10 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ | ᠦᠮᠴᠢᠯᠡᠯ ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢᠨ ᠠᠵᠢᠯ ᠢ ᠪᠠᠶᠢᠷᠢᠯᠠᠭᠤᠯᠬᠤ ᠳᠠᠶᠢᠴᠢᠯᠠᠯᠲᠠ ᠶᠢᠨ | ᠬᠤᠷᠠᠯ ᠢ ᠬᠤᠷᠠᠯᠳᠤᠭᠤᠯᠪᠠ᠃ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ ᠬᠤᠰᠢᠭᠤ ᠬᠠᠮᠢᠶ᠎ᠠ ᠪᠦᠬᠦᠢ ᠰᠢᠭᠤᠳ | ᠬᠠᠷᠢᠶ᠎ᠠ ᠪᠠᠶᠢᠭᠤᠯᠭ᠎ᠠ ᠨᠢᠭᠡᠴᠢ᠂ ᠡᠯ᠎ᠡ ᠰᠣᠮᠣ ᠪᠠᠯᠭᠠᠰᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ᠂ ᠳᠣᠬᠠᠶᠢᠯᠠᠭᠰᠠᠨ | ᠠᠵᠢᠯᠳᠠᠨ ᠪᠠ ᠡᠯ᠎ᠡ ᠭᠠᠴᠠᠭ᠎ᠠ ᠳᠣᠰᠬᠤᠨ ᠤ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ | ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ | ᠶᠢᠨ ᠠᠵᠢᠯ ᠢ ᠰᠠᠶᠢᠳᠣᠷ ᠬᠢᠬᠦ ᠳᠣᠬᠠᠢ ᠪᠠᠶᠠᠨᠴᠡᠩᠬᠡᠯ ᠱᠠᠭᠠᠷᠳᠠᠬᠤ ᠳᠤ ᠪᠠᠨ᠂ ᠮᠠᠯᠵᠢᠬᠤ ᠳᠠᠷᠢᠶᠠᠯᠠᠬᠤ ᠣᠷᠣᠨ ᠤ | ᠬᠠᠮᠲᠣ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢᠨ ᠠᠵᠢᠯ ᠤᠨ ᠴᠢᠬᠤᠯᠠ ᠠᠴᠢ | ᠬᠤᠯᠪᠣᠭᠳᠠᠯ ᠢ ᠬᠦᠢᠴᠡᠳ ᠳᠠᠨᠢᠵᠣ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠦᠵᠡᠯ ᠰᠠᠨᠠᠭ᠎ᠠ ᠦᠢᠯᠡ ᠠᠵᠢᠯᠯᠠᠭ᠎ᠠ | ᠪᠠᠨ ᠣᠬᠠᠮᠰᠠᠷ ᠠᠴᠠ ᠪᠠᠨ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠪᠠᠶᠢᠯᠳᠣᠬᠤ ᠪᠣᠳᠣᠯᠭ᠎ᠠ ᠪᠠ ᠪᠠᠶᠢᠷᠢᠯᠠᠭᠤᠯᠣᠯᠲᠠ ᠲᠠᠢ ᠨᠢᠭᠡᠳᠬᠡᠵᠦ ᠮᠠᠯᠵᠢᠬᠤ ᠳᠠᠷᠢᠶᠠᠯᠠᠬᠤ ᠣᠷᠣᠨ ᠤ | ᠬᠠᠮᠲᠣ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢᠨ ᠡᠯ᠎ᠡ ᠠᠵᠢᠯ ᠢ ᠦᠨᠡᠨᠬᠦ ᠰᠠᠶᠢᠨ ᠬᠢᠬᠦ | ᠬᠡᠷᠡᠭᠲᠡᠢ᠃ ᠡᠯ᠎ᠡ ᠰᠣᠮᠣ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠬᠢᠨ ᠠᠵᠢᠯ ᠤᠨ ᠱᠠᠭᠠᠷᠳᠠᠯᠭ᠎ᠠ ᠶᠣᠰᠣᠭᠠᠷ | ᠨᠠᠷᠢᠯᠢᠭ ᠵᠣᠬᠢᠶᠠᠨ ᠪᠠᠶᠢᠭᠤᠯᠵᠣ ᠨᠢᠮᠪᠠᠢ ᠪᠠᠶᠢᠷᠢᠯᠠᠭᠤᠯᠣᠨ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ ᠦᠮᠴᠢᠯᠡᠯ | ᠤᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠡᠯ᠎ᠡ | ᠰᠣᠮᠣ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ | ᠪᠠᠶᠢᠷᠢᠯᠠᠭᠤᠯᠣᠯᠲᠠ ᠶᠣᠰᠣᠭᠠᠷ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ ᠦᠮᠴᠢᠯᠡᠯ ᠤᠨ ᠡᠷᠬᠡ ᠶᠢᠨ ᠳᠦᠷᠢᠮ | ᠤᠨ ᠦᠬᠡᠷᠡᠴᠢᠯᠡᠯᠳᠡ ᠶᠢᠨ ᠵᠣᠬᠢᠶᠠᠨ ᠪᠠᠶᠢᠭᠤᠯᠬᠤ ᠣᠳᠣᠷᠢᠳᠣᠯᠭ᠎ᠠ ᠪᠠᠨ ᠴᠢᠩᠭᠠᠳᠬᠠᠵᠣ ᠬᠦᠴᠦᠨ ᠢᠶᠠᠨ | ᠬᠠᠮᠲᠤᠳᠬᠠᠨ ᠪᠣᠭᠤᠮᠳᠠ ᠰᠢᠪᠳᠣᠯᠬᠤ ᠠᠵᠢᠯ ᠢ ᠰᠠᠶᠢᠲᠤᠷ ᠬᠢᠬᠦ ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠮᠠᠯᠵᠢᠬᠤ ᠳᠠᠷᠢᠶᠠᠯᠠᠬᠤ ᠣᠷᠣᠨ ᠤ ᠬᠠᠮᠲᠣ ᠶᠢᠨ ᠦᠮᠴᠢᠯᠡᠯ ᠤᠨ | ᠡᠷᠬᠡ ᠶᠢᠨ ᠳᠦᠷᠢᠮ ᠤᠨ ᠦᠬᠡᠷᠡᠴᠢᠯᠡᠯᠳᠡ ᠪᠣᠯ ᠦᠷᠭᠡᠨ ᠣᠯᠠᠨ ᠮᠠᠯᠴᠢᠨ ᠲᠠᠷᠢᠶᠠᠴᠢᠨ ᠤ ᠠᠰᠢᠭ ᠳᠣᠰᠠ᠂ | ᠮᠠᠯᠵᠢᠬᠤ ᠳᠠᠷᠢᠶᠠᠯᠠᠬᠤ ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠲᠡ ᠪᠠ ᠨᠡᠶᠢᠬᠡᠮ ᠤᠨ ᠠᠮᠣᠷ ᠳᠣᠭᠳᠠᠭᠤᠨ | ᠲᠠᠢ ᠬᠤᠯᠪᠣᠭᠳᠠᠬᠤ ᠴᠢᠬᠤᠯᠠ ᠠᠵᠢᠯ ᠮᠦᠨ᠃ ᠡᠶᠢᠮᠦ ᠠᠴᠠ ᠵᠠᠪᠠᠯ ᠠᠵᠢᠯ ᠢᠶᠠᠨ ᠪᠠᠲᠤᠳᠬᠠᠨ ᠬᠦᠴᠢᠷ ᠪᠡᠷᠬᠡ ᠶᠢ | ᠢᠯᠠᠨ ᠳᠠᠪᠠᠵᠣ ᠵᠣᠷᠢᠭᠳᠠᠢ ᠪᠠᠷ ᠬᠠᠶᠢᠨ ᠰᠦᠪᠡᠭᠴᠢᠯᠡᠨ ᠡᠷᠡᠯᠭᠡᠭᠯᠡᠨ ᠳᠡᠮᠡᠴᠡᠵᠦ ᠮᠠᠯᠵᠢᠬᠤ ᠳᠠᠷᠢᠶᠠᠯᠠᠬᠤ ᠣᠷᠣᠨ ᠤ | ᠠᠵᠣ ᠠᠬᠤᠢ ᠶᠢᠨ ᠬᠦᠭᠵᠢᠯᠲᠡ ᠶᠢ ᠠᠬᠢᠭᠤᠯᠤᠨ ᠨᠣᠮᠢᠨ ᠳᠠᠩᠰᠤᠭ ᠦᠦᠰᠢᠨ ᠤ ᠰᠢᠨ᠎ᠡ ᠴᠠᠭ ᠦᠶ᠎ᠡ ᠳᠠᠬᠢ ︽ | ᠨᠤᠮᠢᠨ ᠲᠠᠩᠰᠤᠭ ᠬᠦᠭᠵᠢᠨ ᠮᠠᠨᠳᠤᠯᠲᠠ︾ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠪᠡ᠃ | ᠬᠤᠷᠠᠯ ᠤᠨ ᠳᠠᠷᠠᠭ᠎ᠠ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠬᠢᠭᠰᠡᠨ ᠪᠠᠶᠢᠨ᠎ᠠ᠃ | |