ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠳᠤᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-02
     10 ᠰᠠᠷ᠎ᠠ ᠶᠢᠨ 29 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠤᠷᠭᠠᠯᠳᠤ ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠳᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠳᠤᠪᠴᠢᠶᠠᠨ ᠳᠠᠷᠤᠭ᠎ᠠ ᠪᠠᠶᠠᠨᠴᠡᠩᠬᠡᠯ ᠵᠢᠴᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠦᠭᠡᠷᠡᠴᠢᠯᠡᠯᠲᠠ ᠶᠢ ᠬᠥᠨᠵᠡᠭᠡᠶᠢᠷᠡᠭᠦᠯᠬᠦ ᠠᠯᠪᠠᠨ ᠭᠡᠷ᠂ ᠮᠠᠯᠵᠢᠬᠤ ᠳᠠᠷᠢᠶᠠᠯᠠᠬᠤ ᠤᠷᠤᠨ ᠤ ᠠᠵᠢᠯᠯᠠᠬᠤ ᠬᠡᠯᠳᠡᠰ᠂ ᠬᠤᠰᠢᠭᠤ ᠦᠭᠡᠷᠡᠴᠢᠯᠠᠯᠲᠠ ᠬᠦᠭᠵᠢᠬᠦᠯᠦᠯᠲᠡ ᠶᠢᠨ ᠳᠤᠪᠴᠢᠶ᠎ᠠ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
          ᠬᠤᠷᠠᠯ ᠳᠡᠭᠡᠷ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠲᠦᠯᠦᠪᠵᠢᠬᠦᠯᠭᠡ ᠪᠠ ᠡᠯ᠎ᠡ ᠢᠵᠢ ᠪᠦᠷᠢᠳᠤᠬᠦᠯᠬᠦ ᠳᠤᠰᠬᠠᠢ ᠲᠦᠷᠦᠯ ᠤᠨ ᠲᠦᠯᠦᠪᠵᠢᠬᠦᠯᠭᠡ ᠶᠢ ᠵᠤᠬᠢᠶᠠᠬᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶᠡᠴᠢ ᠭᠠᠴᠠᠭ᠎ᠠ ᠳᠤᠰᠬᠤᠨ ᠢ ᠪᠦᠲᠦᠭᠡᠨ ᠪᠠᠶᠢᠭᠤᠯᠬᠤ ᠪᠠ ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ᠂ ᠪᠤᠬᠢᠷᠳᠤᠯ ᠤᠰᠤ ᠶᠢ ᠰᠢᠢᠳᠪᠦᠷᠢᠯᠡᠬᠦ ᠵᠢᠴᠢ ︽ᠵᠤᠷᠯᠤᠩ ᠤᠨ ᠦᠭᠡᠷᠡᠴᠢᠯᠡᠯᠲᠠ︾ ᠵᠡᠷᠭᠡ ᠠᠵᠢᠯ ᠤᠨ ᠠᠬᠢᠭᠤᠯᠤᠯᠲᠠ ᠶᠢᠨ ᠳᠤᠬᠠᠢ ᠬᠠᠷᠢᠭᠤ ᠮᠡᠳᠡᠬᠦᠯᠪᠡ᠃      ᠰᠤᠷᠭᠠᠯᠳᠤ ᠴᠢᠬᠤᠯᠠᠴᠢᠯᠠᠬᠤ ᠳᠠᠭᠠᠨ᠂ ᠬᠦᠳᠡᠭᠡ ᠳᠤᠰᠬᠤᠨ ᠤ ᠬᠦᠭᠵᠢᠯᠲᠡ ᠶᠢ ᠲᠡᠷᠢᠬᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠵᠤ ᠠᠵᠤ ᠦᠢᠯᠡᠰ ᠬᠦᠭᠵᠢᠩᠬᠦᠢ᠂ ᠠᠮᠢ ᠠᠬᠤᠢ ᠤᠷᠤᠰᠢᠨ ᠰᠠᠭᠤᠷᠢᠰᠢᠬᠤ ᠳᠤ ᠳᠤᠬᠢᠷᠠᠮᠵᠢᠲᠠᠢ᠂ ᠲᠤᠰᠬᠤᠨ ᠤ ᠰᠤᠷᠳᠠᠯ ᠪᠤᠯᠪᠠᠰᠤᠨ᠂ ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠳᠤᠭᠲᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ ᠬᠦᠳᠡᠭᠡ ᠳᠤᠰᠬᠤᠨ ᠤ ᠤᠳᠤᠬᠢᠴᠢᠯᠠᠭᠰᠠᠨ ᠬᠦᠭᠵᠢᠯᠲᠡ ᠶᠢ ᠲᠦᠷᠭᠡᠳᠭᠡᠬᠦ ᠬᠡᠷᠡᠭᠲᠡᠢ᠃ ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠲᠦᠯᠦᠪᠵᠢᠬᠦᠯᠭᠡ ᠪᠠ ᠡᠯ᠎ᠡ ᠳᠤᠰᠬᠠᠢ ᠲᠦᠷᠦᠯ ᠤᠨ ᠲᠦᠯᠦᠪᠵᠢᠬᠦᠯᠭᠡ ᠶᠢ ᠰᠢᠨᠵᠢᠯᠡᠬᠦ ᠤᠬᠠᠭᠠᠨᠴᠢ ᠪᠠᠷ ᠵᠤᠬᠢᠶᠠᠵᠤ ᠬᠤᠰᠢᠭᠤ ᠦᠭᠡᠷᠡᠴᠢᠯᠠᠯᠲᠠ ᠬᠦᠭᠵᠢᠬᠦᠯᠦᠯᠲᠡ ᠶᠢᠨ ᠳᠤᠪᠴᠢᠶ᠎ᠠ ᠲᠦᠷᠦᠬᠦᠯᠡᠨ ᠡᠯ᠎ᠡ ᠰᠠᠯᠠᠭ᠎ᠠ ᠮᠦᠴᠢᠷ ᠪᠠ ᠰᠤᠮᠤ ᠪᠠᠯᠭᠠᠰᠤ ᠬᠠᠷᠢᠯᠴᠠᠨ ᠬᠤᠯᠪᠤᠭᠠᠯᠠᠵᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠲᠡᠷᠢᠬᠦᠨ ᠤ ᠳᠤᠷᠰᠢᠯᠭ᠎ᠠ ᠶᠢ ᠳ᠋ᠦᠩᠨᠡᠨ ᠵᠢᠱᠢᠶᠡᠴᠢ ᠤᠨᠴᠠᠯᠢᠭ ᠢᠶᠠᠨ ᠳᠤᠪᠤᠶᠢᠯᠭᠠᠨ ᠤᠯᠠᠨ ᠲᠦᠷᠦᠯ ᠤᠨ ᠲᠦᠯᠦᠪᠵᠢᠬᠦᠯᠭᠡ ᠶᠢ ᠨᠢᠭᠡᠳᠬᠡᠵᠤ ᠡᠯ᠎ᠡ ᠠᠵᠢᠯ ᠲᠦᠷᠦᠯ ᠢ ᠪᠠᠭᠲᠠᠭᠠᠭᠰᠠᠨ ᠡᠯ᠎ᠡ ᠭᠠᠴᠠᠭ᠎ᠠ ᠳᠤᠰᠬᠤᠨ ᠢ ᠬᠠᠮᠤᠷᠤᠭᠰᠠᠨ ᠲᠦᠯᠦᠪᠵᠢᠬᠦᠯᠭᠡ ᠶᠢᠨ ᠰᠢᠰᠲ᠋ᠧᠮ ᠢ ᠪᠤᠢ ᠪᠤᠯᠭᠠᠨ᠂ ᠲᠦᠯᠦᠪᠵᠢᠬᠦᠯᠭᠡ ᠨᠢ ᠴᠢᠨᠠᠷᠯᠢᠭ᠂ ᠠᠵᠢᠯᠯᠠᠭᠠᠲᠤ ᠴᠢᠨᠠᠷ ᠲᠠᠢ᠂ ᠬᠡᠷᠡᠭᠵᠢᠬᠦᠯᠵᠤ ᠳᠡᠶᠢᠯᠬᠦ ᠶᠢ ᠪᠠᠳᠤᠯᠠᠬᠤ ᠬᠡᠷᠡᠭᠲᠡᠢ᠃ ᠠᠵᠤ ᠦᠢᠯᠡᠰ ᠤᠨ ᠬᠦᠭᠵᠢᠯᠲᠡ᠂ ᠬᠦᠳᠡᠭᠡ ᠳᠤᠰᠬᠤᠨ ᠤ ᠪᠤᠯᠪᠠᠰᠤᠨ ᠰᠤᠷᠳᠠᠯ ᠤᠨ ᠪᠠᠶᠢᠭᠤᠯᠤᠯᠲᠠ ᠵᠡᠷᠭᠡ ᠭᠤᠤᠯᠳᠠᠯᠭᠠᠳᠤ ᠠᠵᠢᠯ ᠢ ᠳᠤᠪᠤᠶᠢᠯᠭᠠᠨ ᠠᠳᠬᠤᠵᠤ ᠮᠠᠯ ᠲᠠᠷᠢᠶᠠᠯᠠᠩ᠂ ᠵᠢᠭᠤᠯᠴᠢᠯᠠᠯ ᠵᠡᠷᠭᠡ ᠶᠢ ᠭᠠᠵᠠᠷ ᠤᠷᠤᠨ ᠤ ᠤᠨᠴᠠᠯᠢᠭ ᠲᠠᠢ ᠵᠤᠬᠢᠴᠠᠭᠤᠯᠬᠤ ᠬᠡᠷᠡᠭᠲᠡᠢ᠃ ᠤᠷᠤᠰᠢᠨ ᠰᠠᠭᠤᠷᠢᠰᠢᠬᠤ ᠤᠷᠴᠢᠨ ᠤ ᠵᠠᠰᠠᠨ ᠴᠡᠭᠴᠡᠯᠡᠯᠲᠡ ᠶᠢᠨ ᠠᠵᠢᠯ ᠢ ᠦᠷᠬᠦᠯᠵᠢᠯᠡᠨ ᠳᠦᠯᠬᠢᠨ ᠠᠬᠢᠭᠤᠯᠵᠤ ᠡᠯ᠎ᠡ ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠬᠤᠭ ᠨᠤᠪᠰᠢ ᠶᠢ ᠴᠡᠪᠡᠷᠯᠡᠬᠦ᠂ ᠪᠤᠬᠢᠷᠳᠤᠯ ᠤᠰᠤ ᠶᠢ ᠰᠢᠢᠳᠪᠦᠷᠢᠯᠡᠬᠦ ᠪᠠ ︽ᠵᠤᠷᠯᠤᠩ ᠤᠨ ᠦᠭᠡᠷᠡᠴᠢᠯᠡᠯᠲᠠ ︾ ᠶᠢ ᠲᠡᠷᠢᠬᠦᠨ ᠪᠠᠶᠢᠷᠢᠨ ᠳᠤ ᠳᠠᠯᠪᠢᠵᠤ ᠡᠯ᠎ᠡ ᠲᠦᠷᠦᠯ ᠤᠨ ᠢᠵᠢ ᠪᠦᠷᠢᠳᠦᠬᠦᠯᠬᠦ ᠠᠷᠭ᠎ᠠ ᠠᠪᠴᠠᠯ ᠢ ᠨᠠᠷᠢᠯᠢᠭ ᠨᠠᠶᠢᠲᠠᠪᠦᠷᠢᠵᠢᠭᠤᠯᠵᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠤᠨ ᠨᠦᠯᠦᠭᠡ ᠶᠢ ᠦᠷᠭᠡᠳᠭᠡᠬᠦ ᠬᠡᠷᠡᠭᠲᠡᠢ ᠬᠡᠪᠡ᠃                  
 
ᠢᠷᠡᠯᠲᠡ᠄ ︽ᠨᠤᠮᠢᠨ ᠲᠠᠩᠰᠤᠭ ᠦᠤᠰᠢᠨ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号