11 ᠰᠠᠷ᠎ᠠ ᠶᠢᠨ 14 ᠤ ᠡᠳᠦᠷ᠂ ᠪᠦᠬᠦ ᠬᠤᠲᠠ ᠶᠢᠨ ᠡᠮᠡᠭᠲᠡᠶᠢᠴᠣᠳ ᠤᠨ ᠬᠤᠯᠪᠤᠭᠠᠲᠤ ᠬᠤᠷᠠᠯ ᠤᠨ | ᠰᠢᠰᠲ᠋ᠧᠮ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠺᠡᠳ᠋ᠷᠴᠣᠳ ᠤᠨ ᠴᠢᠳᠡᠪᠤᠷᠢ ᠶᠢ ᠳᠡᠭᠡᠭᠰᠢᠯᠡᠬᠦᠯᠬᠦ | ᠮᠤᠩᠭᠤᠯ ᠪᠤᠯᠪᠠᠰᠣᠷᠠᠯ ᠤᠨ ᠠᠩᠬᠢ ᠮᠠᠨ ᠤ ᠬᠤᠰᠢᠭᠤᠨ ᠳᠤ ᠭᠢᠴᠢᠶᠠᠯ ᠡᠭᠢᠯᠡᠭᠰᠠᠨ ᠪᠠᠶᠢᠨ᠎ᠠ᠃ ᠬᠤᠲᠠ᠂ | ᠬᠤᠰᠢᠭᠤᠨ ᠤ ᠡᠮᠡᠭᠲᠡᠶᠢᠴᠣᠳ ᠤᠨ ᠬᠤᠯᠪᠤᠭᠠᠲᠤ ᠬᠤᠷᠠᠯ ᠤᠨ ᠬᠤᠯᠪᠤᠭᠳᠠᠯ ᠪᠥᠭᠦᠢ ᠬᠠᠷᠢᠭᠤᠴᠠᠯᠭᠠᠳᠠᠨ ᠪᠤᠯᠤᠨ | ᠪᠦᠬᠦ ᠬᠤᠲᠠ ᠶᠢᠨ ᠡᠮᠡᠭᠲᠡᠶᠢᠴᠣᠳ ᠤᠨ ᠬᠤᠯᠪᠣᠭᠠᠲᠣ ᠬᠤᠷᠠᠯ ᠤᠨ ᠰᠢᠰᠲ᠋ᠧᠮ ᠤᠨ ᠡᠷᠭᠡ ᠠᠰᠢᠭ ᠢ ᠬᠠᠮᠠᠭᠠᠯᠠᠬᠤ | ᠦᠢᠯᠡᠴᠢᠯᠡᠭᠡᠨ ᠤ ᠺᠡᠳ᠋ᠷ᠂ ᠰᠣᠮᠣ ᠪᠠᠯᠭᠠᠰᠣ᠂ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ | ᠲᠣᠰᠬᠤᠨ ︵ᠨᠡᠶᠢᠬᠡᠮ ᠲᠣᠭᠤᠷᠢᠭ︶ ᠤ ᠡᠮᠡᠭᠲᠡᠶᠢᠴᠣᠳ ᠤᠨ ᠬᠤᠯᠪᠤᠭᠠᠨ ᠤ ᠲᠡᠷᠢᠬᠦᠯᠡᠭᠴᠢ ᠵᠡᠷᠭᠡ 90 ᠭᠠᠷᠣᠢ | ᠬᠦᠮᠦᠨ ᠭᠢᠴᠢᠶᠠᠯ ᠡᠭᠢᠯᠠᠭᠦ ᠶᠤᠰᠤᠯᠠᠯ ᠳᠤ ᠣᠷᠣᠯᠴᠠᠵᠠᠢ᠃ | ᠲᠤᠰ ᠤᠳᠠᠭᠠᠨ ᠤ ᠪᠤᠯᠪᠠᠰᠤᠷᠠᠯ ᠨᠢ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠪᠤᠯᠪᠠᠰᠤᠷᠠᠯ ᠳᠤ | ᠤᠷᠳᠤᠰ ᠬᠤᠲᠠ ᠶᠢᠨ ᠨᠡᠷᠡᠲᠤ ᠬᠠᠤᠯᠢᠴᠢ ᠰᠠᠷᠠᠨᠲᠤᠶᠠᠭ᠎ᠠ ᠶᠢ ᠤᠷᠢᠵᠤ ᠡᠮᠡᠭᠲᠡᠶᠢᠴᠤᠳ ᠬᠡᠦᠬᠡᠳ ᠤᠨ ᠡᠷᠭᠡ ᠠᠰᠢᠭ | ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠳᠦᠷᠢᠮ ᠤᠨ ᠮᠡᠳᠡᠯᠭᠡ ᠶᠢ ᠲᠠᠶᠢᠯᠪᠤᠷᠢᠯᠠᠭᠤᠯᠤᠭᠰᠠᠨ ᠪᠠᠶᠢᠨ᠎ᠠ᠃ | ᠪᠤᠯᠪᠠᠰᠤᠷᠠᠯ ᠠᠴᠠ ᠴᠢᠬᠤᠯᠠᠴᠢᠯᠠᠬᠤ ᠳᠤ ᠪᠠᠨ᠂ ᠪᠤᠯᠪᠠᠰᠤᠷᠠᠯ ᠳᠤ ᠤᠷᠤᠯᠴᠠᠭᠰᠠᠳ ᠰᠤᠷᠤᠯᠴᠠᠬᠤ ᠵᠠᠪᠰᠢᠶᠠᠨ | ᠢ ᠡᠷᠬᠢᠮᠯᠡᠵᠤ᠂ ᠰᠠᠬᠢᠯᠭ᠎ᠠ ᠪᠠᠲᠣ ᠶᠢ ᠴᠢᠩᠭᠠᠳᠬᠠᠨ᠂ ᠰᠤᠷᠤᠯᠴᠠᠬᠤ ᠤᠷᠮ᠎ᠠ ᠪᠠᠨ ᠬᠦᠭᠵᠢᠭᠡᠵᠤ᠂ ᠠᠵᠢᠯ ᠢ ᠪᠤᠳᠠᠳᠠᠢ | ᠲᠠᠢ ᠪᠠᠨ ᠣᠶᠠᠯᠳᠣᠭᠤᠯᠣᠨ᠂ ᠰᠤᠷᠤᠯᠴᠠᠬᠤ ᠶᠢᠨ ᠳᠤᠮᠲᠠ ᠬᠦᠨᠵᠡᠭᠡᠢ ᠰᠡᠳᠬᠢᠵᠤ᠂ ᠰᠢᠨ᠎ᠡ ᠮᠡᠳᠡᠯᠭᠡ ᠶᠢ ᠡᠵᠡᠮᠳᠡᠨ᠂ | ᠰᠢᠨ᠎ᠡ ᠤᠶᠢᠯᠠᠭᠠᠯᠲᠠ ᠲᠠᠢ ᠪᠤᠯᠵᠤ ᠬᠠᠤᠯᠢ ᠪᠠᠷ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠠᠨ ᠲᠡᠭᠡᠭᠰᠢᠯᠡᠭᠦᠯᠦᠨ | ᠪᠦᠬᠦ ᠬᠤᠲᠠ ᠶᠢᠨ ᠡᠷᠬᠡ ᠠᠰᠢᠭ ᠢᠶᠠᠨ ᠬᠠᠮᠠᠭᠠᠯᠬᠤ ᠠᠵᠢᠯ ᠢ ᠰᠢᠨ᠎ᠡ ᠨᠢᠭᠡᠨ ᠲᠡᠭᠲᠡᠷ ᠲᠤ ᠭᠠᠷᠭᠠᠬᠤ ᠶᠢ | ᠠᠭᠢᠭᠤᠯᠬᠤ ᠭᠡᠷᠡᠭᠳᠠᠢ ᠭᠡᠵᠡᠢ᠃ | |