ᠮᠡᠨ ᠤ ᠬᠤᠰᠢᠭᠤᠨ ᠤ ᠵᠢᠭᠤᠯᠴᠢᠯᠠᠯ ᠤᠨ ᠲᠡᠸᠠᠷ ᠤᠨ ᠪᠦᠳᠦᠭᠡᠭᠳᠡᠭᠦᠨ 2018 ᠤᠨ ᠤ ᠦᠪᠤᠷ ᠮᠤᠩᠭᠤᠯ ᠤᠨ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠤᠯᠭᠡ ᠶᠢᠨ ᠰᠤᠯᠢᠯᠴᠠᠭᠠᠨ ᠤ ᠴᠤᠬᠯᠠᠭᠠᠨ ᠳᠤ ᠲᠡᠯᠭᠡᠭᠳᠡᠪᠡ
ᠨᠡᠶᠢᠲᠡᠯᠡᠭᠰᠡᠨ ᠴᠠᠭ᠄
2018-11-19
     ᠤᠶᠢᠷ᠎ᠠ ᠶᠢᠨ ᠡᠳᠦᠷ 2018 ᠤᠨ ᠤ ᠦᠪᠤᠷ ᠮᠤᠩᠭᠤᠯ ᠤᠨ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠤᠯᠭᠡ ᠶᠢᠨ ᠰᠤᠯᠢᠯᠴᠠᠭᠠᠨ ᠤ ᠴᠤᠬᠯᠠᠭᠠᠨ ᠭᠤᠸᠠᠩᠳᠦ᠋ᠩ ᠮᠤᠵᠢ ᠶᠢᠨ ᠭᠤᠸᠠᠩᠵᠸᠤ ᠬᠤᠳᠠ ᠳᠤ ᠶᠠᠪᠤᠬᠳᠠᠪᠠ᠃ ᠦᠵᠡᠭᠦᠯᠤᠯᠭᠡ ᠨᠢ ᠦᠪᠤᠷ ᠮᠤᠩᠭᠤᠯ ᠤᠨ ᠤᠷᠤᠨ ᠨᠤᠳᠤᠭ ᠤᠨ ᠨᠠᠷᠠᠳᠤ ᠲᠡᠮᠳᠡᠭ ᠢ ᠭᠠᠳᠠᠬᠰᠢ ᠤᠬᠠᠭᠤᠯᠵᠤ ᠭᠠᠳᠠᠷ ᠤᠷᠤᠨ ᠴᠢᠨᠠᠬᠰᠢᠯᠠᠪᠠᠯ ᠪᠦᠭᠦ ᠤᠯᠤᠰ ᠤᠨ ᠭᠦᠮᠦᠨ ᠳᠤ ᠮᠡᠳᠡᠷᠡᠭᠦᠯᠦᠭᠰᠡᠨ ᠪᠠᠶᠢᠨ᠎ᠠ᠃
     
     ᠦᠵᠡᠭᠦᠯᠤᠯᠭᠡ ᠳᠤ ᠮᠡᠨ ᠤ ᠬᠤᠰᠢᠭᠤᠨ ᠤ ᠤᠷᠤᠯᠴᠠᠬᠴᠢ ᠬᠠᠭᠤᠷᠤᠭᠰᠠᠨ ᠠᠮᠤ᠂ ᠪᠦᠩ ᠠᠮᠤ᠂ ᠦᠷᠦᠮ᠎ᠠ᠂ ᠬᠤᠨᠢᠨ ᠮᠢᠬ᠎ᠠ᠂ ᠬᠤᠨᠢ ᠦᠬᠡᠷ ᠤᠨ ᠬᠠᠪᠢᠷᠭ᠎ᠠ᠂ ᠴᠢᠪᠠᠭ᠎ᠠ ᠲᠠᠢ ᠪᠤᠭᠤᠷᠰᠤᠭ᠂ ᠦᠭᠡᠷ ᠤᠨ ᠮᠢᠬ᠎ᠠ ᠲᠠᠢ ᠮᠦᠬᠦ ᠶᠢᠨ ᠵᠢᠶᠠᠩ᠂ ᠴᠠᠭᠠᠨ ᠢᠳᠡᠭᠡᠨ᠂ ᠴᠢᠴᠠᠷᠭᠠᠨ᠎ᠠ ‍ᠶᠢᠢᠨ ᠤᠮᠳᠠᠭᠠᠨ᠂ ᠪᠠᠶᠢᠭᠠᠯᠢᠯᠢᠭ ᠪᠠᠯ ᠵᠡᠷᠭᠡ ᠦᠨᠳᠤᠰᠤᠳᠡᠨ ᠤ ᠤᠨᠴᠠᠯᠢᠬᠳᠤ ᠪᠠ ᠤᠷᠤᠨ ᠨᠤᠲᠤᠭ ᠤᠨ ᠤᠨᠴᠠᠯᠢᠬᠳᠤ ᠵᠢᠭᠤᠯᠴᠢᠯᠡᠯ ᠤᠨ ᠲᠠᠸᠠᠷ ᠢ ᠲᠡᠯᠭᠡᠨ ᠦᠵᠡᠭᠦᠯᠵᠦ ᠲᠤᠬᠠᠢ  ᠶᠢᠨ ᠲᠠᠯᠠᠪᠠᠢ ᠳᠠᠬᠢ ᠦᠷᠭᠡᠨ ᠤᠯᠠᠨ ᠵᠤᠭᠠᠴᠠᠬᠰᠠᠳ ᠪᠠ ᠬᠤᠳᠠ ᠶᠢᠨ ᠠᠷᠠᠳ ᠤᠨ ᠠᠩᠬᠠᠷᠤᠯ ᠢ ᠲᠠᠲᠠᠪᠠ᠃
   
     ᠮᠡᠨ ᠤ ᠬᠤᠰᠢᠭᠤ ᠤᠶᠢᠷ᠎ᠠ ᠶᠢᠨ ᠵᠢᠯ ᠠᠴᠠ ᠵᠢᠭᠤᠯᠴᠢᠯᠡᠯ ᠤᠨ ᠲᠡᠸᠡᠷ ᠤᠨ ᠪᠦᠳᠦᠭᠡᠭᠳᠡᠭᠦᠨ ᠢ ᠡᠭᠦᠳᠦᠨ ᠪᠦᠳᠦᠭᠡᠭᠦ ᠶᠢ ᠴᠢᠬᠤᠯᠡᠴᠢᠯᠡᠵᠤ ᠵᠢᠯ ᠪᠤᠯᠭᠠᠨ ᠵᠢᠭᠤᠯᠴᠢᠯᠡᠯ ᠤᠨ ᠲᠡᠸᠡᠷ ᠤᠨ ᠪᠦᠳᠦᠭᠡᠭᠳᠡᠭᠦᠨ ᠤᠶᠢᠯᠡᠳᠪᠤᠷᠢᠯᠡᠵᠤ ᠪᠠᠶᠢᠭ᠎ᠠ ᠠᠵᠤ ᠠᠬᠤᠶᠢᠯᠠᠯ ᠳᠤ ᠵᠤᠬᠢᠬᠤ ᠭᠡᠮᠵᠢᠶᠠᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠ ᠪᠡᠯᠡ ᠮᠦᠩᠬᠦᠨ ᠤ ᠨᠦᠭᠦᠪᠦᠷᠢ ᠤᠯᠭᠤᠨ ᠰᠢᠨ᠎ᠠ ᠶᠢ ᠡᠭᠦᠳᠬᠦ᠂ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠶᠢᠨ ᠵᠠᠮ ᠢᠶᠠᠨ ᠦᠷᠭᠡᠳᠭᠡᠭᠦ ᠶᠢ ᠵᠤᠷᠢᠬᠵᠢᠭᠤᠯᠵᠤ ᠮᠡᠨ ᠤ ᠬᠤᠰᠢᠭᠤᠨ ᠤ ᠵᠢᠭᠤᠯᠴᠢᠯᠡᠯ ᠤᠨ ᠲᠡᠸᠡᠷ ᠤᠨ ᠪᠦᠳᠦᠭᠡᠭᠳᠡᠭᠦᠨ ᠤ ᠠᠵᠤ ᠤᠶᠢᠯᠡᠰ ᠤᠨ ᠭᠦᠭᠵᠢᠯᠳᠡ ᠶᠢ ᠠᠬᠢᠭᠤᠯᠵᠤ ᠵᠢᠭᠤᠯᠴᠢᠯᠡᠯ ᠤᠨ ᠭᠦᠭᠵᠢᠯᠳᠡ ‍ᠶᠢᠢᠨ ᠲᠤᠳᠠᠭᠤᠳᠠᠯ ᠢᠶᠠᠨ ᠨᠦᠭᠦᠪᠦᠷᠢᠯᠡᠭᠦ ᠳᠤ ᠢᠳᠡᠪᠬᠢᠳᠡᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号