ᠰᠢ ᠶᠢᠨ ᠫᠢᠩ ᠫᠠᠫᠦ᠋ᠶᠠ ᠰᠢᠨ᠎ᠠ ᠬᠢᠨᠧᠶᠠ ᠶᠢᠨ ᠶᠡᠷᠦᠩᠬᠡᠢ ᠵᠠᠬᠢᠷᠤᠬᠴᠢ ᠳ᠋ᠠᠳᠠ᠊ · ᠠᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2018-11-19
     ᠤᠯᠤᠰ ᠤᠨ ᠳᠡᠷᠢᠬᠦᠯᠡᠭᠴᠢ ᠰᠢ ᠶᠢᠨ ᠫᠢᠩ 16 ᠤ ᠡᠳᠦᠷ ᠮᠤᠷᠧᠰᠪᠢ ᠭᠠᠷᠠᠮ ᠳᠤ ᠫᠠᠫᠦ᠋ᠶᠠ ᠰᠢᠨ᠎ᠠ ᠬᠢᠨᠧᠶᠠ ᠶᠢᠨ ᠶᠡᠷᠦᠩᠬᠡᠢ ᠵᠠᠬᠢᠷᠤᠬᠴᠢ ᠳ᠋ᠠᠳᠠ᠊ · ᠠᠢ ᠲᠠᠢ ᠠᠭᠤᠯᠵᠠᠪᠠ᠃      ᠰᠢ ᠶᠢᠨ ᠫᠢᠩ᠂ ᠡᠨᠡ ᠪᠤᠯ ᠮᠢᠨᠦ ᠦᠵᠡᠰᠬᠦᠯᠡᠩᠳᠦ ᠰᠠᠶᠢᠬᠠᠨ ᠫᠠᠫᠦ᠋ᠶᠠ ᠰᠢᠨ᠎ᠠ ᠬᠢᠨᠧᠶᠠ ᠳᠠᠬᠢ ᠠᠩᠬᠠᠳᠠᠬᠴᠢ ᠤᠳᠠᠭᠠᠨ ᠤ ᠠᠶᠢᠯᠴᠢᠯᠠᠯᠳᠠ᠂ ᠮᠦᠨ ᠴᠤ ᠳᠤᠮᠳᠠᠳᠤ ᠤᠯᠤᠰ ᠤᠨ ᠤᠯᠤᠰ ᠤᠨ ᠳᠡᠷᠢᠬᠦᠯᠡᠭᠴᠢ ᠶᠢᠨ ᠫᠠᠫᠦ᠋ᠶᠠ ᠰᠢᠨ᠎ᠠ ᠬᠢᠨᠧᠶᠠ ᠳᠠᠬᠢ ᠠᠩᠬᠠᠳᠠᠬᠴᠢ ᠠᠶᠢᠯᠴᠢᠯᠠᠯᠳᠠ ᠪᠤᠯᠤᠨ᠎ᠠ᠂ ᠫᠠᠫᠦ᠋ᠶᠠ ᠰᠢᠨ᠎ᠠ ᠬᠢᠨᠧᠶᠠ ᠶᠢᠨ ᠵᠠᠰᠠᠬ ᠤᠨ ᠤᠷᠳᠤᠨ ᠪᠤᠯᠤᠨ ᠠᠷᠠᠳ ᠳᠦᠮᠡᠨ ᠤ ᠬᠠᠯᠠᠭᠤᠨ ᠢᠶᠠᠷ ᠤᠬᠳᠤᠬᠰᠠᠨ ᠳᠤ ᠳᠠᠯᠠᠷᠬᠠᠵᠦ ᠪᠠᠶᠢᠨ᠎ᠠ᠃ ᠳᠤᠮᠳᠠᠳᠤ ᠤᠯᠤᠰ ᠪᠤᠯᠤᠨ ᠫᠠᠫᠦ᠋ᠶᠠ ᠰᠢᠨ᠎ᠠ ᠬᠢᠨᠧᠶᠠ ᠶᠢᠨ ᠬᠠᠷᠢᠯᠴᠠᠭ᠎ᠠ ᠶᠠᠪᠤᠯᠴᠠᠭ᠎ᠠ ᠦᠨᠢ ᠤᠳᠠᠭᠠᠨ ᠳᠡᠤᠬᠡ ᠲᠠᠢ ᠶᠤᠮ᠃ 1976 ᠤᠨ ᠳᠤ ᠬᠠᠷᠢᠯᠴᠠᠭ᠎ᠠ ᠪᠠᠶᠢᠭᠤᠯᠤᠬᠰᠠᠨ ᠠᠴᠠ ᠨᠠᠭᠠᠰᠢ᠂ ᠳᠤᠮᠳᠠᠳᠤ ᠫᠠᠫᠦ᠋ᠶᠠ ᠰᠢᠨ᠎ᠠ ᠬᠢᠨᠧᠶᠠ ᠶᠢᠨ ᠡᠯ᠎ᠠ ᠬᠦᠷᠢᠶᠡᠨ ᠤ ᠬᠠᠮᠳᠤᠷᠠᠯᠴᠠᠭ᠎ᠠ ᠦᠳᠳᠡᠷ ᠳᠦᠷᠬᠡᠨ ᠦᠷᠬᠡᠳᠴᠤ᠂ ᠬᠤᠶᠠᠷ ᠤᠯᠤᠰ ᠤᠨ ᠬᠠᠷᠢᠯᠴᠠᠭᠠᠨ ᠤ ᠴᠢᠨᠠᠬᠰᠢᠳᠠ ᠬᠦᠭᠵᠢᠬᠦ ᠳᠤ ᠪᠠᠳᠤ ᠪᠠᠬᠢ ᠰᠠᠭᠤᠷᠢ ᠶᠢ ᠳᠠᠯᠪᠢᠵᠠᠢ᠃ ᠳᠤᠮᠳᠠᠳᠤ ᠶᠢᠨ ᠳᠠᠯ᠎ᠠ ᠫᠠᠫᠦ᠋ᠶᠠ ᠰᠢᠨ᠎ᠠ ᠬᠢᠨᠧᠶᠠ ᠯᠤᠭ᠎ᠠ ᠶᠢᠨ ᠬᠠᠷᠢᠯᠴᠠᠭ᠎ᠠ ᠶᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ ᠪᠠᠶᠢᠨ᠎ᠠ᠂ ᠮᠢᠨᠦ ᠡᠨᠡ ᠤᠳᠠᠭᠠᠨ ᠤ ᠠᠶᠢᠯᠴᠢᠯᠠᠯᠳᠠ ᠬᠤᠶᠠᠷ ᠳᠠᠯ᠎ᠠ ᠶᠢᠨ ᠬᠠᠷᠢᠯᠴᠠᠭ᠎ᠠ ᠶᠢ ᠴᠢᠨᠠᠬᠰᠢᠳᠠ ᠳᠡᠬᠡᠭᠰᠢᠯᠡᠬᠦᠯᠵᠦ᠂ ᠬᠤᠶᠠᠷ ᠤᠯᠤᠰ ᠤᠨ ᠪᠦᠬᠦ ᠳᠠᠯ᠎ᠠ ᠶᠢᠨ ᠬᠠᠷᠢᠯᠴᠠᠭ᠎ᠠ ᠶᠠᠪᠤᠯᠴᠠᠭ᠎ᠠ ᠶᠢ ᠦᠷᠬᠡᠳᠬᠡᠵᠦ᠂ ᠠᠷᠠᠳ ᠳᠦᠮᠡᠨ ᠤ ᠬᠤᠭᠤᠷᠤᠨᠳᠦᠬᠢ ᠨᠦᠬᠦᠷᠰᠡᠭ ᠰᠤᠯᠢᠯᠴᠠᠭ᠎ᠠ ᠶᠢ ᠠᠬᠢᠭᠤᠯᠵᠦ᠂ ᠬᠤᠶᠠᠷ ᠤᠯᠤᠰ ᠤᠨ ᠦᠷᠬᠡᠨ ᠳᠡᠯᠬᠡᠷ ᠬᠦᠷᠢᠶᠡᠨ ᠤ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠᠨ ᠤ ᠡᠯᠪᠡᠭ ᠪᠠᠶᠠᠯᠢᠬ ᠦᠷ᠎ᠠ ᠪᠦᠳᠦᠬᠡᠯ ᠤᠯᠬᠤ ᠳᠤ ᠳᠤᠰᠠ ᠨᠠᠮᠠᠷᠢ ᠪᠤᠯᠤᠭᠠᠰᠠᠢ ᠬᠡᠵᠦ ᠪᠢ ᠬᠦᠰᠡᠵᠦ ᠪᠠᠶᠢᠨ᠎ᠠ᠃ ᠳᠤᠮᠳᠠᠳᠤ ᠶᠢᠨ ᠳᠠᠯ᠎ᠠ ᠫᠠᠫᠦ᠋ᠶᠠ ᠰᠢᠨ᠎ᠠ ᠬᠢᠨᠧᠶᠠ ᠶᠢ ᠪᠠᠭᠳᠠᠭᠠᠬᠰᠠᠨ ᠨᠤᠮᠤᠬᠠᠨ ᠳᠠᠯᠠᠢ ᠶᠢᠨ ᠠᠷᠠᠯᠳᠤ ᠤᠯᠤᠰ ᠤᠳ ᠯᠤᠭ᠎ᠠ ᠶᠢᠨ ᠪᠦᠯᠬᠦᠮᠳᠠᠯ ᠬᠠᠮᠳᠤᠷᠠᠯᠴᠠᠭ᠎ᠠ ᠶᠢ ᠴᠢᠩᠭᠠᠳᠬᠠᠬᠤ ᠪᠠᠷ ᠡᠷᠡᠰ ᠰᠢᠭᠤᠷᠬᠠᠢ ᠴᠢᠷᠮᠠᠶᠢᠨ᠎ᠠ ᠬᠡᠵᠦ ᠵᠢᠭᠠᠵᠦ ᠭᠠᠷᠭᠠᠪᠠ᠃
           11 ᠰᠠᠷ᠎ᠠ ᠶᠢᠨ 16 ᠤ ᠡᠳᠦᠷ᠂ ᠤᠯᠤᠰ ᠤᠨ ᠳᠡᠷᠢᠬᠦᠯᠡᠭᠴᠢ ᠰᠢ ᠶᠢᠨ ᠫᠢᠩ ᠮᠤᠷᠧᠰᠪᠢ ᠭᠠᠷᠠᠮ ᠳᠤ ᠫᠠᠫᠦ᠋ᠶᠠ ᠰᠢᠨ᠎ᠠ ᠬᠢᠨᠧᠶᠠ ᠶᠢᠨ ᠶᠡᠷᠦᠩᠬᠡᠢ ᠵᠠᠬᠢᠷᠤᠬᠴᠢ ᠳ᠋ᠠᠳᠠ᠊ · ᠠᠢ ᠲᠠᠢ ᠠᠭᠤᠯᠵᠠᠪᠠ᠃                                                           ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ             ᠳ᠋ᠠᠳᠠ᠊ · ᠠᠢ᠂ ᠳᠡᠷᠢᠬᠦᠯᠡᠭᠴᠢ ᠰᠢ ᠶᠢᠨ ᠫᠢᠩ ᠤᠨ ᠫᠠᠫᠦ᠋ᠶᠠ ᠰᠢᠨ᠎ᠠ ᠬᠢᠨᠧᠶᠠ ᠳᠤ ᠳᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠦ ᠶᠢ ᠪᠠᠶᠠᠷᠯᠠᠨ ᠤᠬᠳᠤᠵᠦ ᠪᠠᠶᠢᠨ᠎ᠠ᠂ ᠡᠨᠡ ᠪᠤᠯ ᠫᠠᠫᠦ᠋ᠶᠠ ᠰᠢᠨ᠎ᠠ ᠬᠢᠨᠧᠶᠠ ᠳᠤ ᠤᠯᠠᠨ ᠵᠢᠯ ᠳᠤ ᠬᠤᠪᠤᠷ ᠳᠤᠬᠢᠶᠠᠯᠳᠤᠬᠤ ᠦᠪᠡᠳᠡᠭᠰᠢ ᠶᠡᠭᠡ ᠶᠠᠪᠤᠳᠠᠯ ᠪᠤᠯᠬᠤ ᠶᠤᠮ᠃ ᠫᠠᠫᠦ᠋ᠶᠠ ᠰᠢᠨ᠎ᠠ ᠬᠢᠨᠧᠶᠠ ᠳᠤᠮᠳᠠᠳᠤ ᠤᠯᠤᠰ ᠯᠤᠭ᠎ᠠ ᠬᠦᠨ ᠵᠤᠵᠠᠭᠠᠨ ᠨᠦᠬᠦᠷᠯᠡᠯ ᠲᠠᠢ ᠶᠤᠮ᠃ 100 ᠭᠠᠷᠤᠢ ᠵᠢᠯ ᠤᠨ ᠡᠮᠤᠨ᠎ᠠ᠂ ᠳᠤᠮᠳᠠᠳᠤᠴᠤᠳ ᠫᠠᠫᠦ᠋ᠶᠠ ᠰᠢᠨ᠎ᠠ ᠬᠢᠨᠧᠶᠠ ᠳᠤ ᠬᠦᠷᠴᠦ ᠢᠷᠡᠬᠡᠳ ᠬᠦᠭᠵᠢᠬᠦᠯᠦᠯᠳᠡ ᠬᠢᠵᠡᠢ᠃ ᠫᠠᠫᠦ᠋ᠶᠠ ᠰᠢᠨ᠎ᠠ ᠬᠢᠨᠧᠶᠠ ᠳᠤᠰᠠᠭᠠᠷ ᠳᠤᠬᠳᠠᠨᠢᠬᠰᠠᠨ ᠤ ᠪᠠᠨ ᠳᠠᠷᠠᠭ᠎ᠠ ᠵᠢᠯ ᠠᠴᠠ ᠡᠬᠢᠯᠡᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠪᠠ᠃ ᠳᠡᠷᠢᠬᠦᠯᠡᠭᠴᠢ ᠰᠢ ᠶᠢᠨ ᠫᠢᠩ ᠤᠨ ᠡᠨᠡ ᠤᠳᠠᠭᠠᠨ ᠤ ᠠᠶᠢᠯᠴᠢᠯᠠᠯᠳᠠ ᠨᠢ ᠬᠤᠶᠠᠷ ᠤᠯᠤᠰ ᠤᠨ ᠬᠠᠷᠢᠯᠴᠠᠭᠠᠨ ᠳᠤ ᠳᠡᠤᠬᠡᠨ ᠬᠦᠰᠢᠶ᠎ᠠ ᠪᠤᠯᠬᠤ ᠶᠤᠮ᠃ ᠳᠤᠮᠳᠠᠳᠤ ᠶᠢᠨ ᠳᠠᠯ᠎ᠠ ᠠᠴᠠ ᠫᠠᠫᠦ᠋ᠶᠠ ᠰᠢᠨ᠎ᠠ ᠬᠢᠨᠧᠶᠠ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠬᠡ ᠤᠯᠤᠰ ᠤᠨ ᠬᠦᠭᠵᠢᠯᠳᠡ ᠪᠤᠯᠤᠨ ᠠᠷᠠᠳ ᠤᠨ ᠠᠮᠢᠳᠤᠷᠠᠯ ᠤᠨ ᠬᠦᠷᠢᠶᠡᠨ ᠳᠤ ᠦᠭᠬᠦᠭᠰᠡᠨ ᠬᠤᠪᠤᠷ ᠨᠠᠨᠳᠢᠨ ᠬᠠᠪᠰᠤᠷᠤᠯᠭ᠎ᠠ᠂ ᠫᠠᠫᠦ᠋ᠶᠠ ᠰᠢᠨ᠎ᠠ ᠬᠢᠨᠧᠶᠠ ᠶᠢᠨ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠤ ᠠᠵᠦ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠬᠦᠮᠦᠰ ᠤᠨ ᠠᠯᠪᠠᠨ ᠶᠤᠰᠤᠨ ᠤ ᠪᠤᠰᠤ ᠬᠤᠷᠠᠯ ᠢ ᠭᠤᠤᠯᠯᠠᠨ ᠡᠷᠬᠢᠯᠡᠬᠦ ᠳᠤ ᠦᠵᠡᠬᠦᠯᠦᠭᠰᠡᠨ ᠶᠡᠭᠡ ᠳᠡᠮᠵᠢᠯᠬᠡ ᠳᠤ ᠳᠠᠯᠠᠷᠬᠠᠵᠦ ᠪᠠᠶᠢᠨ᠎ᠠ᠃ ᠫᠠᠫᠦ᠋ᠶᠠ ᠰᠢᠨ᠎ᠠ ᠬᠢᠨᠧᠶᠠ ᠳᠤᠷᠠᠳᠠᠶ᠎ᠠ ᠳᠤᠮᠳᠠᠳᠤ ᠤᠯᠤᠰ ᠯᠤᠭ᠎ᠠ ᠬᠠᠮᠳᠤ ᠪᠠᠷ ᠴᠢᠷᠮᠠᠶᠢᠵᠦ ᠪᠠᠶᠢᠭᠠᠳ᠂ ᠬᠤᠶᠠᠷ ᠳᠠᠯ᠎ᠠ ᠶᠢᠨ ᠬᠠᠷᠢᠯᠴᠠᠭ᠎ᠠ ᠪᠠᠨ ᠨᠡᠩ ᠦᠨᠳᠦᠷ ᠳᠦᠪᠰᠢᠨ ᠳᠤ ᠬᠦᠷᠬᠡᠬᠦ ᠶᠢ ᠠᠬᠢᠭᠤᠯᠤᠨ᠎ᠠ ᠬᠡᠵᠦ ᠢᠯᠡᠳᠬᠡᠪᠡ᠃      ᠠᠭᠤᠯᠵᠠᠯᠳᠠ ᠡᠬᠢᠯᠡᠬᠦ ᠠᠴᠠ ᠡᠮᠤᠨ᠎ᠠ᠂ ᠳ᠋ᠠᠳᠠ᠊ · ᠠᠢ ᠵᠦᠪᠯᠡᠯᠬᠡᠨ ᠤ ᠬᠤᠷᠠᠯ ᠤᠨ ᠶᠡᠭᠡ ᠠᠰᠠᠷ ᠤᠨ ᠡᠮᠤᠨᠡᠬᠢ ᠠᠭᠤᠳᠠᠮ ᠳᠠᠯᠠᠪᠠᠢ ᠳᠤ ᠰᠢ ᠶᠢᠨ ᠫᠢᠩ ᠢ ᠤᠬᠳᠤᠬᠤ ᠦᠪᠡᠳᠡᠭᠰᠢ ᠶᠡᠭᠡ ᠶᠤᠰᠤᠯᠠᠯ ᠶᠠᠪᠤᠭᠤᠯᠪᠠ᠃ ᠤᠯᠠᠮᠵᠢᠯᠠᠯᠳᠤ ᠬᠤᠪᠴᠠᠰᠤ ᠵᠠᠰᠠᠯ ᠢᠶᠠᠨ ᠡᠮᠤᠰᠴᠤ ᠵᠡᠬᠦᠭᠰᠡᠨ ᠫᠠᠫᠦ᠋ᠶᠠ ᠰᠢᠨ᠎ᠠ ᠬᠢᠨᠧᠶᠠ ᠶᠢᠨ ᠤᠯᠠᠨ ᠲᠦᠮᠡᠨ ᠵᠡᠬᠡᠯᠢ ᠶᠢᠨ ᠬᠤᠶᠠᠷ ᠳᠠᠯ᠎ᠠ ᠪᠠᠷ ᠪᠠᠭᠰᠢᠷᠠᠯᠳᠤᠨ᠂ ᠪᠠᠶᠠᠷ ᠪᠠᠶᠠᠰᠤᠯ ᠲᠠᠢ ᠪᠠᠷ ᠪᠦᠵᠢᠭᠯᠡᠵᠦ᠂ ᠬᠦᠷ ᠨᠡᠷᠬᠢᠶᠡᠨᠳᠠᠢ ᠪᠠᠷ ᠬᠡᠩᠬᠡᠷᠬᠡ ᠳᠡᠯᠡᠳᠴᠦ᠂ ᠰᠢ ᠶᠢᠨ ᠫᠢᠩ ᠤᠨ ᠬᠦᠷᠴᠤ ᠢᠷᠡᠭᠰᠡᠨ ᠢ ᠬᠠᠯᠠᠭᠤᠨ ᠢᠶᠠᠷ ᠤᠬᠳᠤᠪᠠ᠃      ᠳᠤᠬᠠᠢ ᠶᠢᠨ ᠭᠠᠵᠠᠷ ᠤᠨ ᠴᠠᠬ ᠢᠶᠠᠷ ᠦᠳᠡ ᠶᠢᠨ ᠡᠮᠦᠨᠡᠬᠢ 10 ᠴᠠᠬ 30 ᠮᠢᠨᠦ᠋ᠲ ᠤᠨ ᠦᠶᠡᠰ ᠢᠶᠠᠷ᠂ ᠰᠢ ᠶᠢᠨ ᠫᠢᠩ ᠳᠡᠷᠬᠡ ᠪᠠᠷ ᠵᠦᠪᠯᠡᠯᠬᠡᠨ ᠤ ᠬᠤᠷᠠᠯ ᠤᠨ ᠶᠡᠭᠡ ᠠᠰᠠᠷ ᠤᠨ ᠡᠮᠤᠨ᠎ᠠ ᠬᠦᠷᠬᠦ ᠳᠤ᠂ ᠳ᠋ᠠᠳᠠ᠊ · ᠠᠢ ᠬᠠᠯᠠᠭᠤᠨ ᠢᠶᠠᠷ ᠤᠬᠳᠤᠪᠡ᠃ ᠬᠤᠶᠠᠷ ᠤᠯᠤᠰ ᠤᠨ ᠤᠳᠤᠷᠢᠳᠬᠤ ᠬᠦᠮᠦᠨ ᠰᠢᠯᠭᠠᠨ ᠦᠵᠡᠬᠦ ᠳᠠᠪᠴᠠᠩ ᠳᠤ ᠭᠠᠷᠬᠤ ᠳᠤ᠂ ᠴᠡᠷᠢᠭ ᠤᠨ ᠬᠦᠭᠵᠢᠮ ᠤᠨ ᠠᠩᠬᠢ ᠠᠴᠠ ᠳᠤᠮᠳᠠᠳᠤ ᠫᠠᠫᠦ᠋ᠶᠠ ᠰᠢᠨ᠎ᠠ ᠬᠢᠨᠧᠶᠠ ᠬᠤᠶᠠᠷ ᠤᠯᠤᠰ ᠤᠨ ᠤᠯᠤᠰ ᠤᠨ ᠳᠠᠭᠤᠤ ᠶᠢ ᠬᠦᠭᠵᠢᠮᠳᠡᠪᠡ᠃ ᠳᠤᠬᠠᠢ ᠶᠢᠨ ᠳᠠᠯᠠᠪᠠᠢ ᠳᠤ ᠶᠤᠰᠤᠯᠠᠯ ᠤᠨ ᠫᠤᠤ ᠶᠢ 21 ᠤᠳᠠᠭ᠎ᠠ ᠳᠤᠤᠭᠠᠷᠭᠠᠵᠡᠢ᠃ ᠰᠢ ᠶᠢᠨ ᠫᠢᠩ ᠳ᠋ᠠᠳᠠ᠊ · ᠠᠢ ᠶᠢᠨ ᠪᠠᠷ᠎ᠠ ᠪᠤᠯᠤᠯᠭ᠎ᠠ ᠲᠠᠢ ᠪᠠᠷ ᠶᠤᠰᠤᠯᠠᠯ ᠤᠨ ᠠᠩᠬᠢ ᠶᠢ ᠰᠢᠯᠭᠠᠨ ᠦᠵᠡᠪᠡ᠃ ᠰᠢᠯᠭᠠᠨ ᠦᠵᠡᠬᠦ ᠠᠵᠢᠯᠯᠠᠭ᠎ᠠ ᠳᠠᠭᠤᠰᠤᠬᠰᠠᠨ ᠤ ᠳᠠᠷᠠᠭ᠎ᠠ᠂ ᠰᠢ ᠶᠢᠨ ᠫᠢᠩ ᠫᠠᠫᠦ᠋ᠶᠠ ᠰᠢᠨ᠎ᠠ ᠬᠢᠨᠧᠶᠠ ᠶᠢᠨ ᠳᠠᠯ᠎ᠠ ᠶᠢᠨ ᠭᠤᠤᠯ ᠳᠤᠰᠢᠶᠠᠯᠳᠠᠳ ᠲᠠᠢ ᠭᠠᠷ ᠠᠳᠬᠤᠯᠴᠠᠵᠦ᠂ ᠳ᠋ᠠᠳᠠ᠊ · ᠠᠢ ᠳᠤᠮᠳᠠᠳᠤ ᠶᠢᠨ ᠳᠠᠯ᠎ᠠ ᠶᠢᠨ ᠪᠠᠷ᠎ᠠ ᠪᠤᠯᠤᠬᠴᠢ ᠨᠠᠷ ᠲᠠᠢ ᠭᠠᠷ ᠠᠳᠬᠤᠯᠴᠠᠪᠠ᠃ ᠬᠤᠶᠠᠷ ᠤᠯᠤᠰ ᠤᠨ ᠤᠳᠤᠷᠢᠳᠬᠤ ᠬᠦᠮᠦᠨ ᠴᠤᠬ ᠲᠠᠭᠠᠨ ᠵᠦᠪᠯᠡᠯᠬᠡᠨ ᠤ ᠬᠤᠷᠠᠯ ᠤᠨ ᠶᠡᠭᠡ ᠠᠰᠠᠷ ᠤᠨ ᠠᠭᠤᠯᠵᠠᠯᠳᠠ ᠶᠢᠨ ᠳᠢᠩᠬᠢᠮ ᠳᠤ ᠬᠦᠷᠬᠦ ᠳᠤ᠂ ᠫᠠᠫᠦ᠋ᠶᠠ ᠰᠢᠨ᠎ᠠ ᠬᠢᠨᠧᠶᠠ ᠶᠢᠨ ᠵᠦᠪᠯᠡᠯᠬᠡᠨ ᠤ ᠬᠤᠷᠠᠯ ᠤᠨ ᠳᠠᠷᠤᠭ᠎ᠠ ᠪᠧᠮᠠᠲ᠋ᠧ ᠨᠠᠷ ᠶᠡᠭᠡ ᠠᠰᠠᠷ ᠤᠨ ᠭᠠᠳᠠᠨ᠎ᠠ ᠤᠬᠳᠤᠬᠰᠠᠨ ᠤ ᠬᠠᠮᠳᠤ ᠪᠠᠷ᠎ᠠ ᠪᠤᠯᠵᠦ ᠠᠭᠤᠯᠵᠠᠯᠳᠠ ᠬᠢᠵᠡᠢ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠳᠡᠬᠡᠷ᠎ᠠ ᠳᠤᠷᠠᠳᠤᠬᠰᠠᠨ ᠠᠵᠢᠯᠯᠠᠭ᠎ᠠ ᠳᠤ ᠤᠷᠤᠯᠴᠠᠪᠠ᠃                       ︵ᠰᠢᠨᠬᠤᠸᠠ ᠬᠤᠷᠢᠶᠠᠨ ᠤ ᠮᠤᠷᠧᠰᠪᠢ ᠭᠠᠷᠠᠮ ᠤᠨ 11 ᠰᠠᠷ᠎ᠠ ᠶᠢᠨ 16 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号