ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠬᠤᠷᠠᠯ ᠬᠤᠷᠠᠯᠳᠤᠭᠤᠯᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018-11-02
     10 ᠰᠠᠷ᠎ᠠ ᠶᠢᠨ 30 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠳᠡ ᠬᠢᠵᠤ ᠰᠠᠨᠠᠯ ᠰᠤᠯᠢᠯᠴᠠᠬᠤ ᠸᠢᠳᠢᠣ᠋ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠬᠤ ᠳᠠᠭᠠᠨ᠂ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠠᠯᠬᠤᠭ᠎ᠠ ᠪᠠᠨ ᠵᠤᠬᠰᠤᠭᠠᠬᠤ ᠦᠭᠡᠢ᠂ ᠨᠡᠩ ᠤᠨᠤᠪᠴᠢᠳᠠᠢ ᠨᠡᠩ ᠪᠤᠳᠠᠳᠠᠢ ᠨᠡᠩ ᠬᠠᠳᠠᠭᠤ ᠠᠷᠭ᠎ᠠ ᠠᠪᠴᠠᠯ ᠢ ᠬᠡᠷᠡᠭᠵᠢᠭᠦᠯᠵᠤ᠂ ᠡᠷᠴᠢᠮ ᠢᠶᠠᠨ ᠴᠢᠩᠭᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠨᠦᠬᠡᠴᠡ ᠬᠦᠴᠦᠨ ᠢᠶᠠᠨ ᠠᠭᠤᠳᠠᠯᠠᠨ ᠨᠡᠶᠢᠳᠡᠪᠦᠷᠢᠵᠢᠭᠤᠯᠤᠯᠳᠠ ᠶᠢ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠨᠠᠷ ᠴᠢᠨᠰᠠᠭ᠎ᠠ ᠪᠤᠯᠤᠨ ᠦᠷ᠎ᠠ ᠪᠦᠳᠦᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃ ᠬᠤᠷᠠᠯ ᠠᠴᠠ 2018 ᠤᠨ ᠤ ᠦᠪᠡᠷᠳᠡᠭᠡᠨ ᠵᠠᠰᠬᠠᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠱᠠᠯᠠᠪᠳᠠᠭᠤᠯᠤᠨ ᠪᠠᠶᠢᠴᠠᠭᠠᠯᠳᠠ ᠶᠢᠨ ᠪᠠᠶᠢᠳᠠᠯ ᠢ ᠵᠠᠷᠯᠠᠨ ᠨᠡᠶᠢᠳᠡᠯᠡᠵᠤ᠂ ᠨᠢᠩᠴᠧᠩ ᠰᠢᠶᠠᠨ᠂ ᠦᠴᠤᠸᠠᠨ ᠰᠢᠶᠠᠨ᠂ ᠬᠦᠶᠠᠩ ᠰᠢᠶᠠᠨ᠂ ᠯᠢᠶᠠᠩᠴᠧᠩ ᠰᠢᠶᠠᠨ᠂ ᠤᠩᠨᠢᠭᠤᠳ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤ ᠶᠢᠨ ᠨᠠᠮ ᠤᠨ ᠬᠤᠷᠢᠶ᠎ᠠ ᠶᠢᠨ ᠱᠦᠵᠢ ᠦᠭᠡ ᠬᠡᠯᠡᠵᠡᠢ᠃ ᠯᠢ ᠵᠢᠢ ᠾᠧᠩ 6 ᠬᠤᠰᠢᠭᠤ ᠰᠢᠶᠠᠨ ᠤ ᠶᠠᠳᠠᠭᠤ ᠠᠴᠠ ᠠᠩᠬᠢᠵᠢᠷᠭᠤᠯᠬᠤ ᠪᠤᠭᠤᠮᠳᠠ ᠰᠢᠪᠳᠤᠯᠬᠤ ᠠᠵᠢᠯ ᠳᠤ ᠦᠨᠡᠯᠡᠯᠳᠡ ᠬᠢᠵᠤ᠂ ᠠᠵᠢᠯ ᠤᠨ ᠦᠷ᠎ᠠ ᠪᠦᠳᠦᠮᠵᠢ ᠢᠯᠡᠷᠬᠡᠢ ᠪᠠᠶᠢᠬᠤ ᠭᠠᠵᠠᠷ ᠤᠷᠤᠨ ᠨᠠᠷᠢᠯᠢᠭ ᠠᠴᠠ ᠨᠠᠷᠢᠯᠢᠭ ᠢ ᠬᠦᠭᠡᠭᠡᠴᠡᠯᠳᠦᠨ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠠᠵᠢᠯ ᠤᠨ ᠲᠠᠯ᠎ᠠ ᠪᠠᠷ ᠵᠦᠷᠢᠶ᠎ᠡ ᠲᠠᠢ ᠪᠠᠶᠢᠬᠤ ᠭᠠᠵᠠᠷ ᠤᠷᠤᠨ ᠠᠰᠠᠭᠤᠳᠠᠯ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠡᠯ᠎ᠠ ᠭᠠᠵᠠᠷ ᠤᠨ ᠬᠢᠨ ᠬᠠᠷᠢᠯᠴᠠᠨ ᠰᠤᠷᠤᠯᠴᠠᠵᠦ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ ᠂ ᠠᠵᠢᠯ ᠢᠶᠠᠨ ᠤᠯᠠᠮ ᠴᠢᠨᠠᠬᠰᠢᠳᠠ ᠪᠤᠳᠠᠳᠠᠢ ᠪᠦᠭᠡᠳ ᠰᠠᠶᠢᠳᠤᠷ ᠬᠢᠭᠦ ᠬᠡᠷᠡᠭᠳᠡᠢ ᠬᠡᠵᠤ ᠱᠠᠭᠠᠷᠳᠠᠵᠠᠢ᠃       ᠯᠢ ᠵᠢᠢ ᠾᠧᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠭᠦ ᠳᠤ᠂ ᠲᠡᠭᠡᠳᠦ ᠲᠤᠤᠷᠠᠳᠤ ᠱᠠᠳᠤ ᠪᠤᠯᠤᠨ ᠲᠠᠯ᠎ᠠ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠦᠪᠡᠷ ᠦᠪᠡᠷ ᠤᠨ ᠬᠠᠷᠢᠭᠤᠴᠠᠯᠭ᠎ᠠ ᠪᠠᠨ ᠬᠦᠢᠴᠡᠳᠭᠡᠭᠦ ᠬᠡᠷᠡᠭᠳᠡᠢ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠤ᠂ ᠪᠡᠶᠡᠴᠢᠯᠡᠨ ᠤᠷᠤᠯᠴᠠᠨ ᠠᠳᠬᠤᠵᠤ᠂ ᠨᠠᠷᠢᠯᠢᠭᠵᠢᠭᠤᠯᠤᠨ ᠪᠤᠳᠠᠳᠠᠶᠢᠵᠢᠭᠤᠯᠤᠨ ᠠᠳᠬᠤᠵᠤ᠂ ᠪᠦᠬᠦ ᠶᠠᠪᠤᠴᠠ ᠳᠤ ᠪᠦᠬᠦ ᠬᠦᠴᠦᠨ ᠢᠶᠠᠷ ᠢᠶᠠᠨ ᠠᠳᠬᠤᠬᠤ ᠬᠡᠷᠡᠭᠳᠡᠢ᠃ ᠶᠠᠳᠠᠭᠤ ᠶᠢ ᠲᠡᠳᠭᠦᠭᠦ ᠲᠤᠰᠬᠠᠢ ᠡᠭᠦᠷᠭᠡ ᠶᠢ ᠡᠭᠦᠷᠭᠡᠯᠡᠵᠤ ᠪᠦᠬᠦᠢ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠨᠢᠭᠡᠴᠢ ᠪᠦᠬᠦ ᠬᠦᠴᠦ ᠪᠠᠷ ᠢᠶᠠᠨ ᠴᠢᠷᠮᠠᠶᠢᠵᠤ᠂ ᠦᠨᠡᠨ ᠪᠤᠳᠠᠳᠠᠢ ᠠᠷᠭ᠎ᠠ ᠠᠪᠴᠠᠯ ᠠᠪᠴᠤ᠂ ᠠᠵᠢᠯ ᠲᠦᠷᠦᠯ ᠢᠶᠠᠷ ᠶᠠᠳᠠᠭᠤ ᠶᠢ ᠲᠡᠳᠭᠦᠭᠦ ᠠᠵᠢᠯ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠳᠡᠢ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠡᠯ᠎ᠠ ᠱᠠᠳᠤᠨ ᠤ ᠤᠳᠤᠷᠢᠳᠬᠤ ᠺᠠᠳ᠋ᠷ᠂ ᠬᠤᠰᠢᠭᠤ ᠰᠢᠶᠠᠨ ᠳᠤ ᠰᠠᠭᠤᠭ᠎ᠠ ᠠᠵᠢᠯ ᠤᠨ ᠠᠩᠬᠢ᠂ ᠲᠤᠰᠬᠤᠨ ᠳᠤ ᠰᠠᠭᠤᠭ᠎ᠠ ᠠᠵᠢᠯ ᠤᠨ ᠠᠩᠬᠢ᠂  ᠨᠢᠭᠡᠳᠦᠭᠡᠷ ᠱᠦᠵᠢ ᠨᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠦᠬᠦ ᠬᠦᠴᠦ ᠪᠠᠷ ᠢᠶᠠᠨ ᠦᠴᠦᠭᠡᠨ ᠴᠤ ᠰᠤᠯᠠᠷᠠᠭᠤᠯᠤᠯ ᠦᠭᠡᠢ ᠠᠬᠢᠭᠤᠯᠬᠤ ᠬᠡᠷᠡᠭᠳᠡᠢ᠃ ᠶᠠᠳᠠᠭᠤ ᠬᠦᠴᠢᠷᠳᠡᠯᠳᠡᠢ ᠪᠤᠰᠤ ᠭᠠᠵᠠᠷ ᠤᠷᠤᠨ ᠮᠦᠨ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ ᠪᠤᠯᠭᠠᠨ ᠠᠳᠬᠤᠬᠤ ᠬᠡᠷᠡᠭᠳᠠᠢ᠂ ᠡᠩ ᠤᠨ ᠠᠵᠢᠯ ᠪᠤᠯᠭᠠᠨ ᠠᠳᠬᠤᠵᠤ ᠪᠤᠯᠬᠤ ᠦᠭᠡᠢ ᠬᠡᠵᠤ ᠴᠢᠬᠤᠯᠠᠴᠢᠯᠠᠪᠠ᠃      ᠯᠢ ᠵᠢᠢ ᠾᠧᠩ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠬᠢᠵᠤ ᠪᠠᠶᠢᠭ᠎ᠠ ᠨᠢ ᠲᠠᠷᠤᠢ ᠰᠤᠷᠳᠠᠯ ᠤᠨ ᠲᠠᠶᠢᠯᠠᠯᠳᠤᠭᠠᠨ ᠬᠢᠵᠤ ᠪᠠᠶᠢᠭ᠎ᠠ ᠶᠠᠪᠤᠳᠠᠯ ᠮᠦᠨ᠃ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠢᠯᠠᠩᠭᠤᠶ᠎ᠠ ᠡᠯ᠎ᠠ ᠱᠠᠳᠤᠨ ᠤ ᠤᠳᠤᠷᠢᠳᠬᠤ ᠺᠠᠳ᠋ᠷ ᠬᠦᠯᠢᠴᠡᠩᠭᠦᠢ ᠪᠤᠰᠤ ᠰᠤᠷᠳᠠᠯ ᠢ ᠴᠢᠩᠭ᠎ᠠ ᠴᠡᠭᠡᠷᠯᠡᠵᠦ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠨᠡᠶᠢᠳᠡᠪᠦᠷᠢᠵᠢᠭᠤᠯᠤᠯᠳᠠ ᠶᠢ ᠪᠡᠶ᠎ᠠ ᠪᠠᠷ ᠢᠶᠠᠨ ᠠᠳᠬᠤᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠬᠢᠵᠤ᠂ ᠰᠡᠷᠬᠡᠶᠢᠯᠡᠭᠦ ᠪᠠ ᠵᠠᠰᠠᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠤᠨ ᠪᠦᠷᠢᠨᠰᠢᠭᠦᠯᠵᠤ᠂ ᠠᠳᠠᠯᠢᠬᠠᠨ ᠠᠯᠳᠠᠰᠢ ᠶᠢ ᠲᠠᠬᠢᠨ ᠭᠠᠷᠭᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ ︽ᠤᠨᠢᠨ ᠲᠡᠭᠡᠷ᠎ᠠ︾ ᠨᠢ ᠭᠡᠬᠦ ᠬᠤᠶᠠᠷ ᠦᠰᠦᠭ ᠢ ᠴᠢᠩᠭ᠎ᠠ ᠡᠵᠡᠮᠳᠡᠵᠤ᠂ ︽ᠬᠤᠸᠠᠷ ᠬᠠᠳᠬᠤᠬᠤ︾ ᠬᠦᠴᠦ ᠤᠷᠤᠭᠤᠯᠦᠨ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠬᠡᠷᠡᠭᠵᠢᠭᠦᠯᠭᠦ ᠶᠢ ᠰᠠᠶᠢᠳᠤᠷ ᠬᠢᠵᠤ᠂ ᠤᠨᠢᠨ ᠲᠡᠭᠡᠷ᠎ᠠ ᠨᠢ ᠲᠡᠳᠭᠦᠵᠤ᠂ ᠦᠨᠳᠦᠰᠦᠨ ᠠᠴᠠ ᠨᠢ ᠲᠡᠳᠭᠦᠭᠦ ᠶᠢ ᠪᠠᠳᠤᠯᠠᠬᠤ ᠬᠡᠷᠡᠭᠳᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠬᠯᠠᠬᠤ ᠶᠢ ᠦᠷᠭᠦᠯᠵᠢᠯᠡᠨ ᠪᠤᠭᠤᠮᠳᠠ ᠰᠢᠪᠳᠤᠯᠬᠤ ᠲᠠᠢ ᠠᠳᠠᠯᠢ ᠪᠠᠷ ᠴᠢᠬᠤᠯᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠭᠡᠯ ᠢ ᠦᠷᠭᠦᠯᠵᠢᠯᠡᠨ ᠪᠠᠬᠢᠵᠢᠭᠦᠯᠭᠦ ᠬᠡᠷᠡᠭᠳᠡᠢ᠃ ᠶᠠᠳᠠᠭᠤ ᠶᠢ ᠲᠡᠳᠭᠦᠭᠦ ᠦᠷᠭᠡᠨ ᠤᠯᠠᠨ ᠺᠠᠳ᠋ᠷ ᠢ ᠪᠤᠯᠪᠠᠰᠤᠷᠠᠭᠤᠯᠬᠤ ᠡᠭᠡᠯᠵᠢᠯᠡᠨ ᠪᠤᠯᠪᠠᠰᠤᠷᠠᠭᠤᠯᠬᠤ ᠠᠵᠢᠯ ᠢ ᠱᠠᠳᠤ ᠬᠤᠪᠢᠶᠠᠨ ᠰᠠᠶᠢᠳᠤᠷ ᠠᠳᠬᠤᠵᠤ᠂ ᠶᠠᠳᠠᠭᠤ ᠶᠢ ᠲᠡᠳᠭᠦᠭᠦ ᠬᠦᠷᠢᠶᠡᠨ ᠳᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠤᠨ ᠲᠤᠰᠬᠠᠢ ᠵᠠᠰᠠᠯᠳᠠ ᠶᠢ ᠬᠦᠨᠵᠡᠭᠡᠢ ᠦᠷᠨᠢᠭᠦᠯᠵᠤ᠂ ᠬᠢᠨᠠᠨ ᠰᠢᠯᠭᠠᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠦᠷᠭᠡᠨ ᠤᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠯ ᠢᠶᠠᠨ ᠠᠳᠠᠯᠢᠳᠬᠠᠬᠤ᠂ ᠠᠵᠢᠯ ᠤᠨ ᠴᠢᠳᠠᠪᠤᠷᠢ ᠪᠠᠨ ᠠᠳᠠᠯᠢᠳᠬᠠᠬᠤ᠂ ᠤᠶᠤᠨ ᠰᠠᠨᠠᠭᠠᠨ ᠤ ᠲᠦᠷᠰᠦ ᠪᠠᠶᠢᠳᠠᠯ ᠢᠶᠠᠨ ᠠᠳᠠᠯᠢᠳᠬᠠᠬᠤ᠂ ᠠᠵᠢᠯ ᠤᠨ ᠠᠮᠵᠢᠯᠳᠡ ᠪᠠᠨ ᠠᠳᠠᠯᠢᠳᠬᠠᠬᠤ ᠶᠢ ᠲᠠᠶᠢᠴᠢᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠯᠠᠪᠳᠠᠭᠤᠨ ᠪᠠᠳᠤᠳᠠᠢ ᠤᠷᠤᠬᠰᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠵᠡᠪᠰᠡᠭᠳᠤ ᠭᠥᠴᠤᠨ ᠤ ᠭᠡᠯᠳᠡᠰ ᠤᠨ ᠲᠠᠷᠤᠭ᠎ᠠ ᠯᠢᠶᠠᠩ ᠬᠤᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠵᠡᠪᠰᠡᠭᠳᠤ ᠭᠥᠴᠤᠨ ᠤ ᠭᠡᠯᠳᠡᠰ ᠤᠨ ᠤᠯᠤᠰ ᠲᠥᠷᠥ ᠶᠢᠨ ᠭᠡᠰᠢᠭᠦᠨ ᠵᠠᠩ ᠱᠤ᠋ ᠰᠢᠥᠸᠠᠨ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠸᠠᠩ ᠵᠢᠷᠭᠠᠯ᠂ ᠡᠾᠧ ᠤᠯᠠᠭᠠᠨ᠂ ᠭᠤᠤ ᠬᠤ᠋᠂ ᠵᠸᠤ ᠱᠤᠸᠠᠢ᠂ ᠪᠠᠶᠠᠨᠴᠡᠩᠬᠡᠯ᠂ ᠪᠠᠶᠠᠠᠴᠢᠮᠡᠭ᠂ ᠸᠠᠩ ᠭᠠᠩ᠂ ᠤᠶᠤᠨᠪᠢᠯᠢᠭ᠌᠂ ᠨᠡᠭᠡᠭᠡᠯᠳᠠ ᠶᠢᠨ ᠤᠷᠤᠨ ᠭᠥᠷᠢᠶᠠᠯᠠᠩ ᠲᠤᠭᠤᠷᠢᠭ ᠤᠨ ᠭᠤᠤᠯ ᠬᠠᠷᠢᠭᠤᠴᠠᠯᠭᠠᠳᠠᠨ᠂ ᠲᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠶᠢᠨ ᠲᠤᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠲᠠᠷᠤᠭ᠎ᠠ᠂ ᠨᠢᠭᠡᠳᠤᠭᠡᠷ ᠱᠥᠵᠢ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号