ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠦᠪ ᠤᠨ ᠫᠠᠶᠢᠰᠠ ᠰᠡᠬᠦᠬᠦ ᠵᠢᠴᠢ ︽ᠣᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠠᠷᠠᠳ ᠲᠦᠮᠡᠨ ᠤ ᠲᠤᠮᠳᠠ ᠪᠠᠳᠠᠷᠠᠭᠤᠯᠤᠶ᠎ᠠ︾ ᠰᠡᠳᠣᠪᠲᠤ ᠦᠨᠳᠦᠰᠦᠨ ᠱᠠᠳᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠳᠡ  ᠶᠢᠨ ᠶᠤᠰᠤᠯᠠᠯ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2018-11-02
    10 ᠰᠠᠷ᠎ᠠ ᠶᠢᠨ 29 ᠤ ᠡᠳᠦᠷ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠦᠪ ᠤᠨ ᠫᠠᠶᠢᠰᠠ ᠰᠡᠬᠦᠬᠦ ᠵᠢᠴᠢ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠠᠷᠠᠳ ᠲᠦᠮᠡᠨ ᠤ ᠲᠤᠮᠳᠠ ᠪᠠᠳᠠᠷᠠᠭᠤᠯᠤᠶ᠎ᠠ︾ ᠰᠡᠳᠣᠪᠲᠤ  ᠦᠨᠳᠦᠰᠦᠨ ᠱᠠᠳᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠭᠠᠯᠠᠭᠤᠲᠤ ᠪᠠᠯᠭᠠᠰᠤᠨ ᠤ ᠬᠤᠷᠠᠬᠤ ᠨᠡᠶᠢᠬᠡᠮ ᠲᠤᠭᠤᠷᠢᠭ ᠲᠤ ᠡᠬᠢᠯᠡᠵᠦ ᠪᠦᠬᠦ ᠬᠤᠲᠠ ᠶᠢᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠤᠷᠰᠢᠯᠳᠠ ᠶᠢᠨ ᠴᠡᠭ ᠤᠨ ᠠᠵᠢᠯ ᠮᠠᠨ ᠤ ᠬᠤᠰᠢᠭᠤᠨ ᠳᠤ ᠡᠬᠢᠯᠡᠵᠦ ᠶᠠᠪᠤᠭᠳᠠᠪᠠ᠃
   
    ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠤᠬᠠᠭᠤᠯᠬᠤ ᠬᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠳᠡᠳ᠋ ᠳᠠᠷᠤᠭ᠎ᠠ ᠪᠠᠶᠠᠠᠴᠢᠮᠡᠭ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠰᠢᠷᠬᠤᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠭᠠᠩ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠲᠡᠷᠢᠬᠦᠯᠡᠭᠴᠢ ᠤᠶᠤᠨᠪᠢᠯᠢᠭ᠌ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠠᠵᠢᠯᠯᠠᠭ᠎ᠠ ᠳᠤ ᠦᠤᠰᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠦᠪ ᠤᠨ ᠫᠠᠶᠢᠰᠠ ᠶᠢ ᠰᠡᠬᠦᠵᠦ ᠦᠤᠰᠢᠨ ᠬᠤᠰᠢᠭᠤᠨ ᠤ ᠰᠢᠨ᠎ᠡ ᠴᠠᠭ ᠦᠶ᠎ᠡ  ᠶᠢᠨ ᠪᠤᠯᠪᠠᠰᠤᠨ ᠢ ᠦᠢᠯᠡᠳᠦᠯᠬᠡᠵᠢᠬᠦᠯᠬᠦ ᠨᠡᠬᠦᠳᠡᠯ ᠦᠢᠯᠡᠴᠢᠯᠡᠬᠡᠨ ᠤ ᠠᠩᠬᠢ ᠬᠢᠬᠡᠳ ᠲᠠᠯ᠎ᠠ ᠨᠤᠳᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠩᠬᠡᠨ ᠮᠤᠷᠢᠲᠤ ᠴᠡᠷᠢᠭ ᠤᠨ ᠠᠩᠬᠢ ᠳᠤ ᠲᠤᠭ ᠬᠦᠷᠭᠡᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠭᠠᠵᠠᠷ᠂ ᠦᠢᠯᠡᠳᠦᠯᠬᠡᠵᠢᠬᠦᠯᠬᠦ ᠦᠷᠳᠡᠭᠡ ᠳᠤ ᠫᠠᠶᠢᠰᠠ ᠤᠯᠭᠤᠪᠠ᠃
   
    ᠹᠧᠩ ᡁᠢ ᠮᠢᠩ ᠶᠠᠷᠢᠶᠠᠨ ᠳᠤ ᠪᠠᠨ ᠵᠢᠭᠠᠵᠤ ᠭᠠᠷᠭᠠᠬᠤ ᠳᠤ ᠪᠠᠨ᠂ ︽ᠤᠯᠠᠭᠠᠠᠮᠦ᠋ᠴᠢᠷ ᠤᠨ ᠵᠤᠷᠢᠭ ᠰᠠᠨᠠᠭ᠎ᠠ  ᠶᠢ ᠠᠷᠠᠳ ᠲᠦᠮᠡᠨ ᠤ ᠲᠤᠮᠳᠠ ᠪᠠᠳᠠᠷᠠᠭᠤᠯᠤᠶ᠎ᠠ︾ ᠰᠡᠳᠣᠪᠲᠤ ᠦᠨᠳᠦᠰᠦᠨ ᠱᠠᠳᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠵᠦ ᠪᠠᠶᠢᠬᠤ ᠨᠢ ᠲᠠᠷᠤᠢ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠦᠪ ᠤᠨ ᠠᠵᠢᠯ ᠤᠨ ᠰᠢᠯᠢᠳᠡᠭ ᠠᠷᠭ᠎ᠠ ᠪᠠᠷᠢᠯ ᠤᠨ ᠨᠢᠬᠡ ᠪᠤᠯᠤᠨ᠎ᠠ᠃ ᠤᠯᠠᠭᠠᠠᠮᠦ᠋ᠴᠢᠷ ᠤᠨ ᠵᠤᠷᠢᠭ ᠰᠠᠨᠠᠭ᠎ᠠ ᠪᠠᠷ ᠲᠠᠮᠵᠢᠭᠤᠯᠤᠨ ᠤᠷᠠᠨ ᠰᠠᠶᠢᠬᠠᠨ ᠤ ᠲᠤᠭᠯᠠᠯᠳᠠ᠂ ᠰᠤᠶᠤᠯ ᠤᠨ ᠵᠢᠭᠠᠨ ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠡᠮ ᠡᠮᠨᠡᠯᠭᠡ᠂ ᠡᠷᠡᠬᠦᠯ ᠬᠠᠮᠠᠭᠠᠯᠠᠯ᠂ ᠮᠡᠷᠭᠡᠵᠢᠯ ᠤᠨ ᠪᠤᠯᠪᠠᠰᠤᠷᠠᠯ᠂ ᠬᠠᠤᠯᠢ ᠶᠢᠨ ᠲᠡᠮᠵᠢᠯᠭᠡ ᠵᠡᠷᠭᠡ ᠦᠢᠯᠡᠴᠢᠯᠡᠬᠡᠨ ᠤ ᠲᠦᠷᠦᠯ ᠢ ᠨᠢᠬᠡᠳᠬᠡᠵᠦ ᠲᠠᠯ᠎ᠠ ᠨᠤᠳᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠩᠬᠡᠨ ᠮᠤᠷᠢᠲᠤ ᠴᠡᠷᠢᠭ ᠤᠨ ᠡᠩᠨᠡᠭᠡ ᠶᠢ ᠪᠠᠶᠢᠭᠤᠯᠤᠨ ᠨᠠᠮ ᠤᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠦᠨᠳᠦᠰᠦᠨ ᠱᠠᠳᠤᠨ ᠳᠤ ᠲᠤᠭᠤᠰᠢᠯᠠᠭᠤᠯᠥᠨ ᠬᠦᠴᠦᠷᠭᠡᠭᠵᠢᠬᠦᠯᠵᠦ ᠮᠠᠯᠴᠢᠨ ᠲᠠᠷᠢᠶᠠᠴᠢᠳ  ᠤᠨ ᠤᠶᠤᠨ ᠰᠠᠨᠠᠭᠠᠨ ᠤ ᠠᠮᠢᠳᠤᠷᠠᠯ ᠤᠨ ᠱᠠᠭᠠᠷᠳᠠᠯᠭ᠎ᠠ ᠶᠢ ᠲᠠᠰᠤᠷᠠᠯᠳᠠ ᠦᠬᠡᠢ ᠬᠠᠩᠭᠠᠬᠤ ᠬᠡᠷᠡᠭᠲᠠᠢ ᠬᠡᠵᠡᠢ᠃
   
    ᠹᠧᠩ ᡁᠢ ᠮᠢᠩ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠡᠷᠬᠡᠪᠰᠢ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠲᠦᠪ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠤ ᠲᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ ᠪᠦᠬᠦ ᠤᠯᠤᠰ ᠤᠨ ᠪᠤᠯᠪᠠᠰᠤᠨ ᠬᠤᠲᠠ  ᠶᠢ ᠡᠬᠦᠳᠦᠨ ᠪᠠᠶᠢᠭᠤᠯᠬᠤ ᠠᠵᠢᠯ ᠲᠠᠢ ᠨᠢᠭᠳᠠ ᠤᠶᠠᠯᠳᠤᠭᠤᠯᠵᠦ ᠦᠨᠳᠦᠰᠦᠨ ᠱᠠᠳᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠴᠢᠩᠭ᠎ᠠ ᠠᠳᠬᠤᠨ ᠪᠤᠳᠠᠲᠠᠢ ᠠᠷᠭ᠎ᠠ ᠪᠠᠷᠢᠯ ᠢᠶᠠᠨ ᠪᠤᠯᠭᠠᠵᠤ ᠡᠬᠦᠷᠭᠡ ᠲᠤᠰᠢᠶᠠᠯᠲᠤ ᠰᠡᠳᠬᠢᠯᠬᠡ᠂ ᠪᠠᠴᠢᠮ ᠲᠤᠯᠭᠠᠮ᠎ᠠ ᠰᠡᠳᠬᠢᠯᠬᠡ ᠪᠠᠨ ᠲᠠᠰᠤᠷᠠᠯᠳᠠ ᠦᠬᠡᠢ ᠨᠡᠮᠡᠭᠳᠡᠬᠦᠯᠦᠨ ᠤᠯᠠᠨ ᠲᠦᠮᠡᠨ  ᠤ ᠲᠤᠮᠳᠠ ᠬᠦᠨᠵᠡᠭᠡᠶᠢᠷᠡᠵᠦ ᠠᠷᠠᠳ ᠤᠨ ᠠᠮᠢᠳᠤᠷᠠᠯ ᠲᠠᠢ ᠤᠶᠢᠷᠠᠳᠤᠨ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠳᠠ ᠦᠬᠡᠢ ᠥᠭᠡᠷᠡᠴᠢᠯᠡᠵᠦ ᠠᠭᠤᠯᠭ᠎ᠠ ᠪᠠᠨ ᠪᠠᠶᠠᠯᠢᠭᠵᠢᠭᠤᠯᠤᠨ ᠦᠪᠡᠷ ᠤᠨ ᠰᠡᠳᠬᠢᠯ ᠤᠨ ᠤᠭ ᠠᠴᠠ ᠪᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠠᠢ ᠬᠡᠵᠡᠢ᠃ ᠦᠨᠳᠦᠰᠦᠨ ᠱᠠᠳᠤᠨ ᠤ ᠤᠨᠤᠯ ᠤᠨ ᠵᠡᠪᠰᠡᠭ ᠢᠶᠠᠨ ᠴᠢᠩᠭᠠᠳᠬᠠᠵᠤ ᠮᠠᠯᠵᠢᠬᠤ ᠲᠠᠷᠢᠶᠠᠯᠠᠬᠤ ᠤᠷᠤᠨ ᠨᠡᠶᠢᠬᠡᠮ ᠲᠤᠭᠤᠷᠢᠭ ᠰᠠᠭᠤᠭᠠᠯᠢ ᠠᠷᠠᠳ ᠤᠨ ᠤᠶᠤᠨ ᠤ ᠪᠤᠯᠪᠠᠰᠤᠨ  ᠤ ᠪᠠᠶᠢᠭᠤᠯᠤᠯᠳᠠ ᠬᠢᠬᠡᠳ ᠦᠨᠳᠦᠰᠦᠨ ᠱᠠᠳᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠢᠷᠢ ᠲᠦᠪᠰᠢᠨ  ᠢᠶᠠᠨ ᠳᠡᠭᠡᠭᠰᠢᠯᠡᠬᠦᠯᠥᠨ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ ᠶᠢᠨ  ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ᠂ ᠤᠶᠤᠨ ᠰᠠᠨᠠᠭᠠᠨ ᠤ ᠬᠦᠴᠦᠨ ᠂ ᠶᠤᠰᠤ ᠰᠤᠷᠳᠠᠬᠤᠨ ᠤ ᠰᠢᠮ᠎ᠡ ᠬᠠᠩᠭᠠᠬᠤ ᠬᠡᠷᠡᠭᠲᠠᠢ ᠬᠡᠵᠡᠢ᠃
   
   
    ᠡᠬᠢᠯᠡᠯᠳᠡ ᠶᠢᠨ ᠶᠤᠰᠤᠯᠠᠯ ᠤᠨ ᠲᠠᠷᠠᠭ᠎ᠠ ᠡᠷᠳᠡᠨᠢᠪᠢᠯᠢᠭ ᠨᠠᠷ ᠬᠤᠷᠠᠬᠤ ᠨᠡᠶᠢᠬᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠦᠷᠳᠡᠭᠡᠨ ᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ᠂ ᠤᠷᠤᠰᠢᠵᠤ ᠪᠠᠶᠢᠭ᠎ᠠ ᠬᠦᠴᠢᠷᠳᠡᠯ ᠢ ᠨᠠᠷᠢᠨ ᠤᠶᠢᠯᠠᠭᠠᠬᠤ ᠶᠢᠨ ᠬᠠᠮᠲᠤ ᠠᠵᠢᠯ ᠤᠨ ᠬᠠᠷᠠᠯᠳᠠ ᠱᠠᠭᠠᠷᠳᠠᠯᠭ᠎ᠠ ᠲᠤᠷᠠᠳᠪᠠ᠃ ᠬᠤᠰᠢᠭᠤ ᠤᠶᠤᠨ ᠤ ᠪᠤᠯᠪᠠᠰᠤᠨ ᠤ ᠠᠯᠪᠠᠨ ᠭᠡᠷ᠂ ᠰᠤᠶᠤᠯ ᠤᠨ ᠲᠤᠪᠴᠢᠶ᠎ᠠ᠂ ᠬᠠᠤᠯᠢ ᠴᠠᠭᠠᠵᠠ  ᠶᠢᠨ ᠲᠤᠪᠴᠢᠶ᠎ᠠ᠂ ᠰᠢᠨᠵᠢᠯᠡᠭᠡ ᠮᠡᠷᠭᠡᠵᠢᠯ ᠤᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠢ ᠤᠯᠠᠨ ᠲᠦᠷᠦᠯ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠦ ᠠᠷᠠᠳ ᠤᠨ ᠤᠷᠠᠯᠢᠭᠴᠢᠳ᠂ ᠤᠯᠠᠭᠠᠠᠮᠦ᠋ᠴᠢᠷ ᠤᠨ ᠬᠢᠨ ᠨᠡᠶᠢᠬᠡᠮ ᠲᠤᠭᠤᠷᠢᠭ ᠤᠨ ᠤᠯᠠᠨ ᠲᠦᠮᠡᠨ ᠳᠤ ᠤᠷᠠᠨ ᠰᠠᠶᠢᠬᠠᠨ ᠤ ᠲᠤᠭᠯᠠᠯᠳᠠ ᠭᠠᠷᠭᠠᠪᠠ᠃
   
   
   
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号