ᠮᠡᠨ ᠤ ᠬᠤᠰᠢᠭᠤ ᠤᠨᠤᠪᠴᠢᠳᠠᠢ ᠠᠷᠭ᠎ᠠ ᠠᠪᠴᠠᠯ ᠠᠪᠴᠦ ᠶᠠᠳᠠᠭᠤ ᠠᠴᠠ ᠠᠩᠬᠢᠵᠢᠷᠠᠭᠤᠯᠬᠤ ᠰᠠᠭᠤᠷᠢ ᠶᠢ ᠰᠠᠶᠢᠲᠤᠷ ᠪᠠᠬᠢᠵᠢᠭᠦᠯᠵᠦ ᠪᠤᠢ
ᠨᠡᠶᠢᠲᠡᠯᠡᠭᠰᠡᠨ ᠴᠠᠭ᠄
2018-11-02
     ᠣᠶᠢᠷ᠎ᠠ ᠶᠢᠨ ᠵᠢᠯ ᠠᠴᠠ ᠮᠡᠨ ᠤ ᠬᠤᠰᠢᠭᠤ ᠨᠢ ᠤᠨᠢᠨ ᠳᠡᠭᠡᠷ᠎ᠡ ᠨᠢ ᠶᠠᠳᠠᠭᠤ ᠶᠢ ᠲᠡᠳᠭᠦᠭᠦ᠂ ᠤᠨᠤᠪᠴᠢᠳᠡᠢ ᠪᠠᠷ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠤᠳᠤᠯᠭ᠎ᠠ ᠶᠢ ᠭᠦᠨᠵᠡᠭᠡᠢ ᠭᠡᠷᠡᠭᠵᠢᠭᠦᠯᠵᠦ ᠵᠦᠪ ᠤᠨᠤᠪᠴᠢᠳᠡᠢ ᠪᠠᠷ ᠢᠯᠭᠠᠨ ᠲᠠᠨᠢᠬᠤ᠂ ᠬᠤᠷᠰᠢᠯᠴᠠᠨ ᠬᠠᠪᠰᠤᠷᠤᠯᠴᠠᠬᠤ᠂ ᠦᠨᠡᠨ ᠪᠤᠳᠠᠳᠠᠢ ᠨᠠᠷᠢᠯᠢᠭ ᠠᠳᠬᠤᠬᠤ᠂ ᠪᠠᠶᠢᠴᠠᠭᠠᠨ ᠦᠬᠡᠷᠡᠴᠢᠯᠡᠨ ᠵᠠᠰᠠᠬᠤ᠂ ᠬᠠᠮᠢᠶᠠᠷᠤᠯᠳᠡ ᠪᠠᠨ ᠴᠢᠩᠭᠠᠳᠬᠠᠬᠤ ᠵᠡᠷᠭᠡ ᠶᠢᠨ ᠲᠤᠭᠤᠷᠢᠨ ᠳᠤ ︽ᠬᠤᠸᠠᠷ ᠬᠠᠳᠬᠤᠬᠤ︾ ᠡᠷᠳᠡᠮ ᠢᠶᠠᠷ ᠨᠠᠷᠢᠯᠢᠭ ᠠᠵᠢᠯᠯᠠᠵᠤ ᠡᠨᠡ ᠵᠢᠯ ᠤᠨ ᠰᠢᠨ᠎ᠠ ᠪᠠᠷ ᠢᠯᠭᠠᠨ ᠲᠤᠬᠳᠠᠭᠠᠬᠰᠠᠨ 14 ᠡᠷᠦᠭᠡ  ᠶᠢᠨ 45 ᠭᠦᠮᠦᠨ ᠪᠠ ᠦᠩᠭᠡᠷᠡᠭᠰᠡᠨ ᠵᠢᠯ ᠤᠨ ᠢᠯᠭᠠᠨ ᠲᠤᠬᠳᠠᠭᠠᠬᠰᠠᠨ 438 ᠡᠷᠦᠭᠡ ᠶᠢᠨ 1116 ᠭᠦᠮᠦᠨ ᠢ ᠦᠷᠭᠦᠯᠵᠢᠯᠡᠨ ᠲᠡᠳᠭᠦᠭᠦ ᠠᠵᠢᠯ ᠢ ᠪᠦᠭᠦ ᠲᠠᠯ᠎ᠡ ᠪᠠᠷ ᠠᠬᠢᠭᠤᠯᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠦᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠪᠠᠷ ᠭᠦᠴᠦᠯᠡᠵᠤ ᠪᠤᠢ᠃      ᠶᠠᠳᠠᠭᠤ ᠡᠷᠦᠭᠡ ᠶᠢ ᠤᠨᠤᠪᠴᠢᠳᠡᠢ ᠪᠠᠷ ᠢᠯᠭᠠᠨ ᠲᠤᠬᠳᠠᠭᠠᠵᠤ ᠰᠤᠷᠠᠭ ᠵᠠᠩᠭᠢ ᠶᠢᠨ ᠭᠦᠳᠡᠯᠦᠩᠭᠦᠢ ᠬᠠᠮᠢᠶᠠᠷᠤᠯᠳᠡ ᠶᠢ ᠴᠢᠩᠭᠠᠳᠬᠠᠨ 12 ᠡᠷᠦᠭᠡ ᠶᠢᠨ 40 ᠭᠦᠮᠦᠨ ᠢ ᠤᠨᠤᠪᠴᠢᠳᠡᠢ ᠪᠠᠷ ᠢᠯᠭᠠᠨ ᠲᠤᠬᠳᠠᠭᠠᠵᠦ ᠪᠦᠭᠦᠨ ᠢ ᠲᠤᠮᠤ ᠳ᠋ᠠᠶᠢᠲ᠋ᠠ ᠶᠢᠨ ᠬᠠᠮᠢᠶᠠᠷᠤᠯᠳᠡ ᠶᠢᠨ ᠰᠢᠰᠲ᠋ᠧᠮ ᠳᠤ ᠤᠷᠤᠭᠤᠯᠤᠬᠰᠠᠨ ᠪᠠᠶᠢᠨ᠎ᠠ᠃ ᠲᠠᠩᠰᠠᠨ ᠳᠤ ᠤᠷᠤᠭᠤᠯᠤᠨ ᠺᠠᠷᠲ ᠪᠠᠶᠢᠭᠤᠯᠤᠨ ︽ᠡᠷᠬᠢᠨ ᠬᠠᠷᠠᠬᠤ︾ ᠶᠢ ᠦᠷᠨᠢᠭᠦᠯᠦᠨ ᠭᠦᠳᠠᠯᠤᠩᠭᠦᠢ ᠪᠠᠷ ᠬᠢᠨᠠᠨ ᠪᠠᠶᠢᠴᠠᠭᠠᠵᠤ  ︽ᠦᠤᠰᠢᠨ ᠬᠤᠰᠢᠭᠤᠨ ᠤ ᠭᠠᠴᠠᠭ᠎ᠠ ᠲᠤᠰᠬᠤᠨ ᠳᠤ ᠰᠠᠭᠤᠵᠦ ᠬᠠᠪᠰᠤᠷᠤᠨ ᠲᠡᠳᠭᠦᠭᠦ ᠠᠵᠢᠯ ᠤᠨ ᠠᠷᠭ᠎ᠠ︾᠂  ︽ᠦᠤᠰᠢᠨ ᠬᠤᠰᠢᠭᠤᠨ ᠤ ᠭᠠᠴᠠᠭ᠎ᠠ ᠲᠤᠰᠬᠤᠨ ᠳᠤ ᠰᠠᠭᠤᠵᠦ ᠬᠠᠪᠰᠤᠷᠤᠨ ᠲᠡᠳᠭᠦᠭᠦ ᠺᠠᠳ᠋ᠷ ᠢ ᠬᠢᠨᠠᠨ ᠰᠢᠯᠭᠠᠬᠤ ᠠᠷᠭ᠎ᠠ︾ ᠶᠢ ᠲᠤᠬᠳᠠᠭᠠᠨ ︽ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠡ ᠶᠢᠨ ︿3 +1﹀ ᠬᠠᠷᠢᠯᠴᠠᠨ ᠬᠠᠪᠰᠤᠷᠤᠯᠴᠠᠵᠤ ᠬᠠᠮᠳᠤ ᠪᠠᠷ ᠪᠦᠳᠦᠬᠡᠨ ᠪᠠᠶᠢᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠠᠭᠦᠯᠭᠦ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠵᠦ 34 ᠨᠡᠷᠡᠰ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ 920 ᠨᠡᠷᠡᠰ ᠺᠠᠳ᠋ᠷ ᠪᠤᠯᠤᠨ ᠭᠠᠴᠠᠭ᠎ᠠ ᠲᠤᠰᠬᠤᠨ᠂ ᠶᠠᠳᠠᠭᠤ ᠭᠦᠴᠢᠷᠳᠡᠯᠳᠡᠢ ᠡᠷᠦᠭᠡ ᠲᠠᠢ ᠬᠤᠷᠰᠢᠯᠴᠠᠨ ᠬᠠᠪᠰᠤᠷᠤᠯᠴᠠᠬᠤ ᠬᠠᠷᠢᠴᠠᠭ᠎ᠠ ᠪᠠᠶᠢᠭᠤᠯᠥᠨ ᠬᠤᠳᠠ ᠬᠤᠰᠢᠭᠤ ᠬᠤᠶᠡᠷ ᠱᠠᠳᠤᠨ ᠤ 189 ᠨᠡᠷᠡᠰ ᠺᠠᠳ᠋ᠷ 61 ᠭᠠᠴᠠᠭ᠎ᠠ ᠲᠤᠰᠬᠤᠨ ᠳᠤ ᠪᠠᠶᠢᠩᠭᠤ ᠶᠢᠨ ᠴᠢᠨᠠᠷᠳᠠᠢ ᠰᠠᠭᠤᠨ ᠬᠠᠪᠰᠤᠷᠤᠨ ᠲᠡᠮᠵᠢᠭᠦ ᠠᠵᠢᠯᠯᠠᠭ᠎ᠠ ᠦᠷᠨᠢᠭᠦᠯᠵᠦ ᠬᠠᠪᠰᠤᠷᠤᠨ ᠲᠡᠳᠭᠦᠭᠦ ᠡᠭᠦᠷᠭᠡ᠂ ᠪᠠᠷᠢᠮᠵᠢᠶ᠎ᠠ᠂ ᠠᠷᠭ᠎ᠠ ᠠᠪᠴᠠᠯ ᠪᠠ ᠴᠠᠭ ᠤᠨ ᠭᠤᠬᠴᠤᠭ᠎ᠠ ᠶᠢ ᠨᠠᠷᠢᠯᠢᠭ ᠤᠨᠤᠪᠴᠢᠳᠡᠢ ᠲᠤᠬᠳᠠᠭᠠᠨ ᠨᠢᠭᠡ ᠭᠠᠴᠠᠭ᠎ᠠ ᠲᠤᠰᠬᠤᠨ ᠳᠤ ᠨᠢᠭᠡ ᠬᠠᠪᠰᠤᠷᠤᠨ ᠲᠡᠳᠭᠦᠭᠦ ᠡᠩᠨᠡᠭᠡ᠂ ᠨᠢᠭᠡ ᠡᠷᠦᠭᠡ ᠳᠤ ᠨᠢᠭᠡ ᠬᠠᠪᠰᠤᠷᠤᠨ ᠲᠡᠳᠭᠦᠭᠦ ᠺᠠᠳ᠋ᠷ᠂ ᠨᠢᠭᠡ ᠡᠷᠦᠭᠡ ᠳᠤ ᠨᠢᠭᠡ ᠶᠠᠳᠠᠭᠤ ᠠᠴᠠ ᠠᠩᠬᠢᠵᠢᠷᠠᠭᠤᠯᠬᠤ ᠲᠦᠯᠦᠪᠯᠡᠭᠡ᠂ ᠨᠢᠭᠡ ᠡᠷᠦᠭᠡ ᠳᠤ ᠨᠢᠭᠡ ᠢᠵᠢ ᠬᠠᠪᠰᠤᠷᠤᠨ ᠲᠡᠳᠭᠦᠭᠦ ᠠᠷᠭ᠎ᠠ ᠠᠪᠴᠠᠯ ᠲᠠᠢ ᠪᠠᠶᠢᠬᠤ ᠶᠢ ᠦᠨᠡᠨᠬᠦ ᠪᠠᠶᠠᠯᠠᠭᠦᠯᠪᠡ᠃ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠤᠰᠠᠯᠠᠬᠤ︾ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠠᠵᠢᠯᠯᠠᠭ᠎ᠠ ᠶᠢ ᠰᠠᠶᠢᠳᠤᠷ ᠦᠷᠨᠢᠭᠦᠯᠵᠦ 79 ᠲᠤᠬᠠᠢ ᠶᠢᠨ ᠭᠠᠵᠠᠷ ᠲᠤ ᠰᠠᠭᠤᠷᠢᠰᠢᠭ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠵᠦ ︽ᠠᠵᠤ ᠠᠬᠤᠶᠢᠯᠠᠯ + ᠨᠠᠮ ᠤᠨ ᠡᠭᠦᠷ + ᠶᠠᠳᠠᠭᠤ ᠭᠦᠴᠢᠷᠳᠡᠯᠳᠡᠢ ᠡᠷᠦᠭᠡ︾ ᠶᠢᠨ ᠭᠦᠭᠵᠢᠯᠳᠡ ᠶᠢᠨ ᠭᠡᠯᠪᠡᠷᠢ ᠶᠢ ᠬᠦᠨᠵᠡᠭᠡᠶᠢᠷᠡᠭᠦᠯᠥᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠦᠴᠦᠨ ᠢ ᠨᠢᠭᠡᠳᠭᠡᠵᠤ ᠪᠠᠶᠢᠨ᠎ᠠ᠃      ᠪᠡᠯᠡ ᠮᠦᠩᠭᠦ ᠶᠢ ᠤᠷᠤᠨᠵᠢᠭᠤᠯᠬᠤ ᠲᠠᠯ᠎ᠠ ᠪᠠᠷ᠂ ᠵᠢᠯ ᠤᠨ ᠡᠬᠢᠨ ᠳᠤ ᠬᠤᠰᠢᠭᠤᠨ ᠤ ᠲᠠᠰ ᠤᠨ ᠲᠤᠰᠬᠠᠢ ᠪᠡᠯᠡ ᠮᠦᠩᠭᠦ ᠶᠢ 4380 ᠲᠦᠮᠡᠨ ᠲᠦᠭᠦᠷᠢᠭ ᠵᠠᠷᠤᠴᠠᠭᠤᠯᠬᠤ ᠪᠠᠷ ᠲᠦᠯᠦᠪᠯᠡᠵᠤ ᠲᠡᠭᠡᠷ᠎ᠡ ᠵᠢᠯ ᠤᠨ ᠬᠢ ᠠᠴᠠ 24% ᠪᠠᠷ ᠨᠡᠮᠡᠭᠳᠡᠭᠦᠯᠥᠨ ᠤᠳᠤᠬᠠᠨ ᠳᠤ ᠡᠯ᠎ᠠ ᠱᠠᠳᠤᠨ ᠤ ᠡᠳ᠋ ᠤᠨ ᠵᠠᠰᠠᠭ ᠤᠨ ᠲᠡᠳᠬᠦᠮᠵᠢ ᠶᠢᠨ ᠪᠡᠯᠡ ᠮᠦᠩᠭᠦ ᠶᠢ 3958.2 ᠲᠦᠮᠡᠨ ᠲᠦᠭᠦᠷᠢᠭ ᠲᠤ ᠬᠦᠷᠭᠡᠪᠡ᠃ ᠠᠵᠤ ᠤᠶᠢᠯᠡᠰ ᠪᠠ ᠠᠵᠢᠯ ᠤᠯᠭᠤᠯᠳᠠ ᠶᠢᠨ ᠲᠠᠯ᠎ᠠ ᠪᠠᠷ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠷᠦᠯ ᠵᠦᠢᠯ ᠤᠨ ᠭᠦᠮᠦᠷᠭᠡ ᠶᠢ ᠨᠠᠶᠢᠷᠠᠭᠤᠯᠤᠨ ᠵᠤᠬᠢᠶᠠᠵᠤ ᠲᠠᠭᠤᠰᠬᠠᠨ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠳᠤ ᠲᠤᠰ ᠲᠤᠰ ᠭᠤᠷᠪᠠᠨ ᠵᠢᠯ ᠤᠨ ᠠᠵᠤ ᠤᠶᠢᠯᠡᠰ ᠢᠶᠠᠷ ᠶᠠᠳᠠᠭᠤ ᠶᠢ ᠲᠡᠳᠭᠦᠭᠦ ᠲᠦᠯᠦᠪᠯᠡᠭᠡ ᠵᠤᠬᠢᠶᠠᠪᠠ᠃ ᠭᠦᠥ ᠮᠦᠩᠭᠦ ᠶᠢᠨ ᠨᠦᠭᠦᠪᠦᠷᠢ ᠲᠠᠢ ᠵᠢᠬᠡᠯᠡᠯᠭᠡ 5271.6 ᠲᠦᠮᠡᠨ ᠲᠦᠭᠦᠷᠢᠭ ᠲᠠᠷᠬᠠᠭᠠᠵᠤ᠂ ᠲᠠᠩᠰᠡᠡ ᠳᠤ ᠤᠷᠤᠭᠤᠯᠤᠨ ᠺᠠᠷᠲ ᠪᠠᠶᠢᠭᠤᠯᠤᠬᠰᠠᠨ ᠶᠠᠳᠠᠭᠤ ᠭᠦᠴᠢᠷᠳᠡᠯᠳᠡᠢ 283 ᠡᠷᠦᠭᠡ ᠶᠢ ᠪᠠᠭᠳᠠᠭᠠᠭᠰᠠᠨ 774 ᠡᠷᠥᠬᠡ ᠠᠰᠢᠭ ᠬᠥᠷᠲᠡᠭᠰᠡᠨ ᠪᠠᠶᠢᠨ᠎ᠠ᠃ ᠨᠠᠶᠢᠳᠠ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ 56 ᠶᠢ ᠬᠠᠩᠭᠠᠵᠤ ᠶᠠᠳᠠᠭᠤ ᠭᠦᠴᠢᠷᠳᠡᠯᠳᠡᠢ 56 ᠡᠷᠥᠬᠡ ᠶᠢᠨ ᠠᠵᠢᠯ ᠦᠬᠡᠢ ᠶᠡᠭᠡ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠥᠭᠰᠡᠨ ᠤᠶᠤᠲᠠᠳ ᠲᠤ ᠠᠵᠢᠯ ᠣᠯᠭᠤᠪᠠ᠃ ᠤᠷᠤᠨ ᠰᠠᠭᠤᠴᠠ ᠶᠢᠨ ᠪᠠᠳᠤᠯᠠᠭ᠎ᠠ ᠶᠢᠨ ᠲᠠᠯ᠎ᠠ ᠪᠠᠷ᠂ 8 ᠶᠠᠳᠠᠭᠤ ᠭᠦᠴᠢᠷᠳᠡᠯᠳᠡᠢ ᠡᠷᠦᠭᠡ ᠳᠤ ᠥᠨᠳᠥᠰᠥᠨ ᠪᠠᠲᠤᠯᠠᠭ᠎ᠠ ᠶᠢᠨ ᠰᠢᠨ᠎ᠡ ᠭᠡᠷ ᠪᠠᠷᠢᠨ ᠥᠭᠴᠥ ᠭᠤᠣᠯ ᠴᠤᠬᠴᠠ ᠶᠢᠨ ᠪᠠᠷᠢᠯᠭ᠎ᠠ ᠲᠠᠭᠤᠰᠪᠠ᠃ 2014 ᠣᠨ ᠠᠴᠠ ᠨᠠᠰᠢᠬᠢ ᠶᠠᠳᠠᠭᠤ ᠭᠦᠴᠢᠷᠳᠡᠯᠳᠡᠢ ᠡᠷᠦᠭᠡ ᠶᠢᠨ ᠤᠷᠤᠨ ᠰᠠᠭᠤᠴᠠ ᠶᠢ ᠰᠢᠯᠭᠠᠨ ᠪᠠᠶᠢᠴᠠᠭᠠᠭᠠᠳ 14 ᠡᠷᠦᠭᠡ ᠳᠤ ᠰᠢᠨ᠎ᠡ ᠭᠡᠷ ᠪᠠᠷᠢᠨ ᠭᠤᠣᠯ ᠴᠤᠬᠴᠠ ᠶᠢᠨ ᠪᠠᠷᠢᠯᠭ᠎ᠠ ᠲᠠᠭᠤᠰᠪᠠ᠃ ᠡᠷᠡᠭᠦᠯ ᠡᠩᠬᠡ ᠶᠢᠨ ᠤᠶᠢᠯᠡᠰ ᠤᠨ ᠲᠠᠯ᠎ᠠ ᠪᠠᠷ᠂ ᠪᠦᠭᠦ ᠬᠤᠰᠢᠭᠤᠨ ᠤ ᠲᠠᠩᠰᠡᠡ ᠳᠤ ᠤᠷᠤᠭᠤᠯᠤᠨ ᠺᠠᠷᠲ ᠪᠠᠶᠢᠭᠤᠯᠤᠬᠰᠠᠨ ᠶᠠᠳᠠᠭᠤ ᠭᠦᠴᠢᠷᠳᠡᠯᠳᠡᠢ ᠡᠷᠦᠭᠡ ᠶᠢ ᠪᠠᠶᠢᠴᠠᠭᠠᠨ ᠪᠦᠷᠢᠳᠭᠡᠵᠥ ︽ᠦᠤᠰᠢᠨ ᠬᠤᠰᠢᠭᠤᠨ ᠤ ᠲᠠᠩᠰᠡᠨ ᠳᠤ ᠤᠷᠤᠭᠤᠯᠤᠨ ᠺᠠᠷᠲ ᠪᠠᠶᠢᠭᠤᠯᠤᠬᠰᠠᠨ ᠶᠠᠳᠠᠭᠤ ᠭᠦᠴᠢᠷᠳᠡᠯᠳᠡᠢ ᠡᠷᠦᠭᠡ ᠶᠢᠨ ᠡᠷᠡᠭᠦᠯ ᠡᠩᠭᠡ ᠶᠢᠨ ᠤᠶᠢᠯᠡᠰ ᠢᠶᠠᠷ ᠶᠠᠳᠠᠭᠤ ᠶᠢ ᠲᠡᠳᠭᠦᠭᠦ ᠵᠢᠷᠭᠤᠭᠠᠨ ᠲᠠᠪᠬᠤᠷ ᠪᠠᠳᠤᠯᠠᠭ᠎ᠠ ᠶᠢ ᠭᠡᠷᠡᠭᠵᠢᠭᠦᠯᠭᠦ ᠲᠦᠰᠦᠪ︾ ᠢ ᠲᠤᠬᠳᠠᠭᠠᠨ ᠡᠷᠡᠭᠦᠯ ᠡᠩᠭᠡ ᠶᠢᠨ ᠤᠶᠢᠯᠡᠰ ᠢᠶᠠᠷ ᠶᠠᠳᠠᠭᠤ ᠶᠢ ᠲᠡᠳᠭᠦᠭᠦ ᠡᠳ᠋ ᠤᠨ ᠵᠠᠰᠠᠭ ᠤᠨ ᠲᠤᠰᠬᠠᠢ ᠲᠦᠷᠦᠯ ᠤᠨ ᠪᠡᠯᠡ ᠮᠦᠩᠭᠦ ᠶᠢ 154.3 ᠲᠦᠮᠡᠨ ᠲᠦᠭᠦᠷᠢᠭ ᠨᠠᠶᠢᠳᠠᠪᠤᠷᠢᠵᠢᠭᠤᠯᠵᠤ 12 ᠡᠷᠦᠭᠡ ᠰᠢᠨ᠎ᠡ ᠪᠠᠷ ᠢᠯᠭᠠᠨ ᠲᠤᠬᠳᠠᠭᠠᠬᠰᠠᠨ ᠶᠠᠳᠠᠭᠤ ᠭᠦᠴᠢᠷᠳᠡᠯᠳᠡᠢ ᠡᠷᠦᠭᠡ ᠳᠤ ᠡᠷᠡᠭᠦᠯ ᠡᠩᠭᠡ ᠶᠢᠨ ᠤᠶᠢᠯᠡᠰ ᠢᠶᠠᠷ ᠶᠠᠳᠠᠭᠤ ᠶᠢ ᠲᠡᠳᠭᠦᠭᠦ ︽ᠵᠢᠵᠢᠭ ᠡᠮ ᠤᠨ ᠬᠠᠶᠢᠷᠴᠠᠭ︾ ᠬᠤᠪᠢᠶᠠᠵᠤ ᠶᠠᠳᠠᠭᠤ ᠭᠦᠴᠢᠷᠳᠡᠯᠳᠡᠢ ᠭᠦᠮᠦᠰ ᠲᠤ ︽ᠶᠠᠳᠠᠭᠤ ᠠᠴᠠ ᠠᠩᠬᠢᠵᠢᠷᠠᠭᠤᠯᠬᠤ ᠲᠠᠭᠠᠳᠬᠠᠯ︾ ᠠᠪᠴᠤ ᠥᠭᠪᠡ᠃ 2016 ᠣᠨ ᠠᠴᠠ ᠨᠠᠰᠢᠬᠢ ᠶᠠᠳᠠᠭᠤ ᠭᠦᠴᠢᠷᠳᠡᠯᠳᠡᠢ ᠭᠦᠮᠦᠰ ᠲᠤ ᠰᠦᠢᠳᠭᠡᠯ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠤ ᠡᠷᠡᠭᠦᠯ ᠡᠩᠭᠡ ᠶᠢᠨ ᠤᠶᠢᠯᠡᠰ ᠢᠶᠠᠷ ᠶᠠᠳᠠᠭᠤ ᠶᠢ ᠲᠡᠳᠭᠦᠭᠦ ︽ᠨᠢᠭᠡ ᠥᠷᠳᠡᠬᠡᠴᠢᠯᠡᠭᠰᠡᠨ︾ ᠦᠢᠯᠡᠴᠢᠯᠡᠭᠡᠨ ᠤ ᠴᠡᠭ 17 ᠶᠢ ᠪᠠᠶᠢᠭᠤᠯᠤᠨ ᠶᠠᠳᠠᠭᠤ ᠭᠦᠴᠢᠷᠳᠡᠯᠳᠡᠢ ᠭᠦᠮᠦᠰ ᠤᠨ ᠡᠮ ᠡᠮᠨᠡᠯᠭᠡ ᠶᠢᠨ ᠲᠠᠩᠰᠠᠨ ᠠᠴᠠ ᠲᠠᠶᠢᠯᠬᠤ ᠶᠢ ᠴᠠᠭ ᠲᠠᠷᠤᠢ ᠳᠤᠨᠢ ᠪᠡᠶᠡᠯᠡᠬᠦᠯᠬᠦ ᠶᠢ ᠪᠠᠲᠤᠯᠠᠪᠠ᠃ ᠲᠦᠷᠦ ᠶᠢᠨ ᠪᠣᠳᠣᠯᠭ᠎ᠠ ᠶᠢᠨ ᠲᠡᠮᠵᠢᠯᠭᠡ ᠶᠢᠨ ᠲᠠᠯ᠎ᠠ ᠪᠠᠷ᠂ ᠨᠦᠭᠦᠴᠡᠯ ᠳᠤ ᠨᠡᠶᠢᠴᠡᠭᠰᠡᠨ 11 ᠡᠷᠦᠭᠡ ᠶᠢᠨ 36 ᠶᠠᠳᠠᠭᠤ ᠭᠦᠴᠢᠷᠳᠡᠯᠳᠡᠢ ᠭᠦᠮᠦᠰ ᠢ ᠪᠦᠭᠦᠨ ᠢ ᠲᠡᠮᠵᠢᠨ ᠪᠠᠳᠤᠯᠠᠬᠤ ᠭᠡᠪᠴᠢᠶᠠᠨ ᠳᠤ ᠤᠷᠤᠭᠤᠯᠵᠤ ᠶᠠᠳᠠᠭᠤ ᠭᠦᠴᠢᠷᠳᠡᠯᠳᠡᠢ ᠭᠦᠮᠦᠰ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠬᠰᠠᠳ ᠲᠤ ᠨᠦᠭᠦᠪᠦᠷᠢ ᠣᠯᠭᠤᠪᠠ᠃ ᠴᠠᠭ ᠢᠮᠠᠬᠳᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ᠲᠥᠪ ᠠᠴᠠ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ ᠨᠡᠭᠡᠭᠡᠨ ᠭᠦᠭᠵᠢᠭᠦᠯᠦᠯᠳᠡ ᠶᠢᠨ ᠠᠵᠢᠯ ᠤᠨ ᠰᠢᠯᠭᠠᠨ ᠪᠠᠶᠢᠴᠠᠭᠠᠯᠳᠠ ᠳᠤ ᠢᠯᠡᠷᠡᠭᠰᠡᠨ ᠲᠤᠪᠤᠶᠢᠮ᠎ᠠ ᠠᠰᠠᠭᠤᠳᠠᠯ ᠵᠢᠴᠢ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠬᠤᠳᠠ ᠶᠢᠨ ︽ᠲᠤᠯᠤᠭ᠎ᠠ ᠶᠢ ᠪᠠᠶᠢᠴᠠᠭᠠᠨ ᠲᠤᠳᠤᠯᠠᠬᠤ︾ ᠱᠠᠭᠠᠷᠳᠠᠯᠭ᠎ᠠ ᠶᠢᠨ ᠲᠤᠭᠤᠷᠢᠨ ᠳᠤ ᠲᠤᠰᠬᠠᠢ ᠲᠦᠷᠦᠯ ᠤᠨ ᠠᠵᠢᠯ ᠤᠨ ᠲᠦᠰᠦᠪ ᠵᠤᠬᠢᠶᠠᠨ ᠪᠦᠭᠦ ᠬᠤᠰᠢᠭᠤᠨ ᠤ ᠡᠯ᠎ᠠ ᠬᠠᠪᠰᠤᠷᠤᠨ ᠲᠡᠳᠭᠦᠭᠦ ᠪᠠᠶᠢᠭᠤᠯᠭ᠎ᠠ ᠨᠢᠭᠡᠴᠢ᠂ 6 ᠰᠤᠮᠤ ᠪᠠᠯᠭᠠᠰᠤ ᠪᠠ 61 ᠭᠠᠴᠠᠭ᠎ᠠ ᠲᠤᠰᠬᠤᠨ ᠢ ᠵᠤᠬᠢᠶᠠᠨ ᠪᠠᠶᠢᠭᠤᠯᠤᠨ ᠪᠦᠭᠦ ᠲᠠᠯ᠎ᠠ ᠪᠠᠷ ᠵᠠᠰᠠᠨ ᠴᠡᠭᠴᠡᠯᠡᠬᠦ ᠠᠵᠢᠯ ᠦᠷᠨᠢᠭᠦᠯᠵᠦ 11858 ᠮᠠᠯᠴᠢᠨ ᠲᠠᠷᠢᠶᠠᠴᠢᠨ ᠡᠷᠦᠭᠡ ᠶᠢ ᠵᠢᠭᠰᠠᠭᠠᠨ ᠪᠠᠶᠢᠴᠠᠭᠠᠨ ᠨᠢᠭᠡ ᠭᠠᠴᠠᠭ᠎ᠠ ᠲᠤᠰᠬᠤᠨ ᠨᠢᠭᠡ ᠡᠷᠦᠭᠡ ᠶᠢ ᠦᠯᠡᠳᠡᠭᠡᠯ ᠦᠬᠡᠢ ᠪᠠᠶᠢᠬᠤ ᠶᠢ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠵᠡᠯ ᠰᠠᠨᠠᠭᠠᠨ ᠤ ᠰᠠᠨᠠᠭᠠᠴᠢᠯᠠᠭ᠎ᠠ ᠪᠠ ᠦᠢᠯᠡ ᠠᠵᠢᠯᠯᠠᠭᠠᠨ ᠤ ᠰᠠᠨᠠᠭᠠᠴᠢᠯᠠᠭ᠎ᠠ ᠪᠠᠨ ᠲᠠᠰᠤᠷᠠᠯᠳᠠ ᠦᠬᠡᠢ ᠨᠡᠮᠡᠭᠳᠡᠭᠦᠯᠵᠦ ︽ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠵᠤ ᠲᠦᠷᠪᠡᠨ ᠰᠠᠶᠢᠨ ᠪᠠᠶᠢᠬᠤ︾ ᠬᠠᠷᠠᠯᠲᠠ ᠶᠢ ᠪᠠᠲᠤ ᠪᠠᠷᠢᠮᠳᠠᠯᠠᠵᠤ ︽ᠬᠤᠣᠰ ᠬᠠᠷᠢᠭᠤᠴᠠᠯᠭ᠎ᠠ ︾ ᠶᠢᠨ ᠨᠠᠶᠢᠳᠠᠪᠤᠷᠢᠵᠢᠭᠤᠯᠤᠯᠳᠡ ᠶᠢ ᠴᠢᠩᠭᠠᠳᠬᠠᠨ ᠶᠠᠳᠠᠭᠤ ᠶᠢ ᠲᠡᠳᠭᠦᠭᠦ ᠲᠦᠷᠦᠯ ᠵᠦᠢᠯ ᠤᠨ ᠡᠮᠬᠢ ᠲᠠᠷᠠᠭ᠎ᠠ ᠲᠠᠢ ᠶᠠᠪᠤᠬᠳᠠᠬᠤ ᠶᠢ ᠠᠬᠢᠭᠤᠯᠵᠤ ᠶᠠᠳᠠᠭᠤ ᠶᠢ ᠲᠡᠳᠭᠦᠭᠦ ᠰᠠᠭᠤᠷᠢ ᠮᠦᠩᠭᠦᠨ ᠤ ᠬᠠᠮᠢᠶᠠᠷᠤᠯᠳᠡ ᠶᠢ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠰᠤ ᠴᠢᠨᠡᠷ ᠢ ᠪᠠᠳᠤᠯᠠᠵᠤ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号