10 ᠰᠠᠷ᠎ᠠ ᠶᠢᠨ 25 ᠤ ᠡᠲᠦᠷ ᠠᠴᠠ 26 ᠤ ᠡᠲᠦᠷ ᠪᠤᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠯᠢᠦ ᠷᠦᠢ ᠵᠢᠶᠧ ᠮᠠᠨ ᠤ ᠬᠤᠰᠢᠭᠤᠨ ᠳᠤ | ᠢᠷᠡᠵᠦ ᠨᠠᠮ ᠤᠨ ᠪᠠᠶᠢᠭᠤᠯᠤᠯᠲᠠ ᠪᠠᠷ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ | ᠠᠬᠢᠭᠤᠯᠤᠭᠰᠠᠨ ᠪᠠᠶᠢᠲᠠᠯ ᠳᠤ ᠬᠢᠨᠠᠨ ᠵᠢᠯᠤᠭᠤᠲᠤᠯᠭ᠎ᠠ ᠬᠢᠪᠠ᠃ ᠲᠡᠷᠡ ᠴᠢᠬᠤᠯᠠᠴᠢᠯᠠᠬᠤ ᠳᠤ ᠪᠠᠨ ᠰᠢ ᠶᠢᠨ ᠫᠢᠩ | ᠶᠡᠷᠦᠩᠬᠡᠢ ᠱᠦᠵᠢ ᠶᠢᠨ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠤᠨ ᠴᠢᠬᠤᠯᠠ ᠤᠨᠤᠯ ᠪᠠ | ᠵᠢᠭᠠᠪᠤᠷᠢ ᠶᠢᠨ ᠵᠤᠷᠢᠭ ᠰᠠᠨᠠᠭ᠎ᠠ ᠪᠠ ᠲᠦᠪ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠨᠠᠮ ᠤᠨ ᠬᠤᠷᠢᠶᠠᠨ ᠤ | ᠰᠢᠢᠳᠪᠦᠷᠢᠲᠦ ᠪᠤᠲᠤᠯᠭ᠎ᠠ ᠶᠢ ᠨᠠᠶᠢᠲᠠᠪᠤᠷᠢᠵᠢᠭᠤᠯᠤᠨ ᠦᠨᠲᠤᠰᠤᠨ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠪᠠᠬᠢᠯᠡᠯᠲᠠ ᠶᠢᠨ ᠦᠢᠯᠡᠲᠤᠯ᠂ ᠦᠵᠡᠯ ᠰᠠᠨᠠᠭᠠᠨ ᠤ ᠵᠢᠯᠤᠭᠤᠳᠤᠮᠵᠢ ᠪᠠ ᠠᠵᠦ ᠦᠢᠯᠡᠰ ᠢᠶᠠᠷ | ᠲᠠᠶᠢᠴᠢᠯᠠᠬᠤ ᠦᠢᠯᠡᠲᠦᠯ ᠢ ᠭᠦᠢᠴᠡᠳ ᠪᠠᠳᠠᠷᠠᠭᠤᠯᠤᠨ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ | ᠲᠠᠶᠢᠯᠠᠯᠲᠤᠭᠠᠨ ᠤ ᠢᠯᠠᠯᠲᠠ ᠶᠢ ᠲᠡᠮᠡᠴᠡᠨ ᠤᠯᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠱᠦᠵᠢ | ᠡᠷᠲᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠵᠤᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ ᠵᠣᠣ ᠶᠥᠩ ᠹᠧᠩ ᠵᠢᠴᠢ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠪᠠᠷᠠᠲᠠᠪᠠ᠃ | | | | | ᠯᠢᠦ ᠷᠦᠢ ᠵᠢᠶᠧ ᠤᠷᠢᠳ ᠬᠤᠵᠢᠳ ᠰᠢᠷᠬᠤᠰᠤᠨ ᠪᠠᠯᠭᠠᠰᠤ᠂ ᠰᠦᠯᠲᠡ ᠰᠤᠮᠤ᠂ ᠤᠯᠠᠭᠠᠨᠲᠤᠯᠤᠭᠠᠢ | ᠪᠠᠯᠭᠠᠰᠤ᠂ ᠦᠤᠰᠢᠨᠵᠤᠤ ᠪᠠᠯᠭᠠᠰᠤ ᠵᠡᠷᠭᠡ ᠭᠠᠵᠠᠷ ᠢᠶᠠᠷ ᠬᠦᠷᠴᠦ ᠬᠦᠲᠡᠭᠡ ᠲᠤᠰᠬᠤᠨ ᠤ ᠬᠠᠮᠲᠤ ᠶᠢᠨ ᠠᠵᠦ ᠠᠬᠤᠢ | ᠂ ᠮᠠᠯ ᠲᠠᠷᠢᠶᠠᠯᠠᠩ ᠤᠨ ᠬᠤᠷᠰᠢᠶᠠᠵᠢᠯ᠂ ᠬᠡᠰᠡᠭ ᠶᠠᠲᠠᠭᠤ ᠬᠦᠴᠢᠷᠲᠡᠯᠲᠡᠢ ᠡᠷᠦᠬᠡ ᠶᠢᠨ ᠦᠢᠯᠡᠳᠪᠦᠷᠢᠯᠡᠯ | ᠠᠮᠢᠲᠤᠷᠠᠯ ᠤᠨ ᠪᠠᠶᠢᠲᠠᠯ ᠵᠢᠴᠢ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠦᠷᠦ ᠶᠢᠨ | ᠪᠤᠲᠤᠯᠭ᠎ᠠ ᠶᠢ ᠬᠦᠷᠲᠡᠭᠰᠡᠨ ᠪᠠᠶᠢᠲᠠᠯ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠪᠠᠲᠠᠷᠠᠭᠤᠯᠵᠦ ᠪᠠᠶᠢᠭ᠎ᠠ ᠪᠠᠶᠢᠲᠠᠯ᠂ ᠬᠠᠮᠲᠦ ᠶᠢᠨ ᠠᠵᠦ ᠠᠬᠤᠢ ᠶᠢᠨ ᠪᠠᠶᠢᠭᠤᠯᠤᠯᠲᠠ᠂ ᠭᠠᠴᠠᠭ᠎ᠠ | ᠲᠤᠰᠬᠤᠨ ᠳᠤ ᠰᠠᠭᠤᠭ᠎ᠠ ᠺᠠᠳ᠋ᠷ ᠤᠨ ᠦᠢᠯᠡᠲᠦᠯ ᠢᠶᠠᠨ ᠪᠠᠲᠠᠷᠠᠭᠤᠯᠵᠦ ᠪᠠᠶᠢᠭ᠎ᠠ ᠪᠠᠶᠢᠲᠠᠯ ᠪᠠ ᠤᠨᠤᠪᠴᠢᠲᠠᠢ ᠪᠠᠷ | ᠶᠠᠲᠠᠭᠤ ᠶᠢ ᠲᠡᠳᠬᠦᠬᠦ ᠵᠡᠷᠭᠡ ᠠᠵᠢᠯ ᠢ ᠬᠤᠷᠰᠢᠶᠠᠵᠢᠯ ᠬᠠᠪᠰᠤᠷᠤᠨ ᠠᠬᠢᠭᠤᠯᠵᠦ ᠪᠠᠶᠢᠭ᠎ᠠ ᠪᠠᠶᠢᠲᠠᠯ ᠢ ᠨᠠᠷᠢᠨ | ᠦᠢᠯᠠᠭᠠᠪᠠ᠃ | ᠯᠢᠦ ᠷᠦᠢ ᠵᠢᠶᠧ ᠵᠢᠭᠠᠬᠤ ᠳᠤ ᠪᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠪᠤᠯᠤᠨ ᠭᠠᠴᠠᠭ᠎ᠠ | ᠲᠤᠰᠬᠤᠨ ᠤ ᠺᠠᠳ᠋ᠷ᠂ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷ ︽ᠲᠦᠷᠪᠠᠨ ᠦᠵᠡᠯ ᠤᠬᠠᠮᠰᠠᠷ︾ ᠢ ᠪᠠᠲᠤ ᠪᠤᠢ | ᠪᠤᠯᠭᠠᠵᠤ᠂ ᠶᠡᠷᠦᠩᠭᠡᠢ ᠱᠦᠵᠢ ᠰᠢ ᠶᠢᠨ ᠫᠢᠩ ᠤᠨ ᠶᠠᠲᠠᠭᠤ ᠶᠢ ᠲᠡᠳᠬᠦᠬᠦ ᠠᠵᠢᠯ ᠤᠨ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠪᠠ ᠡᠯ᠎ᠡ ᠱᠠᠲᠤᠨ ᠤ ᠨᠠᠮ ᠤᠨ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ | ᠠᠵᠢᠯ ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ ᠨᠠᠷᠢᠯᠢᠭ ᠤᠨᠤᠪᠴᠢᠲᠠᠢ ᠠᠷᠭ᠎ᠠ ᠬᠡᠮᠵᠢᠶ᠎ᠡ ᠪᠠᠷ ᠶᠠᠲᠠᠭᠤ ᠶᠢ | ᠲᠡᠳᠬᠦᠨ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠡᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠭᠠᠴᠠᠭ᠎ᠠ | ᠲᠤᠰᠬᠤᠨ ᠤ ᠨᠠᠮ ᠤᠨ ᠡᠭᠦᠷ ᠪᠤᠯ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠤᠨ ᠡᠮᠤᠨ᠎ᠠ | ᠹᠷᠤᠨᠲ ᠤᠨ ᠪᠠᠬᠢᠯᠡᠯᠲᠡ ᠪᠠᠶᠢᠵᠦ᠂ ᠲᠤᠰ ᠪᠡᠶ᠎ᠡ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠪᠠᠨ ᠰᠠᠶᠢᠲᠤᠷ | ᠠᠳᠬᠤᠨ ᠤᠯᠠᠨ ᠲᠦᠮᠡᠨ ᠳᠤ ᠦᠢᠯᠡᠴᠢᠯᠡᠬᠦ ᠴᠢᠲᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠬᠦᠯᠵᠤ ᠶᠠᠲᠠᠭᠤ ᠠᠴᠠ | ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠨ ᠲᠦᠪᠯᠡᠷᠡᠭᠦᠯᠦᠨ ᠰᠠᠶᠢᠲᠤᠷ ᠬᠢᠵᠦ ᠠᠷᠠᠳ | ᠲᠦᠮᠡᠨ ᠲᠠᠢ ᠨᠢᠭᠲᠠ ᠬᠠᠷᠢᠯᠴᠠᠨ ᠤᠠᠬᠠᠭᠤᠯᠭ᠎ᠠ ᠪᠠᠷ ᠤᠳᠤᠷᠢᠳᠤᠮᠵᠢ ᠪᠤᠯᠭᠠᠨ ᠲᠦᠷᠦ ᠶᠢᠨ ᠪᠤᠲᠤᠯᠭ᠎ᠠ ᠶᠢ ᠠᠵᠦ | ᠦᠢᠯᠡᠰ ᠤᠨ ᠬᠦᠭᠵᠢᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠠᠯᠪᠠᠨ ᠵᠢᠷᠦᠮ ᠤᠨ ᠰᠤᠷᠭᠠᠨ ᠬᠦᠮᠦᠵᠢᠯ ᠵᠡᠷᠭᠡ | ᠡᠯ᠎ᠡ ᠬᠦᠷᠢᠶ᠎ᠡ ᠴᠠᠷᠠᠭᠠᠨ ᠳᠤ ᠨᠡᠶᠢᠲᠠᠪᠤᠷᠢᠵᠢᠭᠤᠯᠵᠦ ᠤᠯᠠᠨ ᠲᠦᠮᠡᠨ ᠤ ᠦᠢᠯᠡᠳᠪᠦᠷᠢᠯᠡᠯ ᠠᠮᠢᠲᠤᠷᠠᠯ ᠳᠠᠭᠠᠨ | ᠲᠦᠰᠢᠭᠯᠡᠨ ᠶᠠᠲᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠢᠲᠡᠭᠡᠯ ᠵᠤᠷᠢᠭ ᠢ ᠨᠢ ᠬᠦᠭᠵᠢᠬᠡᠬᠦ ᠬᠡᠷᠡᠭᠲᠡᠢ᠃ | ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷ ᠡᠷᠬᠡᠪᠰᠢ ᠦᠨᠲᠦᠰᠦᠨ ᠱᠠᠲᠤᠨ ᠤ ᠪᠠᠶᠢᠳᠠᠯ ᠢ ᠦᠨᠲᠦᠰᠦᠯᠡᠨ ᠦᠨᠡᠨ | ᠰᠡᠳᠬᠢᠯ ᠠᠴᠠ ᠢᠶᠠᠨ ᠠᠷᠠᠳ ᠲᠦᠮᠡᠨ ᠳᠤ ᠦᠢᠯᠡᠴᠢᠯᠡᠨ ᠤᠯᠠᠨ ᠲᠦᠮᠡᠨ ᠤ ᠪᠤᠲᠠᠲᠠᠢ ᠬᠦᠴᠢᠷᠲᠡᠯ ᠢ ᠰᠢᠢᠳᠪᠦᠷᠢᠯᠡᠵᠦ | ᠡᠯ᠎ᠡ ᠰᠠᠯᠠᠭ᠎ᠠ ᠮᠦᠴᠢᠷ ᠤᠨ ᠲᠠᠪᠠᠭᠤᠯᠢᠭ ᠪᠠ ᠦᠪᠡᠷ ᠤᠨ ᠲᠠᠪᠠᠭᠤᠯᠢᠭ ᠢᠶᠠᠨ ᠪᠠᠲᠠᠷᠠᠭᠤᠯᠤᠨ ᠭᠠᠴᠠᠭ᠎ᠠ ᠲᠤᠰᠬᠤᠨ ᠤ | ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠪᠠ ᠬᠦᠲᠡᠭᠡ ᠲᠤᠰᠬᠤᠨ ᠢ ᠬᠦᠭᠵᠢᠭᠦᠯᠦᠨ | ᠮᠠᠨᠲᠤᠭᠤᠯᠬᠤ ᠠᠵᠢᠯ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠬᠡᠪᠡ᠃ | | | | | ᠯᠢᠦ ᠷᠦᠢ ᠵᠢᠶᠧ ᠲᠠᠯ᠎ᠠ ᠶᠢᠨ ᠤᠰᠤ ᠭᠠᠴᠠᠭᠠᠨ ᠤ ᠪᠠᠩᠬᠢ ᠶᠢᠨ ᠪᠤᠰᠤ ᠰᠠᠩᠬᠦᠤ ᠶᠢᠨ ᠨᠡᠶᠢᠬᠡᠮᠯᠢᠭ᠂ | ᠲᠤᠭᠤᠷᠢᠮ ᠭᠠᠴᠠᠭ᠎ᠠ᠂ ᠨᠤᠮ ᠤᠨ ᠤᠪᠤᠭ᠎ᠠ᠂ ᠪᠠᠶᠠᠨᠭᠤᠣᠯ ᠭᠠᠴᠠᠭ᠎ᠠ᠂ ᠤᠩᠭᠤᠨ ᠲᠠᠯ᠎ᠠ ᠲᠤᠰᠬᠠᠶᠢᠵᠢᠭᠰᠠᠨ | ᠬᠤᠷᠰᠢᠶᠠᠵᠢᠯ᠂ ︽ᠨᠠᠢᠮᠠᠨ ᠴᠠᠭᠠᠨ︾ ᠲᠡᠮᠲᠡᠭᠲᠦ ᠮᠠᠯ ᠲᠡᠵᠢᠭᠡᠪᠦᠷᠢ ᠶᠢᠨ ᠲᠤᠰᠬᠠᠶᠢᠵᠢᠭᠰᠠᠨ ᠬᠤᠷᠰᠢᠶᠠᠵᠢᠯ ᠵᠡᠷᠭᠡ | ᠭᠠᠵᠠᠷ ᠢᠶᠠᠷ ᠤᠴᠢᠨ ᠴᠢᠬᠤᠯᠠᠴᠢᠯᠠᠬᠤ ᠳᠤ ᠪᠠᠨ᠂ ᠭᠠᠴᠠᠭ᠎ᠠ ᠲᠤᠰᠬᠤᠨ ᠤ ᠬᠠᠮᠲᠦ ᠶᠢᠨ ᠠᠵᠦ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠪᠤᠵᠠᠭᠠᠶᠢᠷᠠᠭᠤᠯᠤᠨ ᠬᠦᠭᠵᠢᠭᠦᠯᠬᠦ ᠪᠤᠯ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ | ᠰᠢᠪᠲᠤᠯᠬᠤ ᠠᠵᠢᠯ ᠤᠨ ᠬᠦᠨᠲᠦ ᠴᠢᠬᠤᠯᠠ ᠡᠭᠦᠷᠭᠡ ᠪᠠᠶᠢᠵᠣ ᠮᠦᠨᠴᠦ ᠬᠦᠲᠡᠭᠡ ᠲᠤᠰᠬᠤᠨ ᠢ ᠬᠦᠭᠵᠢᠭᠦᠯᠦᠨ | ᠮᠠᠨᠲᠤᠭᠤᠯᠬᠤ ᠶᠢ ᠪᠠᠶᠠᠯᠡᠭᠦᠯᠭᠦ ᠴᠢᠬᠤᠯᠠ ᠵᠠᠩᠭᠢᠯᠠᠭ᠎ᠠ ᠪᠤᠯᠤᠨ᠎ᠠ᠃ ᠬᠠᠮᠲᠦ ᠶᠢᠨ ᠠᠵᠦ ᠠᠬᠤᠢ ᠶᠢ ᠲᠤᠬᠢᠷᠠᠮᠵᠢᠲᠠᠢ | ᠲᠦᠯᠦᠪᠵᠢᠭᠦᠯᠦᠨ ︽ᠵᠠᠭᠤᠨ ᠠᠵᠦ ᠠᠬᠤᠶᠢᠯᠠᠯ ᠵᠠᠭᠤᠨ ᠲᠤᠰᠬᠤᠨ ᠢ ᠲᠤᠰᠠᠯᠠᠬᠤ︾ ᠦᠢᠯᠡᠲᠦᠯ ᠢ ᠬᠦᠢᠴᠡᠳ | ᠪᠠᠳᠠᠷᠠᠭᠤᠯᠵᠤ ᠬᠠᠵᠠᠭᠤ ᠬᠠᠪᠢ ᠶᠢᠨ ᠠᠵᠦ ᠠᠬᠤᠶᠢᠯᠠᠯ ᠳᠤ ᠬᠦᠲᠡᠯᠮᠦᠷᠢ ᠬᠦᠴᠦᠨ ᠤ ᠦᠢᠯᠡᠴᠢᠯᠡᠭᠡ ᠬᠠᠩᠭᠠᠬᠤ ᠪᠠᠷ | ᠲᠠᠮᠵᠢᠨ ᠠᠵᠦ ᠠᠬᠤᠶᠢᠯᠠᠯ ᠪᠤᠯᠤᠨ ᠭᠠᠴᠠᠭ᠎ᠠ ᠲᠤᠰᠬᠤᠨ ᠤ ᠤᠷᠲᠤ ᠬᠤᠭᠤᠴᠠᠭᠠᠨ ᠤ ᠬᠠᠮᠲᠤᠷᠠᠯᠴᠠᠭ᠎ᠠ ᠶᠢ | ᠪᠠᠶᠢᠭᠤᠯᠵᠦ ︽ᠨᠠᠮ ᠤᠨ ᠡᠭᠦᠷ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ + ᠶᠠᠲᠠᠭᠤ ᠬᠦᠴᠢᠷᠲᠡᠯᠲᠡᠢ | ᠡᠷᠦᠬᠡ︾ ᠶᠢᠨ ᠠᠰᠢᠭ ᠲᠤᠰᠠ ᠶᠢᠨ ᠬᠤᠯᠪᠤᠭᠠᠯᠠᠭᠰᠠᠨ ᠲᠤᠭᠲᠠᠯᠴᠠᠭ᠎ᠠ ᠶᠢ ᠪᠠᠶᠢᠭᠤᠯᠤᠨ ᠠᠷᠠᠳ ᠲᠦᠮᠡᠨ ᠢ | ᠬᠠᠪᠰᠤᠷᠤᠨ ᠤᠷᠤᠯᠭ᠎ᠠ ᠶᠢ ᠨᠢ ᠨᠡᠮᠡᠭᠲᠡᠭᠦᠯᠵᠦ ᠪᠠᠶᠠᠵᠢᠨ ᠴᠢᠨᠡᠭᠡᠯᠢᠭᠵᠢᠭᠦᠯᠬᠦ ᠬᠡᠷᠡᠭᠲᠡᠢ᠃ ᠬᠤᠰᠢᠭᠤᠨ ᠤ ᠪᠠᠨ | ᠲᠠᠪᠠᠭᠤᠯᠢᠭ ᠡᠬᠢ ᠪᠠᠶᠠᠯᠢᠭ ᠢᠶᠠᠨ ᠲᠦᠯᠦᠪᠵᠢᠭᠦᠯᠦᠨ ᠬᠦᠭᠵᠢᠭᠦᠯᠵᠦ᠂ ᠤᠷᠲᠤᠰ ᠨᠠᠷᠢᠨ ᠨᠤᠤᠰᠤᠲᠤ ᠬᠤᠨᠢ᠂ ᠲᠠᠯ᠎ᠠ | ᠨᠤᠲᠤᠭ ᠤᠨ ᠤᠯᠠᠭᠠᠨ ᠦᠬᠡᠷ᠂ ᠦᠤᠰᠢᠨ ᠵᠢᠷᠤᠭ᠎ᠠ ᠮᠤᠷᠢ ᠵᠡᠷᠭᠡ ᠮᠠᠯ ᠠᠵᠦ ᠠᠬᠤᠢ ᠶᠢ ᠬᠦᠭᠵᠢᠭᠦᠯᠦᠨ ᠰᠤᠶᠤᠯ | ᠵᠢᠭᠤᠯᠴᠢᠯᠠᠯ ᠤᠨ ᠡᠬᠢ ᠪᠠᠶᠠᠯᠢᠭ ᠢ ᠵᠤᠬᠢᠰᠲᠠᠢ ᠠᠰᠢᠭᠯᠠᠵᠤ ᠤᠷᠤᠨ ᠪᠥᠰᠡ ᠶᠢᠨ ᠵᠢᠭᠤᠯᠴᠢᠯᠠᠯ ᠤᠨ ᠦᠢᠯᠡᠰ ᠢ | ᠠᠬᠢᠭᠤᠯᠤᠨ ︽ᠮᠠᠯᠵᠢᠬᠤ ᠳ᠋ᠠᠵᠠᠢ ᠦᠤᠰᠢᠨᠵᠤᠤ︾ ᠶᠢᠨ ᠵᠤᠷᠢᠭ ᠰᠠᠨᠠᠭ᠎ᠠ ᠶᠢ ᠦᠷᠭᠦᠯᠵᠢᠯᠡᠨ ᠪᠠᠲᠠᠷᠠᠭᠤᠯᠵᠦ ᠠᠮᠢ | ᠠᠬᠤᠢ ᠶᠢᠨ ᠪᠤᠯᠪᠠᠰᠤᠨ ᠤ ᠬᠦᠮᠦᠵᠢᠯ ᠵᠢᠴᠢ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠢ ᠰᠠᠶᠢᠲᠤᠷ ᠬᠢᠬᠦ | ᠬᠡᠷᠡᠭᠲᠡᠢ ᠬᠡᠪᠡ᠃ | | | | | | | ᠯᠢᠦ ᠷᠦᠢ ᠵᠢᠶᠧ ᠴᠢᠬᠤᠯᠠᠴᠢᠯᠠᠬᠤ ᠳᠤ ᠪᠠᠨ᠂ ᠨᠠᠮ ᠤᠨ ᠪᠠᠶᠢᠭᠤᠯᠤᠯᠲᠠ ᠪᠠᠷ ᠶᠠᠲᠠᠭᠤ ᠠᠴᠠ | ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠠᠬᠢᠭᠤᠯᠬᠤ ᠪᠤᠯ ᠡᠯ᠎ᠡ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢᠨ ᠵᠠᠶᠢᠯᠠᠭᠤᠯᠵᠤ ᠪᠤᠯᠤᠰᠢ ᠦᠭᠡᠢ ᠡᠭᠦᠷᠭᠡ ᠬᠠᠷᠢᠭᠤᠴᠠᠯᠭ᠎ᠠ ᠪᠤᠯᠤᠨ᠎ᠠ᠃ ᠡᠯ᠎ᠡ ᠱᠠᠲᠤᠨ ᠤ ᠨᠠᠮ ᠤᠨ | ᠵᠤᠬᠢᠶᠠᠨ ᠪᠠᠶᠢᠭᠤᠯᠤᠯᠲᠠ ᠨᠢ ᠬᠠᠷᠢᠭᠤᠴᠠᠯᠭᠠᠲᠤ ᠤᠬᠠᠮᠰᠠᠷ ᠢᠶᠠᠨ ᠲᠡᠭᠡᠭᠰᠢᠯᠡᠭᠦᠯᠦᠨ ᠤᠯᠤᠰ ᠲᠦᠷᠦ ᠶᠢᠨ | ᠴᠢᠲᠠᠪᠤᠷᠢ ᠪᠠᠨ ᠴᠢᠩᠭᠠᠳᠬᠠᠵᠦ ᠨᠠᠮ ᠤᠨ ᠤᠯᠤᠰ ᠲᠦᠷᠦ ᠶᠢᠨ ᠲᠠᠪᠠᠭᠤᠯᠢᠭ ᠂ ᠵᠤᠬᠢᠶᠠᠨ ᠪᠠᠶᠢᠭᠤᠯᠤᠯᠲᠠ ᠶᠢᠨ | ᠲᠠᠪᠠᠭᠤᠯᠢᠭ ᠪᠠ ᠤᠯᠠᠨ ᠲᠦᠮᠡᠨ ᠲᠠᠢ ᠨᠢᠭᠲᠠ ᠬᠠᠷᠢᠯᠴᠠᠬᠤ ᠲᠠᠪᠠᠭᠤᠯᠢᠭ ᠢᠶᠠᠨ ᠬᠦᠢᠴᠡᠳ ᠪᠠᠲᠠᠷᠠᠭᠤᠯᠤᠨ | ᠲᠦᠪ ᠤᠨ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠡᠯ᠎ᠡ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠨ ᠴᠢᠷᠮᠡᠶᠢᠨ ᠠᠵᠢᠯᠯᠠᠬᠤ ᠪᠤᠲᠠᠲᠤ ᠠᠵᠢᠯ ᠪᠤᠯᠭᠠᠨ | ᠬᠤᠪᠢᠷᠠᠭᠤᠯᠵᠦ ᠶᠠᠲᠠᠭᠤ ᠬᠦᠴᠢᠷᠲᠡᠯᠲᠡᠢ ᠤᠯᠠᠨ ᠲᠦᠮᠡᠨ ᠳᠤ ᠨᠠᠮ ᠤᠨ ᠲᠦᠷᠦ ᠶᠢᠨ ᠪᠤᠲᠤᠯᠭ᠎ᠠ ᠶᠢᠨ ᠰᠠᠶᠢᠨ ᠢ | ᠮᠡᠳᠡᠷᠡᠭᠦᠯᠦᠨ ᠭᠤᠶᠢᠪᠢᠰᠢ ᠦᠭᠡᠢ ᠪᠠᠷ ᠨᠠᠮ ᠢᠶᠠᠨ ᠲᠠᠭᠠᠵᠦ᠂ ᠰᠡᠳᠬᠢᠯ ᠨᠢᠭᠡᠳᠦᠨ ᠬᠦᠴᠦᠨ ᠢᠶᠠᠨ ᠲᠦᠪᠯᠡᠷᠡᠭᠦᠯᠵᠤ | ᠶᠠᠲᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠠᠯᠲᠠ ᠶᠢ ᠲᠡᠮᠡᠴᠡᠨ ᠤᠯᠵᠦ | ᠬᠦᠲᠡᠭᠡ ᠲᠤᠰᠬᠤᠨ ᠢ ᠬᠦᠭᠵᠢᠭᠦᠯᠦᠨ ᠮᠠᠨᠲᠤᠭᠤᠯᠬᠤ ᠵᠠᠮ ᠢᠶᠠᠷ ᠰᠡᠶᠢᠲᠦᠷ ᠵᠠᠮᠨᠠᠬᠤ ᠬᠡᠷᠡᠭᠲᠡᠢ ᠬᠡᠪᠡ᠃ | | | | | | | | | |