ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠤᠨ ︽ᠪᠤᠳᠠᠷ ᠴᠢᠯᠠᠭᠤᠨ ᠤ ᠪᠤᠭᠤᠷᠤᠯ ᠲᠤᠮᠤᠭ︾ ᠮᠤᠩᠭᠤᠯ ᠵᠦᠴᠦᠬᠡ ᠶᠢᠨ ᠲᠤᠭᠤᠷᠢᠨ ᠲᠤᠭᠯᠠᠯᠳᠠ ᠬᠢᠬᠦ ᠠᠵᠢᠯᠯᠠᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2018-11-02
      ᠤᠶᠢᠷ᠎ᠠ ᠶᠢᠨ ᠡᠳᠦᠷ᠂ ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠤᠨ ᠡᠬᠦᠳᠦᠭᠰᠡᠨ 2018 ᠤᠨ  ᠤ ᠲᠦᠷᠦ ᠶᠢᠨ ᠤᠷᠠᠯᠢᠭ ᠤᠨ ᠰᠠᠭᠤᠷᠢ ᠮᠦᠩᠭᠦᠨ ᠤ ᠢᠪᠡᠭᠡᠨ ᠳᠡᠳᠬᠦᠬᠦ ᠲᠦᠷᠦᠯ ᠵᠦᠢᠯ ᠤᠨ ᠮᠤᠩᠭᠤᠯ ᠵᠦᠴᠦᠬᠡ ︽ᠪᠤᠳᠠᠷ ᠴᠢᠯᠠᠭᠤᠨ ᠤ ᠪᠤᠭᠤᠷᠤᠯ ᠲᠤᠮᠤᠭ︾ ᠲᠤᠭᠤᠷᠢᠨ ᠲᠤᠭᠯᠠᠯᠳᠠ ᠬᠢᠬᠦ ᠠᠵᠢᠯᠯᠠᠭᠠᠨ ᠮᠠᠨ ᠤ ᠬᠤᠰᠢᠭᠤᠨ ᠤ ᠰᠤᠶᠤᠯ ᠤᠨ ᠤᠷᠳᠤᠨ ᠳᠤ ᠶᠠᠪᠤᠭᠳᠠᠵᠤ᠂ ᠬᠤᠰᠢᠭᠤ ᠤᠳᠤᠷᠢᠳᠤᠯᠭ᠎ᠠ ᠹᠧᠩ ᡁᠢ ᠮᠢᠩ ᠨᠠᠷ  ᠤᠷᠤᠯᠴᠠᠪᠠ᠃
     ︽ᠪᠤᠳᠠᠷ ᠴᠢᠯᠠᠭᠤᠨ ᠤ ᠪᠤᠭᠤᠷᠤᠯ ᠲᠤᠮᠤᠭ︾ ᠵᠦᠴᠦᠬᠡ ᠨᠢ ᠰᠢ ᠶᠢᠨ ᠫᠢᠩ ᠶᠡᠷᠤᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠦᠭᠡᠷᠠᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠳᠤ ᠵᠤᠷᠢᠭᠤᠯᠵᠤ ᠵᠤᠬᠢᠶᠠᠨ ᠪᠦᠲᠦᠭᠡᠭᠰᠡᠨ ᠪᠠᠶᠢᠭ᠎ᠠ ᠶᠤᠮ᠃ ᠲᠤᠰ ᠵᠦᠴᠦᠭᠡ ᠳᠤ ᠲᠠᠯ᠎ᠠ ᠨᠤᠳᠤᠭ ᠤᠨ ᠬᠦᠴᠦᠷᠭᠡᠭ ᠪᠠᠭᠤᠷᠠᠢ ᠬᠤᠶᠠᠷ ᠠᠶᠢᠮᠠᠭ ᠤᠭᠰᠠᠭᠠᠨ ᠤ ᠡᠪᠳᠡᠷᠡᠯ ᠲᠡᠮᠡᠴᠡᠯ᠂ ᠡᠪᠯᠡᠷᠡᠯ ᠪᠦᠯᠬᠦᠮᠳᠡᠯ ᠢ ᠬᠠᠷᠠᠭᠤᠯᠬᠤ ᠪᠠᠷ ᠲᠠᠮᠵᠢᠨ ᠠᠷᠠᠳ ᠲᠦᠮᠡᠨ ᠤ ᠰᠡᠴᠡᠨ ᠮᠡᠷᠭᠡᠨ ᠤᠢ ᠤᠬᠠᠭᠠᠨ ᠢᠶᠠᠷ ᠢᠶᠠᠨ ᠵᠤᠯ ᠵᠢᠷᠭᠠᠯᠲᠤ ᠠᠮᠢᠳᠤᠷᠠᠯ ᠢ ᠲᠡᠮᠡᠴᠡᠨ ᠤᠯᠤᠭᠰᠠᠨ ᠪᠠ ᠮᠤᠩᠭᠤᠯ ᠦᠨᠳᠦᠰᠦᠳᠡᠨ ᠤ ᠡᠩᠬᠡ ᠲᠠᠶᠢᠪᠤᠩ ᠢ ᠰᠤᠯᠢᠵᠤ ᠠᠪᠴᠢᠷᠠᠭᠰᠠᠨ ᠵᠢᠴᠢ ᠡᠷ᠎ᠡ ᠶᠢᠨ ᠭᠤᠷᠪᠠᠨ ᠨᠠᠭᠠᠳᠤᠮ ᠤᠨ ᠡᠬᠦᠰᠦᠯ ᠭᠠᠷᠤᠯ ᠤᠨ ᠦᠯᠢᠬᠡᠷ ᠲᠡᠤᠬᠡ ᠶᠢ ᠦᠵᠡᠬᠦᠯᠵᠠᠢ᠃
     ᠮᠤᠩᠭᠤᠯ ᠵᠦᠴᠦᠬᠡ ︽ᠪᠤᠳᠠᠷ ᠴᠢᠯᠠᠭᠤᠨ ᠤ ᠪᠤᠭᠤᠷᠤᠯ ᠲᠤᠮᠤᠭ︾ ᠨᠢ ᠤᠳᠤᠬᠠᠨ ᠳᠤ ᠪᠦᠬᠦ ᠤᠷᠤᠨ ᠤ ᠲᠦᠷᠦ ᠶᠢᠨ ᠤᠷᠠᠯᠢᠭ ᠤᠨ ᠰᠠᠭᠤᠷᠢ ᠮᠦᠩᠭᠦ ᠶᠢ ᠬᠦᠷᠳᠡᠵᠦ ᠪᠠᠶᠢᠭ᠎ᠠ ᠴᠤᠷ ᠤᠨ ᠭᠠᠭᠴᠠ ᠦᠨᠳᠦᠰᠦᠨ ᠱᠠᠳᠤᠨ ᠤ ᠤᠯᠠᠭᠠᠠᠮᠦ᠋ᠴᠢᠷ ᠤᠨ ᠨᠠᠶᠢᠷᠠᠭᠤᠯᠵᠤ ᠲᠤᠭᠯᠠᠭᠰᠠᠨ ᠮᠤᠩᠭᠤᠯ ᠵᠦᠴᠦᠬᠡ ᠪᠠᠶᠢᠵᠤ ᠦᠨᠳᠦᠰᠤᠲᠡᠨ ᠤ ᠤᠨᠴᠠᠯᠢᠭ᠂ ᠤᠷᠤᠨ ᠨᠣᠳᠤᠭ ᠤᠨ ᠤᠨᠴᠠᠯᠢᠭ ᠰᠢᠨᠵᠢ ᠶᠢ ᠬᠦᠢᠴᠡᠳ ᠢᠯᠡᠷᠡᠬᠦᠯᠦᠨ ᠡᠷ᠎ᠡ ᠶᠢᠨ ᠭᠤᠷᠪᠠᠨ ᠨᠠᠭᠠᠳᠤᠮ ᠤᠨ ᠢᠷᠡᠯᠳᠡ  ᠪᠠᠷ ᠲᠠᠮᠵᠢᠭᠤᠯᠤᠨ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠶᠤᠯ᠂ ᠮᠤᠩᠭᠤᠯᠴᠤᠳ ᠤᠨ ᠪᠠᠳᠣ ᠵᠤᠷᠢᠭ ᠡᠷᠬᠢᠮ ᠬᠠᠷᠢᠭᠤᠴᠠᠯᠭ᠎ᠠ ᠲᠠᠢ᠂ ᠡᠶ᠎ᠡ ᠡᠪ ᠲᠠᠢ ᠪᠦᠯᠬᠦᠮᠳᠡᠨ ᠲᠡᠮᠡᠴᠡᠳᠡᠭ ᠵᠤᠷᠢᠭ ᠰᠠᠨᠠᠭ᠎ᠠ ᠢ ᠢᠯᠡᠷᠡᠬᠦᠯᠵᠠᠢ᠃
     ᠤᠶᠢᠯᠠᠭᠠᠭᠰᠠᠨ ᠢᠶᠠᠷ ᠲᠤᠰ ᠤᠳᠠᠭᠠᠨ ᠤ ᠲᠤᠭᠤᠷᠢᠨ ᠲᠤᠭᠯᠠᠯᠲᠠ ᠶᠢᠨ ᠬᠤᠭᠤᠴᠠᠭᠠᠨ ᠳᠤ ᠦᠤᠰᠢᠨ ᠬᠤᠰᠢᠭᠤᠨ ᠤ ᠤᠯᠠᠭᠠᠠᠮᠦ᠋ᠴᠢᠷ ᠪᠤᠯᠤᠨ ᠰᠦᠨᠢᠳ ᠵᠡᠬᠦᠨ ᠬᠤᠰᠢᠭᠤᠨ ᠤ ᠤᠯᠠᠭᠠᠠᠮᠦ᠋ᠴᠢᠷ ᠶᠢᠨ ᠬᠢᠨ ᠲᠤᠷᠰᠢᠯᠭ᠎ᠠ  ᠪᠠᠨ ᠰᠤᠯᠢᠯᠴᠠᠨ᠂ ᠦᠨᠳᠤᠰᠤᠨ ᠱᠠᠲᠤᠨ ᠳᠤ ᠨᠡᠩ ᠰᠠᠶᠢᠨ ᠦᠢᠯᠡᠴᠢᠯᠡᠬᠦ ᠪᠠ ᠤᠯᠠᠨ ᠲᠦᠮᠡᠨ ᠱᠤᠬᠤᠭᠤᠷᠬᠠᠯ ᠪᠠᠭ᠋ᠠᠷᠬᠠᠯ ᠢ ᠲᠠᠲᠠᠭᠰᠠᠨ ᠰᠢᠯᠢᠳᠡᠭ ᠪᠦᠲᠦᠭᠡᠯ ᠤᠳ ᠢ ᠵᠤᠬᠢᠶᠠᠨ ᠪᠦᠲᠦᠭᠡᠬᠦ ᠳᠤ ᠤᠬᠢ ᠰᠠᠶᠢᠨ ᠳᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号