ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠵᠢᠴᠢ ︽ᠡᠩᠨᠡᠭᠡᠨ ᠤ ᠬᠡᠪ ᠪᠤᠯᠪᠠᠰᠤᠷᠠᠯ ᠢ ᠳᠡᠭᠡᠭᠰᠢᠯᠡᠬᠦᠯᠬᠦ︾ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ  ᠤᠨ ᠳᠡᠯᠭᠡᠨ ᠦᠵᠡᠭᠦᠯᠦᠯᠭᠡ ᠶᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2018-11-02
     10 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠰᠤᠶᠤᠯ ᠤᠨ ᠪᠦᠲᠦᠭᠡᠯᠲᠡ ᠠᠵᠦ ᠤᠶᠢᠯᠡᠰ ᠤᠨ ᠬᠦᠷᠢᠶᠡᠯᠡᠩ ᠤᠨ ᠦᠵᠡᠰᠭᠦᠯᠡᠩ ᠤᠨ ᠤᠷᠳᠤᠨ ᠳᠤ ᠬᠦᠷᠴᠦ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ᠪᠠ ︽ᠡᠩᠨᠡᠭᠡᠨ ᠤ ᠬᠡᠪ ᠪᠤᠯᠪᠠᠰᠤᠷᠠᠯ ᠢ ᠳᠡᠭᠡᠭᠰᠢᠯᠡᠬᠦᠯᠬᠦ︾ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤᠨ ᠳᠡᠯᠭᠡᠨ ᠦᠵᠡᠭᠦᠯᠦᠯᠭᠡ ᠶᠢ ᠲᠤᠭᠤᠷᠢᠨ ᠦᠵᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠳᠡᠳ᠋ ᠳᠠᠷᠤᠭ᠎ᠠ ᠲᠤᠲᠤᠭᠠᠳᠤ  ᠶᠢ ᠬᠠᠮᠠᠭᠠᠯᠠᠬᠤ ᠳᠤᠪᠴᠢᠶᠠᠨ ᠤ ᠳᠠᠷᠤᠭ᠎ᠠ ᠭᠤᠣ ᠬᠤ᠋᠂ ᠬᠤᠰᠢᠭᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠰᠦᠨ ᠰᠢᠶᠣᠣ ᠴᠢᠶᠠᠩ ᠵᠢᠴᠢ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠲᠤᠲᠤᠭᠠᠳᠤ  ᠶᠢ ᠬᠠᠮᠠᠭᠠᠯᠠᠬᠤ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤ ᠲᠤᠭᠤᠷᠢᠨ ᠦᠵᠡᠪᠡ᠃
         ᠡᠷᠳᠡᠨᠢᠪᠢᠯᠢᠭ ᠨᠠᠷ ᠭᠤᠴᠤ ᠰᠠᠶᠢᠬᠠᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠪᠦᠲᠤᠭᠡᠯ ᠢ ᠰᠤᠨᠢᠷᠬᠠᠨ ᠦᠵᠡᠬᠦ ᠶᠢᠨ ᠬᠠᠮᠲᠦ ᠡᠳᠡᠭᠡᠷ ᠪᠦᠲᠦᠭᠡᠯ ᠤᠨ ᠲᠤᠬᠠᠢ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠨᠢᠮᠪᠠᠢ ᠰᠤᠨᠤᠰᠤᠭᠰᠠᠨ ᠤ ᠳᠠᠷᠠᠭ᠎ᠠ ᠳᠡᠯᠭᠡᠨ ᠦᠵᠡᠭᠦᠯᠦᠭᠰᠡᠨ ᠪᠦᠲᠤᠭᠡᠯ ᠳᠤ ᠦᠨᠳᠤᠷ ᠦᠨᠡᠯᠡᠯᠲᠠ ᠦᠭᠪᠡ᠃      ᠡᠷᠳᠡᠨᠢᠪᠢᠯᠢᠭ ᠵᠢᠭᠠᠬᠤ ᠳᠤ ᠪᠠᠨ᠂ ᠴᠢᠩᠭ᠎ᠠ ᠬᠠᠮᠢᠶᠠᠷᠤᠯᠲᠠ ᠪᠠ ᠬᠠᠶᠢᠷ᠎ᠠ ᠬᠠᠯᠠᠮᠵᠢ ᠶᠢ ᠤᠶᠠᠯᠳᠤᠭᠤᠯᠤᠨ ᠦᠵᠡᠯ ᠰᠠᠨᠠᠭ᠎ᠠ᠂ ᠤᠯᠤᠰ ᠲᠦᠷᠦ᠂ ᠠᠵᠢᠯ ᠤᠨ ᠪᠠᠶᠢᠷᠢ᠂ ᠠᠮᠢᠳᠤᠷᠠᠯ ᠤᠨ ᠲᠠᠯ᠎ᠠ ᠪᠠᠷ ᠤᠯᠣᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠶᠢ ᠬᠠᠷᠠᠭᠠᠯᠵᠠᠨ ᠬᠠᠯᠠᠮᠵᠢᠯᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠴᠢᠳᠠᠪᠤᠷᠢ ᠬᠡᠪ ᠪᠤᠯᠪᠠᠰᠤᠷᠠᠯ ᠤᠨ ᠪᠠᠶᠢᠭᠤᠯᠤᠯᠲᠠ᠂ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠠᠭ ᠦᠶ᠎ᠡ ᠲᠠᠢ ᠵᠡᠷᠭᠡᠪᠡᠷ ᠴᠢᠩᠭᠠᠳᠬᠠᠨ ᠤᠯᠠᠨ ᠠᠷᠭ᠎ᠠ ᠪᠠᠷᠢᠯ ᠢᠶᠠᠷ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠬᠦᠨᠳᠦ ᠴᠤᠬᠢᠯᠲᠠ ᠶᠢ ᠰᠠᠶᠢᠲᠤᠷ ᠬᠢᠵᠤ ᠨᠡᠶᠢᠬᠡᠮ ᠤᠨ ᠲᠤᠭᠲᠠᠭᠤᠨ ᠪᠠ ᠤᠷᠲᠤ ᠬᠤᠭᠤᠴᠠᠭᠠᠨ ᠤ ᠠᠮᠤᠷ ᠳᠦᠪᠰᠢᠨ ᠪᠠᠶᠢᠬᠤ ᠶᠢ ᠪᠠᠲᠤᠯᠠᠬᠤ ᠬᠡᠷᠡᠭᠲᠠᠢ ᠃ ᠲᠤᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠳᠡᠯᠭᠡᠨ ᠦᠵᠡᠭᠦᠯᠦᠯᠭᠡ ᠨᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠲᠦᠷᠰᠦ ᠪᠠᠶᠢᠳᠠᠯ᠂ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ ᠮᠦᠷᠲᠡᠭᠡᠨ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠶᠢᠨ ᠴᠠᠭ ᠡᠷᠡᠨ ᠤ ᠴᠤᠭ ᠵᠢᠪᠬᠤᠭ᠎ᠠ ᠪᠤᠯᠤᠨ ᠤᠭ ᠰᠠᠨᠠᠭ᠎ᠠ ᠪᠠᠨ ᠦᠯᠦ ᠮᠠᠷᠲᠠᠨ ᠡᠷᠡᠯᠭᠡᠭᠯᠡᠨ ᠤᠷᠤᠭᠰᠢᠯᠠᠬᠤ ᠵᠤᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ ᠭᠡᠵᠡᠢ᠃      ᠤᠶᠢᠯᠠᠭᠠᠭᠰᠠᠨ ᠢᠶᠠᠷ ᠲᠤᠰ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠳᠡᠯᠭᠡᠨ ᠦᠵᠡᠭᠦᠯᠦᠯᠭᠡ ᠶᠢ ᠬᠤᠰᠢᠭᠤ ᠨᠠᠮ ᠤᠨ ᠬᠤᠷᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠭᠤᠤᠯᠯᠠᠨ ᠡᠷᠬᠢᠯᠡᠵᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠬᠠᠮᠵᠢᠨ ᠡᠷᠬᠢᠯᠡᠪᠡ᠃ ᠠᠵᠢᠯᠯᠠᠭ᠎ᠠ  ᠶᠢ ᠦᠷᠨᠢᠭᠦᠯᠦᠭᠰᠡᠨ ᠠᠴᠠ ᠨᠠᠰᠢ ᠨᠡᠶᠢᠲᠠ100 ᠭᠠᠷᠦᠢ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠪᠦᠲᠤᠭᠡᠯ ᠢ ᠡᠮᠬᠢᠳᠬᠡᠨ ᠴᠤᠭᠯᠠᠭᠤᠯᠵᠤ ᠡᠭᠦᠨ ᠤ ᠳᠤᠮᠲᠠ ᠠᠴᠠ 80 ᠭᠠᠷᠤᠢ ᠪᠦᠲᠤᠭᠡᠯ ᠢ ᠰᠤᠩᠭᠤᠨ ᠭᠠᠷᠭᠠᠵᠤ ᠳᠡᠯᠭᠡᠨ ᠦᠵᠡᠭᠦᠯᠪᠡ᠃ ᠳᠡᠯᠭᠡᠨ ᠦᠵᠡᠭᠦᠯᠦᠯᠭᠡ ᠪᠠᠷ ᠲᠠᠮᠵᠢᠨ ᠦᠷᠭᠡᠨ‌ᠤᠯᠠᠨ ᠤᠯᠤᠰ ᠲᠦᠷᠦ ᠬᠠᠤᠯᠢ ᠴᠠᠭᠠᠵᠠ  ᠶᠢᠨ ᠺᠠᠳ᠋ᠷ ᠴᠠᠭᠳᠠᠭ᠎ᠠ ᠶᠢ ᠠᠮᠤᠷ ᠲᠦᠪᠰᠢᠨ ᠦᠤᠰᠢᠨ᠂ ᠬᠠᠤᠯᠢ ᠪᠠᠷ ᠵᠠᠰᠠᠬᠤ ᠦᠤᠰᠢᠨ ᠢ ᠪᠦᠲᠤᠭᠡᠨ ᠪᠠᠶᠢᠭᠤᠯᠬᠤ  ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠶᠢ ᠵᠤᠷᠢᠭᠵᠢᠭᠤᠯᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号