ᠢ ᠴᠤᠬᠴᠠᠯᠠᠨ ᠪᠠᠶᠢᠭᠤᠯᠬᠤ ᠪᠠᠷ ᠬᠠᠷᠠᠯᠳᠠ ᠪᠤᠯᠭᠠᠵᠦ᠂ ᠭᠤᠤᠯᠳᠠᠯᠭ᠎ᠠ ᠲᠠᠢ ᠪᠠᠷ ᠴᠤᠭᠴᠠᠯᠠᠨ ᠪᠠᠶᠢᠭᠤᠯᠬᠤ ᠬᠤᠭᠤᠴᠠᠭᠠᠳᠤ ᠰᠡᠳᠬᠦᠯ ᠤᠨ ᠭᠠᠷᠴᠠᠬ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠦ᠂ ᠨᠢᠬᠡ ᠪᠦᠯᠦᠭ ᠰᠠᠭᠤᠷᠢ ᠴᠢᠨᠠᠷᠳᠠᠢ ᠪᠠ ᠤᠯᠠᠮᠵᠢᠯᠠᠯᠳᠤ ᠳᠠᠪᠠᠭᠤᠯᠢᠬ ᠬᠦᠷᠢᠶᠡᠨ ᠤ ᠬᠤᠭᠤᠴᠠᠭᠠᠳᠤ ᠰᠡᠳᠬᠦᠯ ᠢ ᠨᠠᠷᠢᠯᠢᠬ ᠪᠦᠬᠡᠳ ᠴᠢᠩᠭ᠎ᠠ ᠴᠢᠨᠠᠷᠯᠢᠭ ᠡᠷᠬᠢᠯᠡᠬᠦ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠦᠨᠳᠦᠰᠦᠨ ᠱᠠᠳᠤᠨ ᠤ ᠬᠢᠨᠡᠨ ᠵᠦᠪᠰᠢᠶᠡᠷᠡᠬᠦ ᠦᠢᠯᠡᠴᠢᠯᠡᠭᠡ ᠬᠠᠤᠯᠢ ᠭᠡᠷᠡᠭᠵᠢᠬᠦᠯᠬᠦ ᠬᠦᠴᠦᠨ ᠢ ᠨᠡᠶᠢᠳᠭᠡᠬᠦ ᠶᠢ ᠠᠬᠢᠭᠤᠯᠬᠤ ᠳᠤ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠵᠡᠬᠡᠯᠢ ᠭᠤᠳᠤᠮᠵᠢ᠂ ᠰᠢᠶᠠᠩ ᠪᠠᠯᠭᠠᠰᠤᠨ ᠤ ᠠᠵᠢᠯ ᠤᠨ ᠤᠨᠴᠠᠯᠢᠬ ᠪᠤᠯᠤᠨ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠱᠠᠭᠠᠷᠳᠠᠯᠭ᠎ᠠ ᠳᠤ ᠵᠤᠬᠢᠴᠠᠭᠤᠯᠵᠦ᠂ ᠦᠨᠳᠦᠰᠦᠨ ᠱᠠᠳᠤᠨ ᠤ ᠬᠢᠨᠡᠨ ᠵᠦᠪᠰᠢᠶᠡᠷᠡᠬᠦ ᠦᠢᠯᠡᠴᠢᠯᠡᠭᠡᠨ ᠤ ᠪᠠᠶᠢᠭᠤᠯᠤᠮᠵᠢ ᠶᠢ ᠶᠡᠷᠦᠩᠬᠡᠶᠢᠯᠡᠨ ᠳᠤᠬᠢᠷᠠᠭᠤᠯᠵᠤ᠂ ᠦᠨᠳᠦᠰᠦᠨ ᠱᠠᠳᠤᠨ ᠤ ᠰᠦᠯᠵᠢᠶᠡᠨ ᠤ ᠬᠠᠮᠢᠶᠠᠷᠤᠯᠳᠠ ᠪᠤᠯᠤᠨ ᠵᠢᠯᠤᠭᠤᠳᠬᠤ ᠳᠠᠪᠴᠠᠩ ᠢ ᠨᠡᠶᠢᠳᠬᠡᠵᠦ᠂ ᠡᠬᠢ ᠪᠠᠶᠠᠯᠢᠬ ᠤᠨ ᠦᠢᠯᠡᠴᠢᠯᠡᠬᠡᠨ ᠤ ᠬᠠᠮᠢᠶᠠᠷᠤᠯᠳᠠ ᠶᠢ ᠳᠤᠷᠤᠬᠰᠢ ᠪᠠᠭᠤᠯᠭᠠᠬᠤ ᠶᠢ ᠠᠬᠢᠭᠤᠯᠵᠦ᠂ ᠦᠨᠳᠦᠰᠦᠨ ᠱᠠᠳᠤᠨ ᠤ ᠡᠯ᠎ᠠ ᠳᠦᠷᠦᠯ ᠤᠨ ᠪᠠᠶᠢᠭᠤᠯᠤᠮᠵᠢ᠂ ᠵᠤᠬᠢᠶᠠᠨ ᠪᠠᠶᠢᠭᠤᠯᠤᠯᠳᠠ ᠶᠢᠨ ᠤᠯᠠᠨ ᠳᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠬᠤ ᠦᠢᠯᠡᠴᠢᠯᠡᠬᠡᠨ ᠤ ᠳᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠲᠠᠢ ᠪᠤᠯᠭᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃      ᠬᠤᠷᠠᠯ ᠠᠴᠠ᠂ ᠬᠡᠪᠯᠡᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠰᠤᠶᠤᠯ ᠤᠨ ᠬᠦᠭᠵᠢᠯᠳᠡ ᠶᠢᠨ ᠵᠠᠮ ᠢ ᠪᠠᠷᠢᠮᠳᠠᠯᠠᠵᠦ᠂ ᠠᠷᠠᠳ ᠳᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠳᠠᠯᠠᠵᠦ᠂ ᠴᠡᠴᠡᠭ ᠪᠦᠬᠦᠨ ᠢ ᠵᠡᠷᠬᠡ ᠪᠠᠷ ᠳᠡᠯᠬᠡᠷᠡᠬᠦᠯᠵᠦ᠂ ᠡᠷᠳᠡᠮᠳᠡᠨ ᠪᠦᠬᠦᠨ ᠢ ᠴᠢᠯᠤᠬᠡᠳᠡᠢ ᠶᠠᠷᠢᠯᠴᠠᠭᠤᠯᠬᠤ ᠶᠢ ᠪᠠᠷᠢᠮᠳᠠᠯᠠᠵᠦ᠂ ᠠᠭᠤᠯᠭ᠎ᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠦᠬᠡᠷᠡᠴᠢᠯᠡᠯᠳᠡ ᠬᠢᠵᠦ ᠰᠢᠨ᠎ᠠ ᠶᠢ ᠡᠬᠦᠳᠬᠦ ᠶᠢ ᠬᠦᠨᠵᠡᠬᠡᠶᠢᠷᠡᠬᠦᠯᠵᠦ᠂ ᠬᠡᠪᠯᠡᠯ ᠤᠨ ᠬᠠᠮᠢᠶᠠᠷᠤᠯᠳᠠ ᠶᠢ ᠳᠡᠬᠦᠯᠳᠡᠷᠵᠢᠬᠦᠯᠵᠦ᠂ ᠨᠡᠶᠢᠭᠡᠮ ᠤᠨ ᠦᠷ᠎ᠠ ᠠᠰᠢᠬ ᠢ ᠳᠡᠷᠢᠬᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠠ ᠠᠰᠢᠬ ᠪᠤᠯᠤᠨ ᠠᠵᠦ ᠠᠬᠤᠢ ᠶᠢᠨ ᠦᠷ᠎ᠠ ᠠᠰᠢᠬ ᠬᠠᠷᠢᠯᠴᠠᠨ ᠨᠢᠭᠡᠳᠦᠯᠳᠠᠢ ᠪᠠᠶᠢᠬᠤ ᠬᠡᠪᠯᠡᠯ ᠤᠨ ᠪᠠᠶᠢᠭᠤᠯᠤᠮᠵᠢ ᠳᠤᠬᠳᠠᠴᠠ ᠶᠢ ᠪᠠᠶᠢᠭᠤᠯᠬᠤ ᠪᠠᠷ ᠬᠦᠴᠦᠯᠡᠵᠦ᠂ ᠠᠷᠠᠳ ᠤᠯᠠᠨ ᠳᠤ ᠨᠡᠩ ᠡᠯᠪᠡᠭ ᠪᠠᠶᠠᠯᠢᠬ᠂ ᠨᠡᠩ ᠴᠢᠨᠠᠷ ᠰᠠᠶᠢᠳᠠᠢ ᠬᠡᠪᠯᠡᠯ ᠤᠨ ᠪᠦᠳᠦᠬᠡᠭᠳᠡᠬᠦᠨ ᠪᠤᠯᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠠᠴᠠ ᠡᠮ ᠤᠨ ᠵᠦᠢᠯᠡᠰ ᠢ ᠳᠦᠪᠯᠡᠷᠡᠬᠦᠯᠦᠨ ᠬᠤᠳᠠᠯᠳᠤᠨ ᠠᠪᠬᠤ ᠶᠢ ᠵᠤᠬᠢᠶᠠᠨ ᠪᠠᠶᠢᠭᠤᠯᠬᠤ ᠳᠤᠷᠰᠢᠯᠳᠠ ᠶᠢᠨ ᠴᠡᠭ ᠢ ᠦᠷᠨᠢᠬᠦᠯᠬᠦ ᠶᠢᠨ ᠵᠤᠷᠢᠯᠭ᠎ᠠ ᠨᠢ ᠡᠮ ᠤᠨ ᠵᠦᠢᠯᠡᠰ ᠢ ᠳᠦᠪᠯᠡᠷᠡᠬᠦᠯᠦᠨ ᠬᠤᠳᠠᠯᠳᠤᠨ ᠠᠪᠬᠤ ᠪᠠᠶᠢᠭᠤᠯᠤᠮᠵᠢ ᠪᠤᠯᠤᠨ ᠵᠠᠬ᠎ᠠ ᠳᠡᠯᠬᠡᠬᠦᠷ ᠢᠶᠠᠷ ᠭᠤᠤᠯ ᠤᠳᠤᠷᠢᠳᠤᠮᠵᠢ ᠪᠤᠯᠭᠠᠬᠰᠠᠨ ᠡᠮ ᠤᠨ ᠦᠨ᠎ᠠ ᠬᠠᠩᠰᠢ ᠪᠦᠷᠢᠯᠳᠤᠬᠦ ᠳᠤᠬᠳᠠᠴᠠ ᠶᠢ ᠳᠡᠬᠦᠯᠳᠡᠷᠵᠢᠬᠦᠯᠬᠦ ᠶᠢ ᠬᠠᠶᠢᠨ ᠰᠦᠪᠡᠭᠴᠢᠯᠡᠵᠦ᠂ ᠤᠯᠠᠨ ᠳᠦᠮᠡᠨ ᠤ ᠡᠮ ᠤᠨ ᠵᠠᠷᠤᠳᠠᠯ ᠰᠦᠢᠳᠬᠡᠯ ᠤᠨ ᠳᠠᠷᠤᠭᠠᠰᠤ ᠶᠢ ᠪᠠᠭᠤᠷᠠᠭᠤᠯᠵᠦ᠂ ᠡᠮ ᠤᠨ ᠬᠦᠢᠯᠬᠡᠬᠡᠨ ᠤ ᠡᠮᠬᠢ ᠳᠢᠭᠯᠢᠮ ᠢ ᠳᠦᠷᠢᠮᠵᠢᠬᠦᠯᠵᠦ᠂ ᠤᠯᠠᠨ ᠳᠦᠮᠡᠨ ᠤ ᠡᠮ ᠬᠡᠷᠡᠭᠯᠡᠬᠦ ᠠᠮᠤᠷ ᠳᠦᠪᠰᠢᠨ ᠢ ᠳᠡᠬᠡᠭᠰᠢᠯᠡᠬᠦᠯᠬᠦ ᠬᠡᠰᠡᠨ ᠳᠤ ᠪᠠᠶᠢᠭ᠎ᠠ ᠶᠤᠮ ᠃ ᠤᠯᠤᠰ ᠠᠴᠠ ᠵᠤᠬᠢᠶᠠᠨ ᠪᠠᠶᠢᠭᠤᠯᠵᠦ᠂ ᠬᠤᠯᠪᠤᠭᠠᠨ ᠤ ᠬᠢᠨ ᠬᠤᠳᠠᠯᠳᠤᠨ ᠠᠪᠬᠤ᠂ ᠳᠠᠪᠴᠠᠩ ᠢᠶᠠᠷ ᠡᠵᠡᠮᠳᠡᠬᠦ ᠶᠡᠷᠦᠩᠬᠡᠢ ᠰᠡᠳᠬᠢᠮᠵᠢ ᠶᠤᠰᠤᠭᠠᠷ᠂ ᠬᠠᠤᠯᠢ ᠳᠤᠬᠳᠠᠭᠠᠯ ᠳᠤ ᠨᠡᠶᠢᠴᠡᠬᠦᠯᠬᠦ ᠶᠢ ᠪᠠᠷᠢᠮᠳᠠᠯᠠᠵᠦ᠂ ᠵᠠᠬ᠎ᠠ ᠳᠡᠯᠬᠡᠬᠦᠷ ᠤᠨ ᠳᠤᠬᠳᠠᠴᠠ ᠪᠤᠯᠤᠨ ᠵᠠᠰᠠᠬ ᠤᠨ ᠤᠷᠳᠤᠨ ᠤ ᠦᠢᠯᠡᠳᠦᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠦ᠂ ᠡᠮ ᠤᠨ ᠵᠦᠢᠯᠡᠰ ᠤᠨ ᠶᠠᠰᠤ ᠴᠢᠨᠠᠷ ᠪᠤᠯᠤᠨ ᠬᠠᠩᠭᠠᠯᠭ᠎ᠠ ᠳᠤᠬᠳᠠᠭᠤᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠡᠢ ᠬᠡᠵᠦ ᠵᠢᠭᠠᠵᠦ ᠭᠠᠷᠭᠠᠪᠠ᠃      ᠬᠤᠷᠠᠯ ᠠᠴᠠ᠂ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠤᠨ ᠢᠯᠡ ᠳᠤᠳᠤᠷᠬᠠᠢ᠂ ᠳᠦᠷᠢᠮᠵᠢᠭᠦᠨ᠂ ᠬᠠᠤᠯᠢ ᠳᠤ ᠨᠡᠶᠢᠴᠡᠬᠦ᠂ ᠲᠦᠪ ᠭᠤᠤᠯᠴᠢ ᠪᠠᠶᠢᠬᠤ ᠶᠢ ᠬᠦᠴᠦᠯᠡᠨ ᠠᠬᠢᠭᠤᠯᠵᠦ᠂ ᠬᠠᠤᠯᠢ ᠬᠡᠷᠡᠭᠵᠢᠬᠦᠯᠬᠦ ᠳᠦᠷᠢᠮ ᠢ ᠳᠠᠰᠤᠷᠠᠯᠳᠠ ᠦᠬᠡᠢ ᠪᠦᠷᠢᠨᠰᠢᠬᠦᠯᠵᠦ᠂ ᠬᠠᠤᠯᠢ ᠬᠡᠷᠡᠭᠵᠢᠬᠦᠯᠬᠦ ᠲᠡᠰ ᠳᠠᠷᠠᠭᠠᠯᠠᠯ ᠢ ᠳᠦᠷᠢᠮᠵᠢᠬᠦᠯᠵᠦ᠂ ᠬᠠᠤᠯᠢ ᠬᠡᠷᠡᠭᠵᠢᠬᠦᠯᠬᠦ ᠠᠷᠭ᠎ᠠ ᠬᠡᠯᠪᠡᠷᠢ ᠳᠤ ᠰᠢᠨ᠎ᠠ ᠶᠢ ᠡᠬᠦᠳᠴᠤ᠂ ᠬᠠᠤᠯᠢ ᠬᠡᠷᠡᠭᠵᠢᠬᠦᠯᠬᠦ ᠬᠢᠨᠠᠯᠳᠠ ᠶᠢ ᠴᠢᠩᠭᠠᠳᠬᠠᠵᠦ᠂ ᠬᠠᠤᠯᠢ ᠬᠡᠷᠡᠭᠵᠢᠬᠦᠯᠬᠦ ᠦᠷ᠎ᠠ ᠪᠦᠳᠦᠮᠵᠢ ᠶᠢ ᠪᠦᠬᠦ ᠳᠠᠯ᠎ᠠ ᠪᠠᠷ ᠳᠡᠬᠡᠭᠰᠢᠯᠡᠬᠦᠯᠵᠦ᠂ ᠡᠷᠬᠡ ᠬᠠᠷᠢᠭᠤᠴᠠᠯᠭ᠎ᠠ ᠨᠢᠬᠡᠳᠦᠯᠳᠡᠢ᠂ ᠡᠷᠬᠡ ᠰᠦᠷᠳᠤ ᠦᠨᠳᠦᠷ ᠪᠦᠳᠦᠮᠵᠢᠳᠠᠢ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠰᠢᠰᠲ᠋ᠧᠮ ᠢ ᠪᠦᠷᠢᠯᠳᠦᠬᠦᠯᠬᠦ ᠶᠢ ᠠᠬᠢᠭᠤᠯᠵᠦ᠂ ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠬ ᠢ ᠦᠨᠡᠨ ᠬᠦ ᠬᠠᠮᠠᠭᠠᠯᠠᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠨᠡᠶᠢᠭᠡᠮ ᠤᠨ ᠵᠠᠰᠠᠯᠳᠠ ᠶᠢᠨ ᠭᠤᠤᠯᠳᠠᠯᠭ᠎ᠠ ᠶᠢ ᠦᠨᠳᠦᠰᠦᠨ ᠱᠠᠳᠤ ᠳᠡᠶᠢᠰᠢ ᠰᠢᠯᠵᠢᠬᠦᠯᠬᠦ ᠶᠢ ᠠᠬᠢᠭᠤᠯᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠦᠨᠳᠦᠰᠦᠨ ᠱᠠᠳᠤᠨ ᠤ ᠵᠠᠰᠠᠯᠳᠠ ᠶᠢ ᠤᠳᠤᠷᠢᠳᠬᠤ ᠪᠠᠳᠤ ᠴᠢᠩᠭ᠎ᠠ ᠳᠠᠶᠢᠴᠢᠨ ᠪᠠᠬᠢᠯᠡᠯᠳᠡ ᠪᠤᠯᠭᠠᠨ ᠪᠦᠳᠦᠬᠡᠨ ᠪᠠᠶᠢᠭᠤᠯᠬᠤ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠳᠤᠷᠠᠳᠤᠬᠰᠠᠨ ᠴᠢᠬᠤᠯᠠ ᠡᠬᠦᠷᠬᠡ ᠮᠦᠨ᠃ ᠪᠡᠬᠡᠵᠢᠩ ᠬᠤᠳᠠ ᠶᠢᠨ ᠨᠠᠮ ᠤᠨ ᠬᠤᠷᠢᠶ᠎ᠠ ︽ᠵᠡᠬᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠪᠡᠯ ᠰᠠᠯᠠᠭ᠎ᠠ ᠮᠦᠴᠢᠷ ᠤᠳ ᠬᠤᠷᠠᠨ ᠴᠤᠬᠯᠠᠷᠠᠬᠤ ︾ ᠦᠬᠡᠷᠡᠴᠢᠯᠡᠯᠳᠡ ᠪᠠᠷ ᠭᠠᠷᠳᠠᠴᠠ ᠪᠤᠯᠭᠠᠨ᠂ ᠨᠠᠮ ᠤᠨ ᠪᠠᠶᠢᠭᠤᠯᠤᠯᠳᠠ ᠠᠴᠠ ᠦᠨᠳᠦᠰᠦᠨ ᠱᠠᠳᠤᠨ ᠤ ᠵᠠᠰᠠᠯᠳᠠ ᠶᠢ ᠬᠦᠳᠦᠯᠦᠨ ᠵᠢᠯᠤᠭᠤᠳᠬᠤ ᠪᠠᠶᠢᠭᠤᠯᠤᠮᠵᠢ ᠳᠤᠬᠳᠠᠴᠠ ᠶᠢᠨ ᠰᠢᠨ᠎ᠠ ᠶᠢ ᠡᠬᠦᠳᠬᠦ ᠶᠢ ᠢᠳᠡᠪᠬᠢᠳᠡᠢ ᠬᠠᠶᠢᠨ ᠰᠦᠪᠡᠭᠴᠢᠯᠡᠵᠦ᠂ ᠤᠯᠠᠨ ᠳᠦᠮᠡᠨ ᠤ ᠡᠬᠦᠳᠡᠨ ᠡᠮᠤᠨᠡᠬᠢ ᠶᠠᠪᠤᠳᠠᠯ ᠤᠳ ᠢ ᠰᠠᠶᠢᠳᠤᠷ ᠬᠢᠬᠦ ᠳᠤ ᠠᠩᠬᠠᠷᠤᠯ ᠢᠶᠠᠨ ᠳᠦᠪᠯᠡᠷᠡᠬᠦᠯᠵᠦ᠂ ᠨᠠᠶᠢᠳᠠᠪᠤᠷᠢᠵᠢᠭᠤᠯᠤᠯᠳᠠ ᠶᠢ ᠠᠳᠬᠤᠬᠤ ︽ᠬᠠᠮᠤᠬ ᠡᠴᠦᠰ ᠤᠨ ᠨᠢᠬᠡ ᠺᠢᠯᠦᠮᠧᠲᠷ︾ ᠢ ᠨᠡᠪᠳᠡᠷᠡᠬᠦᠯᠵᠦ᠂ ᠦᠨᠡᠨ ᠬᠦ ᠶᠠᠪᠤᠭᠤᠷᠢᠳᠠᠢ ᠠᠷᠭ᠎ᠠ ᠪᠠᠷᠢᠯ ᠢ ᠪᠦᠷᠢᠯᠳᠦᠬᠦᠯᠵᠡᠢ᠃ ᠡᠯ᠎ᠠ ᠭᠠᠵᠠᠷ ᠤᠷᠤᠨ ᠤ ᠬᠢᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠰᠢᠨ᠎ᠠ ᠴᠠᠬ ᠦᠶ᠎ᠠ ᠶᠢᠨ ᠤᠯᠠᠨ ᠳᠦᠮᠡᠨᠴᠢ ᠱᠤᠭᠤᠮ ᠢᠶᠠᠷ ᠰᠠᠶᠢᠳᠤᠷ ᠵᠠᠮᠨᠠᠵᠦ᠂ ᠦᠨᠳᠦᠰᠤᠨ ᠱᠠᠳᠤᠨ ᠤ ᠡᠮᠦᠨ᠎ᠡ ᠹᠷᠤᠨᠲ ᠲᠤ ᠬᠦᠷᠴᠤ ᠠᠰᠠᠭᠤᠳᠠᠯ ᠢ ᠰᠢᠢᠳᠪᠤᠷᠢᠯᠡᠬᠦ ᠵᠢᠯᠤᠭᠤᠳᠤᠮᠵᠢ ᠶᠢ ᠪᠤᠢ ᠪᠤᠯᠭᠠᠵᠦ᠂ ᠤᠯᠠᠨ ᠳᠦᠮᠡᠨ ᠤ ᠳᠡᠷᠬᠡᠳᠡᠬᠢ ᠠᠰᠠᠭᠤᠳᠠᠯ ᠤᠳ ᠢ ᠰᠠᠶᠢᠳᠤᠷ ᠰᠢᠢᠳᠪᠤᠷᠢᠯᠡᠬᠦ ᠬᠡᠷᠡᠭᠳᠡᠢ ᠬᠡᠵᠦ ᠵᠢᠭᠠᠵᠦ ᠭᠠᠷᠭᠠᠪᠠ᠃      ᠬᠤᠷᠠᠯ ᠠᠴᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠦᠭᠡᠷᠡᠴᠢᠯᠡᠯᠲᠡ ᠨᠡᠭᠡᠬᠡᠯᠲᠡ ᠬᠢᠭᠰᠡᠨ 40 ᠵᠢᠯ ᠤᠨ ᠤᠢ ᠶᠢ ᠪᠡᠯᠭᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 40 ᠵᠢᠯ ᠤᠨ ᠦᠭᠡᠷᠡᠴᠢᠯᠡᠯᠲᠡ ᠨᠡᠭᠡᠬᠡᠯᠲᠡ ᠶᠢ ᠡᠷᠭᠢᠴᠡᠭᠦᠯᠦᠨ ᠳ᠋ᠦᠡᠭᠨᠡᠬᠦ ᠶᠢ ᠰᠢᠨ᠎ᠠ ᠴᠠᠭ ᠦᠶ᠎ᠠ ᠳᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠲᠠᠢ ᠤᠶᠠᠯᠳᠤᠭᠤᠯᠤᠨ᠂ ᠦᠭᠡᠷᠡᠴᠢᠯᠡᠯᠲᠡ ᠨᠡᠭᠡᠬᠡᠯᠲᠡ ᠶᠢᠨ ᠲᠡᠦᠬᠡᠨ ᠲᠤᠷᠰᠢᠯᠭ᠎ᠠ ᠶᠢ ᠰᠢᠩᠭᠡᠨ ᠠᠪᠬᠤ ᠶᠢ ᠪᠤᠳᠠᠲᠤ ᠵᠦᠷᠢᠴᠡᠯ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠤᠨ᠂ ᠦᠭᠡᠷᠡᠴᠢᠯᠡᠯᠲᠡ ᠨᠡᠭᠡᠬᠡᠯᠲᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠭᠦᠢᠴᠡᠳ ᠢᠯᠡᠷᠡᠭᠦᠯᠬᠦ ᠶᠢ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠦᠭᠡᠷᠡᠴᠢᠯᠡᠯᠲᠡ ᠨᠡᠭᠡᠬᠡᠯᠲᠡ ᠶᠢ ᠭᠦᠨᠵᠡᠭᠡᠶᠢᠷᠡᠭᠦᠯᠬᠦ ᠶᠢ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠳᠡᠷᠭᠡᠯᠰᠢᠬᠦᠯᠬᠦ ᠶᠢ ᠠᠬᠢᠭᠤᠯᠬᠤ ᠲᠠᠢ ᠤᠶᠠᠯᠳᠤᠭᠤᠯᠤᠨ᠂ ᠨᠡᠩ ᠶᠡᠭᠡ ᠢᠲᠡᠭᠡᠯ ᠵᠤᠷᠢᠭ᠂ ᠨᠡᠩ ᠶᠡᠭᠡ ᠰᠦᠰᠦ ᠵᠤᠷᠢᠭ᠂ ᠨᠡᠩ ᠶᠡᠭᠡ ᠡᠷᠴᠢᠮ ᠢᠶᠠᠷ ᠦᠭᠡᠷᠡᠴᠢᠯᠡᠯᠲᠡ ᠨᠡᠭᠡᠬᠡᠯᠲᠡ ᠶᠢ ᠭᠦᠨᠵᠡᠭᠡᠶᠢᠷᠡᠭᠦᠯᠤᠨ ᠠᠬᠢᠭᠤᠯᠬᠤ ᠬᠡᠷᠡᠭᠲᠡᠢ᠃ ᠲᠡᠦᠬᠡ᠂ ᠪᠦᠬᠦ ᠲᠠᠯ᠎ᠠ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ 40 ᠵᠢᠯ ᠤᠨ ᠦᠭᠡᠷᠡᠴᠢᠯᠡᠯᠲᠡ ᠨᠡᠭᠡᠬᠡᠯᠲᠡ ᠶᠢᠨ ᠠᠮᠵᠢᠯᠲᠠ ᠪᠦᠲᠦᠮᠵᠢ ᠪᠤᠯᠤᠨ ᠲᠤᠷᠰᠢᠯᠭ᠎ᠠ ᠶᠢ ᠳ᠋ᠦᠡᠭᠨᠡᠬᠦ ᠶᠢ ᠠᠩᠬᠠᠷᠴᠤ᠂ ᠴᠠᠭ ᠦᠶᠡᠴᠢ ᠴᠢᠨᠠᠷ᠂ ᠦᠵᠡᠯ ᠰᠠᠨᠠᠭᠠᠲᠤ ᠴᠢᠨᠠᠷ᠂ ᠦᠢᠯᠡᠳᠦᠯᠭᠡᠲᠦ ᠴᠢᠨᠠᠷ ᠢ ᠳᠤᠪᠤᠶᠢᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠡᠰᠡᠭ ᠨᠡᠶᠢᠲᠡᠴᠢ ᠴᠢᠨᠠᠷᠲᠠᠢ᠂ ᠵᠢᠮ᠎ᠠ ᠶᠤᠰᠤᠴᠢ ᠴᠢᠨᠠᠷᠲᠠᠢ ᠠᠰᠠᠭᠤᠳᠠᠯ ᠢ ᠳ᠋ᠦᠡᠭᠨᠡᠬᠦ ᠪᠠ ᠲᠤᠩᠭᠠᠨ ᠪᠤᠳᠤᠯᠬᠢᠯᠠᠬᠤ ᠪᠠᠨ ᠠᠩᠬᠠᠷᠴᠤ᠂ ᠨᠡᠩ ᠰᠠᠶᠢᠲᠤᠷ ᠤᠷᠤᠬᠰᠢᠯᠠᠬᠤ ᠳᠤ ᠠᠰᠢᠬᠲᠠᠢ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢᠨ᠎ᠠ ᠲᠡᠦᠬᠡ ᠶᠢᠨ ᠰᠢᠨ᠎ᠠ ᠭᠠᠷᠤᠭ᠎ᠠ ᠳᠡᠭᠡᠷ᠎ᠠ ᠵᠤᠬᠰᠤᠵᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠠᠶᠢᠷᠢᠯᠠᠭᠤᠯᠤᠨ ᠠᠬᠢᠭᠤᠯᠵᠤ᠂ ᠮᠠᠰᠢ ᠤᠯᠠᠨ ᠴᠢᠬᠤᠯᠠ ᠶᠡᠭᠡ ᠲᠡᠦᠬᠡᠲᠦ ᠴᠢᠨᠠᠷᠲᠠᠢ ᠠᠮᠵᠢᠯᠲᠠ ᠤᠯᠤᠬᠰᠠᠨ ᠪᠦᠭᠡᠳ ᠪᠠᠰᠠ ᠮᠠᠰᠢ ᠤᠯᠠᠨ ᠦᠭᠡᠷᠡᠴᠢᠯᠡᠯᠲᠡ ᠶᠢᠨ ᠰᠢᠨ᠎ᠠ ᠰᠤᠷᠭᠤᠭ ᠲᠤᠷᠰᠢᠯᠭ᠎ᠠ ᠶᠢ ᠡᠭᠦᠳᠦᠨ ᠬᠤᠷᠠᠮᠳᠤᠭᠤᠯᠪᠠ᠃ ᠡᠨᠡ ᠬᠦ ᠱᠠᠲᠤᠨ ᠤ ᠦᠭᠡᠷᠡᠴᠢᠯᠡᠯᠲᠡ ᠶᠢᠨ ᠠᠵᠢᠯ ᠢ ᠰᠠᠶᠢᠲᠤᠷ ᠳ᠋ᠦᠡᠭᠨᠡᠵᠦ᠂ ᠰᠢᠨ᠎ᠠ ᠴᠠᠭ ᠦᠶ᠎ᠠ ᠶᠢᠨ ᠦᠭᠡᠷᠡᠴᠢᠯᠡᠯᠲᠡ ᠨᠡᠭᠡᠬᠡᠯᠲᠡ ᠶᠢᠨ ᠵᠤᠷᠢᠭ ᠰᠠᠨᠠᠭ᠎ᠠ ᠴᠤᠭ ᠰᠦᠯᠳᠡ ᠶᠢ ᠰᠠᠶᠢᠲᠤᠷ ᠬᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠦᠭᠡᠷᠡᠴᠢᠯᠡᠯᠲᠡ ᠨᠡᠭᠡᠬᠡᠯᠲᠡ ᠬᠢᠭᠰᠡᠨ 40 ᠵᠢᠯ ᠤᠨ ᠤᠢ ᠶᠢ ᠪᠡᠯᠭᠡᠯᠡᠬᠦ ᠳᠤ᠂ ᠦᠨᠡᠨ ᠪᠤᠳᠠᠳᠠᠢ ᠠᠵᠢᠯᠯᠠᠭ᠎ᠠ ᠠᠪᠴᠤ᠂ ᠦᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠳᠬᠤᠬᠤ ᠳᠡᠭᠡᠷ᠎ᠠ ᠨᠡᠩ ᠶᠡᠭᠡ ᠬᠦᠴᠦ ᠲᠠᠯᠪᠢᠵᠤ᠂ ᠵᠠᠩᠭᠢᠯᠠᠭ᠎ᠠ ᠨᠢ ᠠᠰᠠᠭᠤᠳᠠᠯ ᠢ ᠤᠨᠤᠪᠴᠢᠲᠠᠢ ᠤᠯᠵᠤ᠂ ᠠᠰᠠᠭᠤᠳᠠᠯ ᠢ ᠡᠵᠡᠮᠳᠡᠵᠦ᠂ ᠠᠰᠠᠭᠤᠳᠠᠯ ᠢ ᠰᠢᠢᠳᠪᠦᠷᠢᠯᠡᠨ᠎ᠠ᠃ ᠪᠦᠬᠦᠯᠢ ᠴᠤᠬᠴᠠ ᠳᠡᠭᠡᠷᠡᠬᠢ ᠦᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠢ ᠠᠩᠬᠠᠷᠬᠤ ᠪᠦᠭᠡᠳ ᠪᠠᠰᠠ ᠵᠢᠵᠢᠭ ᠰᠠᠵᠢᠭ ᠵᠦᠢᠯ ᠠᠴᠠ ᠭᠠᠷᠳᠠᠨ ᠰᠢᠪᠲᠤᠯᠤᠯᠲᠠ ᠭᠠᠷᠭᠠᠬᠤ᠂ ᠴᠡᠭ ᠳᠡᠭᠡᠷ᠎ᠠ ᠬᠦᠴᠦᠯᠡᠬᠦ ᠳᠡᠭᠡᠨ ᠴᠢᠳᠠᠮᠠᠭᠠᠢ ᠪᠠᠶᠢᠵᠤ᠂ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠶᠢ ᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠤᠷᠤᠨ ᠨᠤᠲᠤᠭ ᠤᠨ ᠬᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠠᠭᠠᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠲᠦᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠵᠤᠷᠢᠯᠳᠠ ᠶᠢ ᠡᠵᠡᠮᠳᠡᠵᠦ᠂ ᠤᠷᠤᠨ ᠨᠤᠲᠤᠭ ᠤᠨ ᠦᠭᠡᠷᠡᠴᠢᠯᠡᠯᠲᠡ ᠶᠢ ᠤᠯᠤᠰ ᠤᠨ ᠦᠭᠡᠷᠡᠴᠢᠯᠡᠯᠲᠡ ᠬᠦᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠢᠶᠠᠷ ᠠᠭᠤᠰᠤᠯᠴᠠᠭᠤᠯᠵᠤ᠂ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠢ ᠤᠨᠤᠪᠴᠢᠲᠠᠢ ᠤᠶᠢᠯᠠᠭᠠᠵᠤ᠂ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠤᠨᠤᠪᠴᠢᠲᠠᠢ ᠮᠡᠳᠡᠵᠦ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠪᠤᠳᠠᠲᠠᠢ ᠬᠡᠷᠡᠭᠵᠢᠭᠦᠯᠵᠦ᠂ ᠦᠭᠡᠷᠡᠴᠢᠯᠡᠯᠲᠡ ᠶᠢᠨ ᠦᠷ᠎ᠠ ᠠᠰᠢᠭ ᠢ ᠳᠡᠭᠡᠭᠰᠢᠯᠡᠭᠦᠯᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠳᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ 40 ᠵᠢᠯ ᠤᠨ ᠦᠢᠯᠡᠳᠦᠯᠭᠡ ᠭᠡᠷᠡᠴᠢᠯᠡᠭᠰᠡᠨ ᠨᠢ᠂ ᠤᠷᠴᠢᠨ ᠲᠤᠭᠤᠷᠢᠨ ᠤᠯᠠᠮ ᠪᠤᠳᠤᠯᠢᠶᠠᠨ ᠲᠠᠢ ᠪᠤᠯ᠂ ᠪᠠᠶᠢᠯᠳᠤᠬᠤ ᠪᠤᠳᠤᠯᠭ᠎ᠠ ᠶᠢᠨ ᠲᠤᠬᠲᠠᠯ ᠬᠦᠴᠦᠨ ᠢᠶᠠᠨ ᠤᠯᠠᠮ ᠰᠠᠶᠢᠳᠦᠷ ᠪᠠᠳᠤᠯᠠᠵᠤ᠂ ᠶᠡᠭᠡ ᠲᠠᠯ᠎ᠠ ᠶᠢ ᠡᠵᠡᠮᠳᠡᠵᠦ ᠴᠢᠳᠠᠨ᠂ ᠴᠢᠭᠯᠡᠯ ᠢᠶᠠᠨ ᠲᠤᠲᠤᠷᠬᠠᠢ ᠤᠯᠵᠤ᠂ ᠯᠠᠪᠳᠠᠭᠤᠨ ᠵᠤᠬᠰᠤᠵᠤ᠂ ᠠᠶᠤᠯ ᠲᠦᠭᠰᠢᠭᠦᠷᠢ ᠶᠢ ᠡᠭᠦᠷᠭᠡᠯᠡᠵᠦ ᠳᠡᠶᠢᠯᠬᠦ ᠬᠡᠷᠡᠭᠲᠡᠢ᠃ ᠪᠢᠳᠡ ᠪᠠᠶᠢᠯᠳᠤᠬᠤ ᠪᠤᠳᠤᠯᠭ᠎ᠠ ᠶᠢᠨ ᠮᠠᠭᠠᠳᠯᠠᠯᠲᠠ ᠪᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠦᠭᠡᠷᠡᠴᠢᠯᠡᠯᠲᠡ ᠶᠢ ᠲᠦᠯᠦᠪᠵᠢᠭᠦᠯᠬᠦ ᠪᠦᠭᠡᠳ ᠪᠠᠰᠠ ᠳᠠᠶᠢᠯᠠᠯᠳᠤᠭᠠᠨ ᠤ ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠤ᠂ ᠦᠭᠡᠷᠡᠴᠢᠯᠡᠯᠲᠡ ᠪᠠᠷ ᠳᠠᠮᠵᠢᠨ ᠳᠤᠲᠤᠭᠠᠳᠤ ᠬᠡᠷᠡᠭᠴᠡᠭᠡᠨ ᠤ ᠳᠠᠯᠲᠠ ᠬᠦᠴᠦᠨ ᠢ ᠪᠠᠳᠠᠷᠠᠭᠤᠯᠤᠨ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠂ ᠨᠡᠮᠡᠭᠳᠡᠯ ᠤᠨ ᠬᠦᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ᠃ ᠦᠭᠡᠷᠡᠴᠢᠯᠡᠯᠲᠡ ᠨᠡᠭᠡᠬᠡᠯᠲᠡ ᠶᠢᠨ ᠨᠡᠶᠢᠭᠡᠮ ᠤᠨ ᠤᠷᠴᠢᠨ ᠠᠬᠤᠢ ᠶᠢ ᠰᠠᠶᠢᠲᠤᠷ ᠴᠤᠬᠴᠠᠯᠠᠵᠤ᠂ ᠵᠦᠪ ᠲᠠᠯ᠎ᠠ ᠶᠢᠨ ᠤᠬᠠᠭᠤᠯᠭ᠎ᠠ ᠪᠤᠯᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠴᠢᠬᠤᠯᠠ ᠶᠡᠭᠡ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠳᠠ ᠦᠭᠴᠤ᠂ ᠵᠦᠪ ᠰᠠᠨᠠᠯ ᠢ ᠰᠤᠨᠤᠰᠬᠤ ᠳᠠᠭᠠᠨ ᠴᠢᠳᠠᠮᠠᠭᠠᠢ ᠪᠠᠶᠢᠵᠤ᠂ ᠪᠦᠬᠦ ᠨᠡᠶᠢᠭᠡᠮ ᠤᠨ ᠦᠭᠡᠷᠡᠴᠢᠯᠡᠯᠲᠡ ᠶᠢᠨ ᠢᠲᠡᠭᠡᠯ ᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠭᠡᠰᠢᠭᠦᠳ ᠤᠷᠤᠯᠴᠠᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠭᠦᠳ ᠬᠤᠷᠠᠯ ᠳᠤ ᠰᠤᠯᠠ ᠤᠷᠤᠯᠴᠠᠪᠠ᠃              ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 14 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号