10 ᠰᠠᠷ᠎ᠠ ᠶᠢᠨ 29 ᠤ ᠡᠳᠦᠷ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ | ᠰᠤᠷᠤᠯᠴᠠᠨ ᠤᠯᠠᠮᠵᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ | ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ | ᠵᠤᠤ ᠶᠥᠩ ᠹᠧᠩ᠂ ᠬᠤᠰᠢᠭᠤ ᠲᠡᠳ᠋ ᠲᠠᠷᠤᠭ᠎ᠠ ᠡᠳ᠋ ᠤᠨ ᠵᠠᠰᠠᠭ ᠲᠤᠪᠴᠢᠶᠠᠨ ᠤ ᠲᠠᠷᠤᠭ᠎ᠠ ᠪᠡᠶᠠᠨᠴᠡᠩᠬᠡᠯ ᠪᠤᠯᠤᠨ | ᠬᠤᠰᠢᠭᠤ ᠲᠤᠭᠤᠷᠢᠨ ᠪᠠᠶᠢᠴᠠᠭᠠᠬᠤ ᠠᠯᠪᠠᠨ ᠭᠡᠷ᠂ ᠵᠤᠭᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠳᠡᠰ᠂ | ᠶᠠᠳᠠᠭᠤ ᠶᠢ ᠲᠠᠳᠭᠦᠭᠦ ᠠᠯᠪᠠᠨ ᠭᠡᠷ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠤᠯᠤᠨ | ᠡᠯ᠎ᠠ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | | | | | | | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠡᠯ᠎ᠠ ᠱᠠᠲᠤᠨ ᠤ ᠡᠯ᠎ᠠ ᠰᠠᠯᠠᠭ᠎ᠠ ᠮᠥᠴᠢᠷ ︽ᠲᠥᠷᠪᠡᠨ ᠦᠵᠡᠯ | ᠤᠬᠠᠮᠰᠠᠷ︾ ᠢᠶᠠᠨ ᠨᠡᠮᠡᠭᠳᠡᠭᠦᠯᠤᠨ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠡᠭᠦᠯᠵᠤ ᠬᠠᠷᠢᠭᠤᠴᠠᠯᠭ᠎ᠠ | ᠡᠭᠦᠷᠭᠡᠯᠡᠨ ᠬᠤᠳᠠ ᠶᠢᠨ ᠨᠠᠮ ᠤᠨ ᠬᠤᠷᠢᠶ᠎ᠠ ᠠᠴᠠ ᠲᠤᠷᠠᠳᠤᠭᠰᠠᠨ ᠠᠵᠢᠯ ᠤᠨ ᠱᠠᠭᠠᠷᠳᠠᠯᠭ᠎ᠠ ᠶᠤᠰᠤᠭᠠᠷ ᠠᠵᠢᠯ ᠤᠨ | ᠭᠤᠤᠯᠳᠠᠯᠭ᠎ᠠ ᠶᠢ ᠠᠳᠬᠤᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠵᠤ ᠲᠤᠳᠠᠭᠤᠳᠠᠯ ᠢᠶᠠᠨ ᠨᠥᠭᠦᠪᠤᠷᠢᠯᠠᠨ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠲᠥᠷᠥᠯ ᠤᠨ ᠠᠵᠢᠯ ᠢ ᠯᠠᠪᠳᠠᠭᠤᠨ ᠪᠠᠳᠤᠳᠠᠢ | ᠰᠠᠶᠢᠨ ᠭᠢᠭᠦ ᠭᠡᠷᠡᠭᠳᠠᠢ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠡᠯ᠎ᠠ ᠱᠠᠲᠤᠨ ᠤ ᠡᠯ᠎ᠠ ᠰᠠᠯᠠᠭ᠎ᠠ ᠮᠥᠴᠢᠷ ᠡᠯ᠎ᠠ ᠲᠥᠷᠥᠯ ᠤᠨ ᠠᠵᠢᠯ | ᠢ ᠨᠢᠭᠡᠳᠤᠯᠳᠠᠢ ᠲᠦᠯᠦᠪᠵᠢᠬᠦᠯᠦᠨ ᠠᠭᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠤᠨ ᠪᠤᠳᠠᠳᠤ ᠥᠷ᠎ᠠ ᠪᠥᠳᠥᠮᠵᠢ ᠤᠯᠬᠤ ᠶᠢ ᠪᠠᠳᠤᠯᠠᠬᠤ ᠭᠡᠷᠡᠭᠳᠠᠢ᠃ ᠬᠠᠷᠢᠭᠤ ᠲᠤᠰᠬᠠᠭᠰᠠᠨ ᠰᠠᠨᠠᠯ ᠶᠤᠰᠤᠭᠠᠷ | ᠲᠠᠭᠢᠨ ᠬᠠᠷᠭᠤᠭᠤᠯᠤᠨ ᠪᠠᠶᠢᠴᠠᠭᠠᠵᠤ ᠭᠡᠷ ᠪᠥᠯᠢ ᠶᠢᠨ ᠪᠠᠶᠢᠳᠠᠯ᠂ ᠤᠷᠤᠯᠭ᠎ᠠ ᠶᠢᠨ ᠢᠷᠠᠯᠳᠠ᠂ ᠲᠠᠳᠭᠦᠨ ᠲᠠᠮᠵᠢᠭᠦ | ᠠᠷᠭ᠎ᠠ ᠭᠡᠮᠵᠢᠶ᠎ᠠ ᠵᠡᠷᠭᠡ ᠶᠢᠨ ᠮᠡᠳᠡᠭᠡ ᠵᠠᠩᠭᠢ ᠲᠤᠭ᠎ᠠ ᠪᠠᠷᠢᠮᠳᠠ ᠶᠢᠨ ᠤᠨᠤᠪᠴᠢᠳᠠᠢ ᠪᠠᠶᠢᠬᠤ ᠶᠢ ᠪᠠᠳᠤᠯᠠᠨ᠂ ᠤᠯᠠᠨ | ᠲᠥᠮᠡᠨ ᠢ ᠬᠠᠪᠰᠤᠷᠤᠨ ᠤᠷᠤᠯᠭ᠎ᠠ ᠶᠢᠨ ᠲᠠᠩᠰᠠ ᠶᠢ ᠪᠤᠳᠤᠵᠤ ᠥᠭᠭᠦ ᠭᠡᠷᠡᠭᠳᠠᠢ᠃ ᠡᠷᠤᠭᠡ ᠳᠤ ᠬᠦᠷᠴᠦ | ᠪᠠᠶᠢᠴᠠᠭᠠᠯᠳᠠ ᠭᠢᠵᠤ᠂ ᠭᠥᠷᠤᠯᠴᠠᠭᠦᠢ ᠲᠠᠯ᠎ᠠ ᠪᠠᠨ ᠴᠠᠭ ᠲᠠᠷᠤᠢ ᠳᠤ ᠨᠢ ᠨᠥᠭᠦᠪᠤᠷᠢᠯᠠᠨ ︽ᠲᠥᠷᠪᠡᠨ | ᠨᠠᠶᠢᠳᠠᠪᠤᠷᠢᠵᠢᠭᠤᠯᠤᠯᠳᠠ︾ ᠶᠢ ᠪᠠᠳᠤᠯᠬᠠᠤ ᠭᠡᠷᠡᠭᠳᠠᠢ᠃ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠤᠷᠭᠠᠨ | ᠭᠥᠮᠤᠵᠢᠯ᠂ ᠡᠮ ᠡᠮᠨᠡᠯᠭᠡ᠂ ᠤᠷᠤᠨ ᠰᠠᠭᠤᠴᠠ᠂ ᠠᠵᠤ ᠥᠢᠯᠡᠰ ᠵᠡᠷᠭᠡ ᠶᠢᠨ ᠠᠷᠠᠳ ᠢ ᠬᠠᠷᠠᠭᠠᠯᠵᠠᠬᠤ ᠲᠥᠷᠥ ᠶᠢᠨ | ᠪᠤᠳᠤᠯᠭ᠎ᠠ ᠶᠢ ᠭᠡᠷᠡᠭᠵᠢᠭᠦᠯᠵᠤ ᠡᠯ᠎ᠠ ᠲᠥᠷᠥᠯ ᠤᠨ ᠠᠷᠠᠳ ᠢ ᠬᠠᠷᠠᠭᠠᠯᠵᠠᠬᠤ ᠲᠥᠷᠥ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠨᠠᠷᠢᠨ ᠬᠢᠨᠠᠮᠠᠭᠠᠢ ᠬᠠᠷᠭᠤᠭᠤᠯᠤᠨ ᠪᠠᠶᠢᠴᠠᠭᠠᠵᠤ ᠨᠢᠭᠡ ᠡᠷᠤᠭᠡ ᠨᠢᠭᠡ ᠭᠥᠮᠤᠨ ᠢ | ᠥᠯᠡᠳᠡᠭᠡᠯ ᠥᠭᠡᠢ ᠪᠠᠶᠢᠬᠤ ᠶᠢ ᠪᠠᠳᠤᠯᠠᠬᠤ ᠭᠡᠷᠡᠭᠳᠠᠢ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠭᠴᠡᠯᠠᠨ | ᠵᠠᠰᠠᠬᠤ ᠠᠵᠢᠯ ᠢ ᠰᠠᠶᠢᠨ ᠭᠢᠵᠤ ᠭᠠᠴᠠᠭ᠎ᠠ ᠲᠤᠰᠬᠤᠨ᠂ ᠵᠠᠰᠠᠮᠠᠯ ᠵᠠᠮ ᠲᠠᠭᠠᠤ᠂ ᠭᠡᠷ ᠤᠨ ᠤᠷᠴᠢᠨ ᠲᠤᠭᠤᠷᠢᠨ ᠢ | ᠴᠡᠪᠡᠷᠯᠡᠵᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠪᠡᠷ ᠴᠡᠮᠴᠡᠭᠡᠷ ᠪᠠᠶᠢᠬᠤ ᠶᠢ ᠪᠠᠳᠤᠯᠠᠨ ᠭᠥᠮᠤᠨ ᠤ | ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠭᠡᠷᠡᠭᠳᠠᠢ᠃ ᠤᠯᠠᠨ ᠲᠥᠮᠡᠨ ᠤ ᠭᠥᠷᠢᠶᠠᠯᠠᠯ ᠢ | ᠨᠡᠮᠡᠭᠳᠡᠭᠦᠯᠤᠨ ᠲᠠᠳᠭᠦᠨ ᠲᠠᠮᠵᠢᠭᠦ ᠺᠠᠳ᠋ᠷᠴᠤᠳ ᠵᠥᠪ ᠲᠠᠯ᠎ᠠ ᠶᠢᠨ ᠵᠢᠯᠤᠭᠤᠳᠤᠯᠭ᠎ᠠ ᠶᠢ ᠰᠠᠶᠢᠨ ᠭᠢᠵᠤ ᠤᠯᠠᠨ ᠲᠥᠮᠡᠨ | ᠤ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠨ ᠤᠯᠠᠨ ᠲᠥᠮᠡᠨ ᠢ ᠬᠠᠪᠰᠤᠷᠤᠨ | ᠥᠢᠯᠡᠳᠪᠤᠷᠢᠯᠠᠯ ᠠᠮᠢᠳᠤᠷᠠᠯ ᠤᠨ ᠲᠤᠮᠳᠠᠭᠢ ᠭᠥᠴᠢᠷᠳᠠᠯ ᠢ ᠰᠶᠢᠳᠪᠤᠷᠢᠯᠠᠵᠤ ᠺᠠᠳ᠋ᠷᠴᠤᠳ ᠤᠨ ᠪᠤᠯᠪᠠᠰᠤᠷᠠᠯ ᠢ | ᠭᠢᠨᠠᠮᠠᠭᠠᠢ ᠥᠷᠨᠢᠭᠦᠯᠤᠨ ᠬᠤᠯᠪᠤᠭᠳᠠᠯ ᠪᠥᠭᠦᠢ ᠮᠠᠲ᠋ᠧᠷᠢᠶᠠᠯ ᠢ ᠲᠥᠷᠢᠮᠵᠢᠭᠦᠯᠤᠨ ᠲᠢᠭᠯᠡᠭᠦ ᠠᠵᠢᠯ ᠢ ᠪᠥᠭᠦ ᠭᠥᠴᠤᠨ | ᠢᠶᠠᠷ ᠢᠶᠠᠨ ᠰᠠᠶᠢᠨ ᠭᠢᠭᠦ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠪᠥᠭᠦ ᠬᠤᠰᠢᠭᠤ ᠪᠠᠷ ᠢᠶᠠᠨ ᠶᠠᠳᠠᠭᠤ ᠠᠴᠠ ᠠᠩᠭᠢᠵᠢᠷᠠᠬᠤ | ᠢᠳᠡᠭᠡᠯ ᠵᠤᠷᠢᠭ ᠢᠶᠠᠨ ᠪᠠᠳᠤᠳᠬᠠᠨ ᠰᠠᠳᠭᠢᠯ ᠢᠶᠠᠨ ᠨᠢᠭᠡᠳᠬᠡᠨ ᠭᠥᠴᠤᠨ ᠢᠶᠠᠨ ᠬᠠᠮᠳᠤᠳᠬᠠᠵᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠨᠠᠷᠢᠯᠢᠭ ᠪᠤᠳᠠᠳᠠᠢ ᠭᠢᠵᠤ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ ᠭᠡᠵᠡᠢ᠃ |