ᠤᠶᠢᠷ᠎ᠠ ᠶᠢᠨ ᠡᠳᠦᠷ᠂ ᠮᠡᠨ ᠤ ᠬᠤᠰᠢᠭᠤᠨ ᠤ ᠵᠠᠬ᠎ᠠ ᠲᠡᠯᠭᠡᠭᠦᠷ ᠤᠨ ᠬᠢᠨᠡᠨ ᠬᠠᠮᠢᠶᠠᠷᠤᠯᠳᠡ ᠶᠢᠨ | ᠲᠤᠪᠴᠢᠶ᠎ᠠ ᠠᠴᠠ ᠭᠤᠶᠤᠴᠢᠯᠠᠨ ᠮᠡᠳᠡᠭᠦᠯᠵᠤ ᠰᠢᠷᠬᠤᠰᠤᠨ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠢ ᠶᠢᠨ | ᠬᠢᠵᠠᠭᠠᠷᠳᠤ ᠺᠤᠮᠫᠠᠨᠢ ᠠᠴᠠ ᠲᠠᠭᠠᠭᠠᠴᠢᠯᠠᠬᠰᠠᠨ ᠦᠤᠰᠢᠨ ᠬᠤᠰᠢᠭᠤᠨ ᠤ ᠰᠢᠷᠬᠤᠰᠤᠨ ᠭᠤᠤᠯ ᠤᠨ ᠤᠯᠤᠰ ᠤᠨ | ᠲᠠᠰ ᠤᠨ ᠤᠷᠭᠠᠨᠢᠭ ᠤᠰᠤᠨ ᠲᠤᠳᠤᠷᠭ᠎ᠠ ᠶᠢ ᠲᠠᠷᠢᠬᠤ ᠪᠠᠷᠢᠮᠵᠢᠶᠠᠵᠢᠬᠰᠠᠨ ᠵᠢᠱᠢᠶ᠎ᠠ ᠦᠵᠡᠭᠦᠯᠭᠦ ᠲᠦᠷᠦᠯ ᠵᠤᠶᠢᠯ ᠤᠨ | ᠪᠦᠳᠦᠭᠡᠨ ᠪᠠᠶᠢᠭᠤᠯᠤᠯᠳᠡ ᠶᠢᠨ ᠠᠵᠢᠯ ᠵᠢᠩᠬᠢᠨᠢ ᠪᠠᠷ ᠡᠬᠢᠯᠡᠪᠡ᠃ | | | | | | | | ᠰᠢᠷᠬᠤᠰᠤᠨ ᠪᠠᠯᠭᠠᠰᠤ ᠶᠢᠨ ᠤᠳᠠ ᠶᠢᠨ ᠭᠤᠤᠯ ᠲᠤᠰᠬᠤᠨ ᠤ ᠵᠢᠯ ᠤᠨ ᠬᠤᠷ᠎ᠠ ᠲᠤᠨᠤᠳᠠᠰᠤ ᠶᠢᠨ | ᠬᠡᠮᠵᠢᠶ᠎ᠠ ᠨᠢ 350 ᠮᠢᠯᠢᠮᠧᠲᠷ᠂ ᠵᠢᠯ ᠤᠨ ᠲᠤᠮᠳᠠᠴᠢ ᠠᠭᠠᠷ ᠤᠨ ᠲᠤᠯᠠᠭᠠᠨ ᠨᠢ 7.9 ᠭᠷᠠᠳᠦ᠋ᠰ᠂ 130 | ᠡᠳᠦᠷ ᠠᠴᠠ 150 ᠡᠳᠦᠷ ᠤᠨ ᠬᠢᠷᠠᠭᠤ ᠦᠭᠡᠢ ᠬᠤᠭᠤᠴᠠᠭ᠎ᠠ ᠲᠠᠢ᠂ ᠨᠠᠷᠠᠨ ᠤ ᠭᠡᠷᠡᠯ ᠤᠨ ᠲᠤᠰᠤᠯᠳᠠ ᠰᠠᠶᠢᠨ | ᠵᠡᠷᠭᠡ ᠠᠭᠤᠷ ᠠᠮᠢᠰᠬᠤᠯ ᠤᠨ ᠨᠦᠭᠦᠴᠡᠯ ᠨᠢ ᠤᠰᠤᠨ ᠲᠤᠳᠤᠷᠭ᠎ᠠ ᠶᠢᠨ ᠤᠷᠭᠤᠯᠳᠠ ᠳᠤ ᠠᠰᠢᠬᠳᠠᠢ ᠪᠠᠶᠢᠵᠤ | ᠲᠠᠷᠢᠵᠤ ᠤᠷᠭᠤᠭᠤᠯᠬᠤ ᠭᠠᠵᠠᠷ ᠤᠨ ᠪᠠᠶᠢᠴᠠ ᠨᠢ ᠲᠡᠭᠰᠢᠭᠡᠨ᠂ ᠭᠠᠵᠠᠷ ᠰᠢᠷᠤᠢ ᠶᠢᠨ ᠡᠬᠢ ᠪᠠᠶᠠᠯᠢᠭ ᠨᠢ ᠦᠩ | ᠰᠢᠮᠡᠯᠢᠭ ᠪᠤᠯᠬᠤᠷ ᠠᠳᠡ ᠦᠪᠡᠷᠮᠢᠴᠡ ᠭᠠᠵᠠᠷ ᠤᠷᠤᠨ ᠤ ᠤᠨᠴᠠᠯᠢᠬᠳᠤ ︽ᠰᠢᠷᠬᠤᠰᠤᠨ ᠭᠤᠤᠯ ᠤᠨ ᠲᠤᠳᠤᠷᠭ᠎ᠠ︾ | ᠪᠤᠯᠬᠤ ᠤᠷᠭᠠᠨᠢᠭ ᠤᠰᠤᠨ ᠲᠤᠳᠤᠷᠭ᠎ᠠ ᠶᠢᠨ ᠨᠠᠷᠠᠳᠤ ᠲᠡᠮᠳᠡᠭ ᠢ ᠪᠦᠢᠵᠢᠭᠤᠯᠤᠬᠰᠠᠨ ᠪᠠᠶᠢᠨ᠎ᠠ᠃ | | | | | | | | ᠤᠶᠢᠯᠠᠭᠠᠬᠰᠠᠨ ᠢᠶᠠᠷ᠂ ᠰᠢᠷᠬᠤᠰᠤᠨ ᠭᠤᠤᠯ ᠤᠨ ᠤᠯᠤᠰ ᠤᠨ ᠲᠠᠰ ᠤᠨ ᠤᠷᠭᠠᠨᠢᠭ ᠤᠰᠤᠨ ᠲᠤᠳᠤᠷᠭ᠎ᠠ | ᠶᠢᠨ ᠪᠠᠷᠢᠮᠵᠢᠶᠠᠵᠢᠬᠰᠠᠨ ᠵᠢᠱᠢᠶ᠎ᠠ ᠦᠵᠡᠭᠦᠯᠭᠦ ᠲᠦᠷᠦᠯ ᠵᠤᠶᠢᠯ ᠨᠢ ᠪᠦᠭᠦ ᠤᠯᠤᠰ ᠤᠨ ᠠᠩᠬᠠᠳᠠᠬᠴᠢ ᠤᠰᠤᠨ | ᠲᠤᠳᠤᠷᠭ᠎ᠠ ᠶᠢᠨ ᠢᠳᠡᠭᠡᠨ ᠤ ᠠᠶᠤᠯᠭᠦᠢ ᠶᠢ ᠮᠦᠷᠳᠡᠬᠦ ᠰᠢᠰᠲ᠋ᠧᠮ ᠢ ᠭᠡᠷᠡᠭᠯᠡᠵᠤ ᠤᠳᠤᠬᠠᠨ ᠤ ᠬᠠᠮᠤᠭ ᠤᠨ | ᠲᠠᠷᠢᠬᠦᠨ ᠤ ᠢᠨᠲ᠋ᠧᠷ ᠰᠦᠯᠵᠢᠶᠠᠨ ᠤ ᠮᠡᠷᠭᠡᠵᠢᠯ ᠢ ᠭᠡᠷᠡᠭᠯᠡᠨ ᠦᠷ᠎ᠡ ᠰᠤᠩᠭᠤᠬᠤ᠂ ᠰᠤᠶᠤᠭᠠᠯᠠᠭᠤᠯᠬᠤ᠂ ᠲᠠᠷᠢᠬᠤ᠂ | ᠪᠤᠯᠪᠠᠰᠤᠷᠠᠭᠤᠯᠬᠤ᠂ ᠪᠤᠷᠤᠯᠠᠭᠤᠯᠬᠤ ᠵᠡᠷᠭᠡ ᠬᠠᠮᠢᠶᠠᠷᠤᠯᠳᠡ ᠶᠢᠨ ᠭᠤᠬᠴᠤᠭᠠᠨ ᠤ ᠪᠦᠭᠦ ᠶᠠᠪᠤᠴᠠ ᠶᠢ ᠬᠢᠨᠡᠨ | ᠡᠵᠡᠮᠰᠢᠵᠤ ᠲᠠᠷᠢᠵᠤ ᠤᠷᠭᠤᠭᠤᠯᠬᠤ ᠶᠠᠪᠤᠴᠠ ᠳᠤ ᠮᠠᠯ ᠤᠨ ᠰᠢᠭᠡᠭ ᠪᠤᠷᠳᠤᠭᠤᠷ ᠭᠡᠷᠡᠭᠯᠡᠨ᠂ ᠲᠠᠷᠢᠶᠠᠯᠠᠩ ᠤᠨ ᠡᠮ | ᠭᠡᠷᠡᠭᠯᠡᠭᠦ ᠦᠭᠡᠢ᠂ ᠨᠠᠶᠢᠮᠠᠯᠵᠢ ᠪᠠᠷ ᠬᠤᠷᠤᠬᠠᠢ ᠶᠢ ᠤᠰᠠᠳᠬᠠᠨ᠂ ᠭᠦᠮᠦᠨ ᠤ ᠭᠦᠴᠦ ᠪᠠᠷ ᠡᠪᠡᠰᠤ ᠶᠢ ᠨᠢ ᠠᠷᠢᠯᠭᠠᠵᠤ | ᠪᠠᠶᠢᠨ᠎ᠠ᠃ | | | | | | | | ᠲᠤᠰ ᠲᠦᠷᠦᠯ ᠵᠤᠶᠢᠯ ᠤᠨ ᠪᠠᠶᠢᠭᠤᠯᠤᠬᠳᠠᠬᠰᠠᠨ ᠨᠢ ᠮᠡᠨ ᠤ ᠬᠤᠰᠢᠭᠤᠨ ᠤ ᠪᠦᠭᠦᠶᠢᠯᠠ ᠲᠠᠷᠢᠶᠠᠯᠠᠩ ᠤᠨ | ᠪᠦᠳᠦᠭᠡᠭᠳᠡᠭᠦᠨ ᠤ ᠲᠠᠷᠢᠵᠤ ᠤᠷᠭᠤᠭᠤᠯᠵᠤ ᠪᠤᠯᠪᠠᠰᠤᠷᠠᠭᠤᠯᠬᠤ ᠶᠢ ᠪᠤᠬᠢᠷᠳᠤᠯ ᠦᠬᠡᠢ᠂ ᠡᠷᠴᠢᠮᠵᠢᠭᠦᠯᠦᠭᠰᠡᠨ᠂ | ᠰᠢᠨᠵᠢᠯᠡᠬᠦ ᠤᠠᠬᠭᠠᠨᠴᠢᠯᠠᠬᠰᠠᠨ᠂ ᠪᠠᠷᠢᠮᠵᠢᠶᠠᠵᠢᠬᠰᠠᠨ ᠲᠡᠰᠢ ᠭᠦᠭᠵᠢᠭᠦ ᠶᠢ ᠲᠠᠶᠢᠴᠢᠯᠠᠬᠤ ᠶᠢᠨ ᠬᠠᠮᠳᠤ ᠲᠠᠭᠤᠷᠢᠶᠠᠯ | ᠦᠵᠠᠭᠦᠯᠭᠦ ᠪᠠ ᠨᠦᠯᠦᠭᠡᠯᠡᠨ ᠲᠠᠶᠢᠴᠢᠯᠠᠬᠤ ᠤᠶᠢᠯᠡᠳᠦᠯ ᠦᠵᠡᠭᠦᠯᠵᠦ ᠤᠷᠭᠠᠨᠢᠭ ᠲᠠᠷᠢᠶᠠᠯᠠᠩ ᠤᠨ ᠤᠶᠢᠯᠠᠰ ᠤᠨ | ᠭᠦᠭᠵᠢᠯᠳᠡ ᠶᠢ ᠲᠦᠷᠭᠡᠳᠭᠡᠵᠤ ᠲᠠᠷᠢᠶᠠᠯᠠᠩ ᠤᠨ ᠪᠦᠳᠦᠭᠡᠭᠳᠡᠭᠦᠨ ᠤ ᠴᠢᠨᠡᠷ᠂ ᠦᠷ᠎ᠠ ᠪᠦᠳᠦᠮᠵᠢ ᠪᠠ | ᠦᠷᠢᠰᠦᠯᠳᠦᠭᠡᠨ ᠢ ᠲᠡᠭᠡᠭᠰᠢᠯᠡᠭᠦᠯᠦᠨ ᠲᠠᠷᠢᠶᠠᠯᠠᠩ ᠤᠨ ᠤᠶᠢᠯᠡᠰ ᠤᠨ ᠭᠦᠭᠵᠢᠯᠳᠡ ᠶᠢᠨ ᠭᠡᠯᠪᠡᠷᠢ ᠪᠠᠨ ᠬᠤᠪᠢᠷᠠᠭᠤᠯᠬᠤ | ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠲᠠᠷᠢᠶᠠᠯᠠᠩ ᠤᠨ ᠤᠶᠢᠯᠡᠰ ᠤᠨ ᠦᠷᠭᠦᠯᠵᠢᠯᠡᠭᠦᠶᠢᠴᠡ | ᠭᠦᠭᠵᠢᠯᠳᠡ ᠶᠢ ᠪᠠᠶᠠᠯᠠᠭᠦᠯᠦᠨ ᠤᠶᠢᠯᠡᠳᠪᠤᠷᠢᠯᠡᠭᠦ᠂ ᠪᠤᠯᠪᠠᠰᠤᠷᠠᠭᠤᠯᠬᠤ᠂ ᠪᠤᠷᠤᠯᠠᠭᠤᠯᠬᠤ ᠵᠡᠷᠭᠡ ᠡᠯ᠎ᠠ | ᠭᠤᠬᠴᠤᠭᠠᠨ ᠤ ᠪᠠᠷᠢᠮᠵᠢᠶᠠᠵᠢᠬᠰᠠᠨ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠬᠡᠢ | ᠲᠡᠭᠡᠭᠰᠢᠯᠡᠭᠦᠯᠵᠦ ᠪᠠᠶᠢᠨ᠎ᠠ᠃ | | | | |