ᠮᠠᠨ ᠤ ᠬᠤᠰᠢᠭᠤ ᠴᠡᠴᠡᠷᠯᠢᠭᠵᠢᠬᠦᠯᠦᠯᠳᠡ ᠶᠢᠨ ᠠᠵᠢᠯᠴᠢᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2018-11-16
     ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠬᠠᠮᠢᠶᠠᠷᠤᠯᠳᠠ ᠶᠢᠨ ᠵᠠᠩᠬᠢᠯᠠᠭ᠎ᠠ ᠶᠢᠨ ᠤᠯᠠᠷᠢᠯ ᠬᠦᠷᠴᠦ ᠢᠷᠡᠬᠦ ᠪᠠᠷ 11 ᠰᠠᠷ᠎ᠠ ᠶᠢᠨ 12 ᠤᠨ ᠡᠳᠦᠷ ᠬᠤᠰᠢᠭᠤ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠲᠤᠪᠴᠢᠶ᠎ᠠ ᠪᠤᠯᠤᠨ ᠬᠤᠰᠢᠭᠤ ᠠᠵᠢᠯᠴᠢᠨ ᠤ ᠶᠡᠷᠤᠩᠬᠡᠢ ᠡᠪᠯᠡᠯ ᠠᠴᠠ ︽ᠮᠡᠷᠭᠡᠵᠢᠯ ᠤᠨ ᠮᠦᠷᠦᠶᠢᠴᠡᠭᠡᠨ ᠢᠶᠠᠷ ᠤᠷ᠎ᠠ ᠴᠢᠳᠠᠪᠤᠷᠢ ᠪᠠᠨ ᠳᠡᠭᠡᠭᠰᠢᠯᠡᠬᠦᠯᠵᠦ᠂  ᠭᠤᠶᠤᠮᠰᠤᠭ ᠬᠤᠳᠠ ᠪᠠᠨ ᠪᠦᠲᠦᠬᠡᠨ ᠪᠠᠶᠢᠭᠤᠯᠬᠤ︾ ᠭᠤᠤᠯ ᠰᠡᠳᠦᠪᠲᠤ ᠴᠡᠴᠡᠷᠯᠢᠭᠵᠢᠬᠦᠯᠦᠯᠳᠡ ᠶᠢᠨ ᠠᠵᠢᠯᠴᠢᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠤᠷᠤᠯᠳᠤᠭᠠᠨ ᠢ ᠦᠷᠨᠢᠬᠦᠯᠪᠡ᠃
     ᠣᠷᠤᠯᠳᠤᠭᠠᠨ ᠳᠤ ᠮᠠᠨ ᠤ ᠬᠤᠰᠢᠭᠤᠨ ᠤ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠲᠤᠪᠴᠢᠶᠠᠨ ᠤ ᠨᠠᠮ ᠤᠨ ᠬᠡᠰᠢᠬᠦᠨ᠂ ᠡᠯ᠎ᠡ ᠴᠡᠴᠡᠷᠯᠢᠭᠵᠢᠬᠦᠯᠦᠯᠳᠡ ᠶᠢᠨ ᠬᠠᠮᠢᠶᠠᠷᠤᠯᠳᠠ ᠶᠢᠨ ᠠᠩᠬᠢ᠂ ᠲᠠᠰᠤᠭ ᠤᠨ ᠲᠠᠯᠠᠭᠠᠳ ᠤᠷᠤᠯᠴᠠᠭᠴᠢ ᠣᠷᠤᠯᠴᠠᠵᠦ ᠴᠡᠴᠡᠷᠯᠢᠭ ᠤᠨ ᠡᠪᠡᠰᠦ ᠮᠤᠳᠤ ᠶᠢ ᠶᠠᠩᠵᠤᠯᠠᠵᠦ ᠬᠠᠶᠢᠴᠢᠯᠠᠬᠤ᠂ ᠴᠡᠴᠡᠷᠯᠢᠭ ᠤᠨ ᠮᠤᠳᠤ  ᠶᠢ ᠪᠤᠳᠤᠬᠤ᠂ ᠴᠡᠴᠡᠷᠯᠢᠭᠵᠢᠬᠦᠯᠦᠯᠳᠡ ᠶᠢᠨ ᠮᠡᠳᠡᠯᠭᠡ ᠮᠡᠳᠡᠴᠡ ᠶᠢ ᠣᠷᠣᠯᠳᠣᠬᠤ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠪᠠ᠃ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ ᠠᠵᠢᠯᠴᠢᠳ ᠦᠪᠡᠷ ᠦᠪᠡᠷ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠢᠶᠠᠷ ᠢᠶᠠᠨ ᠮᠥᠷᠦᠶᠢᠴᠡᠵᠦ ᠠᠪᠢᠶᠠᠰ ᠪᠢᠯᠢᠭ ᠢᠶᠠᠨ ᠰᠤᠷᠢᠨ ᠡᠪᠡᠰᠦ ᠮᠤᠳᠤ ᠶᠢ ᠤᠯᠠᠨ ᠶᠠᠩᠵᠤ ᠪᠠᠷ ᠬᠠᠶᠢᠴᠢᠯᠠᠨ ᠵᠠᠰᠠᠵᠦ ᠮᠤᠳᠤᠨ ᠳᠤ ᠬᠤᠷᠤᠬᠠᠢ ᠪᠠᠭᠤᠬᠤ᠂ ᠮᠤᠳᠤ ᠡᠪᠡᠳᠴᠢᠯᠡᠬᠦ ᠵᠡᠷᠭᠡ ᠶᠢ ᠣᠷᠢᠳᠴᠢᠯᠠᠨ ᠰᠡᠷᠬᠡᠶᠢᠯᠡᠬᠦ ᠠᠷᠭ᠎ᠠ ᠲᠤᠷᠰᠢᠯᠭ᠎ᠠ ᠪᠠᠨ ᠰᠤᠯᠢᠯᠴᠠᠨ ᠠᠵᠢᠯ ᠤᠨ ᠣᠷᠮ᠎ᠠ ᠵᠤᠷᠢᠭ ᠢ ᠲᠠᠶᠢᠴᠢᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号