ᠭᠠᠯᠠᠭᠤᠲᠦ ᠪᠠᠯᠭᠠᠰᠤᠨ ᠤ ᠤᠰᠤᠨ ᠰᠢᠰᠲ᠋ᠧᠮ ᠤᠨ ᠦᠵᠡᠮᠵᠢ ᠶᠢᠨ ᠪᠠᠷᠢᠯᠭ᠎ᠠ ᠶᠢᠨ ᠲᠦᠯᠦᠪᠵᠢᠭᠦᠯᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-11-02
     10 ᠰᠠᠷ᠎ᠠ ᠶᠢᠨ 30 ᠤ ᠡᠳᠤᠷ᠂ ᠭᠠᠯᠠᠭᠤᠲᠦ ᠪᠠᠯᠭᠠᠰᠤᠨ ᠤ ᠤᠰᠤᠨ ᠰᠢᠰᠲ᠋ᠧᠮ ᠤᠨ ᠦᠵᠡᠮᠵᠢ ᠶᠢᠨ ᠪᠠᠷᠢᠯᠭ᠎ᠠ ᠶᠢᠨ ᠲᠦᠯᠦᠪᠵᠢᠭᠦᠯᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠬᠤᠷᠠᠯ ᠳᠤ ᠰᠠᠭᠠᠲᠠᠵᠤ᠂ ᠬᠤᠰᠢᠭᠤ ᠤᠳᠤᠷᠢᠳᠤᠯᠭ᠎ᠠ ᠯᠢ ᠰᠢᠦ ᠹᠧᠩ᠂ ᠭᠤᠤ ᠬᠤ᠋᠂ ᠵᠸᠦ ᠱᠤᠸᠠᠢ᠂ ᠪᠠᠶᠠᠠᠴᠡᠩᠬᠡᠯ᠂ ᠸᠠᠩ ᠭᠠᠩ ᠵᠡᠷᠬᠡ ᠣᠳᠣᠷᠢᠳᠣᠯᠭ᠎ᠠ ᠪᠠ ᠵᠠᠰᠠᠭ ᠤᠨ ᠤᠷᠳᠤᠨ  ᠤ ᠠᠯᠪᠠᠨ ᠭᠡᠷ᠂ ᠬᠦᠭᠵᠢᠭᠦᠯᠦᠯᠲᠡ ᠦᠭᠡᠷᠡᠴᠢᠯᠡᠯᠲᠡ ᠶᠢᠨ ᠳᠤᠪᠴᠢᠶ᠎ᠠ᠂ ᠤᠷᠤᠨ ᠰᠠᠭᠤᠴᠠ ᠪᠠ ᠬᠤᠲᠠ ᠬᠦᠳᠡᠭᠡ  ᠶᠢᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠪᠴᠢᠶ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠳᠤᠪᠴᠢᠶ᠎ᠠ᠂ ᠤᠰᠤᠨ ᠠᠰᠢᠭᠯᠠᠯᠲᠠ ᠶᠢᠨ ᠳᠤᠪᠴᠢᠶ᠎ᠠ ᠵᠢᠴᠢ ᠭᠠᠯᠠᠭᠤᠲᠦ ᠪᠠᠯᠭᠠᠰᠤ᠂ ᠰᠦᠯᠳᠡ ᠰᠤᠮᠤ ᠂ ᠵᠢᠷᠤᠭ ᠲᠦᠯᠦᠪᠯᠡᠭᠡ ᠶᠢ ᠬᠠᠷᠢᠭᠤᠴᠠᠵᠤ ᠪᠠᠶᠢᠭ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠤ᠂ ᠬᠤᠰᠢᠭᠤ ᠳᠡᠳ᠋ ᠳᠠᠷᠤᠭ᠎ᠠ ᠵᠸᠦ ᠱᠤᠸᠠᠢ ᠬᠤᠷᠠᠯ ᠡᠷᠬᠢᠯᠡᠪᠡ᠃      ᠬᠤᠷᠠᠯ ᠳᠡᠭᠡᠷ᠎ᠡ᠂ ᠵᠢᠷᠤᠭ ᠲᠦᠯᠦᠪᠯᠡᠭᠡ ᠶᠢ ᠬᠠᠷᠢᠭᠤᠴᠠᠵᠤ ᠪᠠᠶᠢᠭ᠎ᠠ ᠪᠡᠭᠡᠵᠢᠩ ᠤᠨ ᠳᠤᠮᠳᠠᠳᠤ ᠭᠠᠳᠠᠭᠠᠳᠤ  ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠦᠯᠦᠪᠯᠡᠭᠡᠨ ᠤ ᠺᠤᠮᠫᠠᠨᠢ ᠠᠴᠠ ᠲᠦᠯᠦᠪᠵᠢᠭᠦᠯᠭᠡ ᠶᠢ ᠵᠤᠬᠢᠶᠠᠵᠤ ᠲᠦᠯᠦᠪᠯᠡᠭᠰᠡᠨ ᠡᠭᠦᠰᠦᠯ ᠰᠢᠯᠲᠠᠭᠠᠨ᠂ ᠤᠰᠤᠨ ᠰᠢᠰᠲ᠋ᠧᠮ ᠤᠨ ᠲᠦᠰᠦᠯ ᠲᠦᠯᠦᠪᠵᠢᠭᠦᠯᠭᠡ᠂ ᠵᠢᠷᠤᠵᠤ ᠲᠦᠯᠦᠪᠯᠡᠭᠰᠡᠨ ᠤᠨᠤᠯᠵᠢᠭᠤᠨ ᠵᠢᠴᠢ ᠲᠤᠭᠤᠷᠢᠭ ᠬᠤᠪᠢᠶᠠᠨ ᠲᠦᠯᠦᠪᠵᠢᠭᠦᠯᠦᠭᠰᠡᠨ ᠪᠠᠶᠢᠳᠠᠯ ᠵᠡᠷᠭᠡ ᠲᠠᠯ᠎ᠠ ᠠᠴᠠ ︽ᠭᠠᠯᠠᠭᠤᠲᠦ ᠪᠠᠯᠭᠠᠰᠤᠨ ᠤ ᠤᠰᠤᠨ ᠰᠢᠰᠲ᠋ᠧᠮ ᠤᠨ ᠦᠵᠡᠮᠵᠢ ᠶᠢᠨ ᠪᠠᠷᠢᠯᠭ᠎ᠠ ᠶᠢᠨ ᠲᠦᠯᠦᠪᠵᠢᠭᠦᠯᠭᠡ︾ ᠶᠢ ᠨᠠᠶᠢᠷᠠᠭᠤᠯᠵᠤ ᠵᠤᠬᠢᠶᠠᠭᠰᠠᠨ ᠪᠠᠶᠢᠳᠠᠯ ᠢ ᠲᠠᠨᠢᠯᠴᠠᠭᠤᠯᠪᠠ᠃      ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠨᠠᠷ ᠪᠤᠯᠤᠨ ᠰᠠᠯᠠᠭ᠎ᠠ ᠮᠦᠴᠢᠷ ᠤᠨ ᠬᠢᠨ ᠭᠠᠯᠠᠭᠤᠲᠦ ᠪᠠᠯᠭᠠᠰᠤᠨ ᠤ ᠤᠳᠤᠬᠠᠨ ᠤ ᠤᠰᠤᠨ ᠰᠢᠰᠲ᠋ᠧᠮ ᠤᠨ ᠬᠤᠪᠢᠶᠠᠷᠢᠯᠠᠯᠲᠠ ᠶᠢᠨ ᠪᠠᠶᠢᠳᠠᠯ᠂ ᠵᠠᠮ᠂ ᠭᠠᠵᠠᠷ ᠰᠢᠷᠤᠢ ᠶᠢᠨ ᠪᠠᠶᠢᠳᠠᠯ ᠵᠢᠴᠢ ᠨᠤᠭᠤᠭᠠᠷᠠᠭᠤᠯᠤᠯᠲᠠ ᠴᠡᠴᠡᠷᠯᠢᠭᠵᠢᠭᠦᠯᠦᠯᠲᠡ ᠵᠡᠷᠭᠡ ᠲᠠᠯ᠎ᠠ ᠶᠢᠨ ᠤᠨᠴᠠᠯᠢᠭ ᠯᠤᠭ᠎ᠠ ᠤᠶᠠᠯᠳᠤᠭᠤᠯᠤᠨ ᠤᠰᠤᠨ ᠰᠢᠰᠲ᠋ᠧᠮ ᠤᠨ ᠦᠵᠡᠮᠵᠢ ᠶᠢᠨ ᠪᠠᠷᠢᠯᠭ᠎ᠠ ᠶᠢᠨ ᠲᠦᠯᠦᠪᠵᠢᠭᠦᠯᠭᠡ ᠲᠤᠭᠤᠷᠢᠨ ᠳᠤ ᠬᠦᠨᠵᠠᠭᠡᠢ ᠶᠠᠷᠢᠯᠴᠠᠬᠤ  ᠶᠢᠨ ᠬᠠᠮᠲᠦ ᠵᠠᠰᠠᠵᠤ ᠦᠭᠡᠷᠡᠴᠢᠯᠡᠬᠦ ᠰᠠᠨᠠᠯ ᠰᠠᠨᠠᠭᠤᠯᠭ᠎ᠠ ᠪᠠᠨ ᠲᠤᠷᠠᠳᠪᠠ᠃
     
       ᠡᠷᠳᠡᠨᠢᠪᠢᠯᠢᠭ ᠪᠤᠯᠤᠨ ᠵᠤᠤ ᠹᠸᠢ ᠯᠤ᠋ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠵᠢᠭᠠᠬᠤ ᠳᠤ  ᠪᠠᠨ᠂ ᠤᠰᠤᠨ ᠰᠢᠰᠲ᠋ᠧᠮ ᠤᠨ ᠲᠦᠯᠦᠪᠵᠢᠭᠦᠯᠭᠡ ᠡᠷᠬᠡᠪᠰᠢ ᠪᠤᠳᠠᠳᠦ ᠪᠠᠶᠢᠳᠠᠯ ᠠᠴᠠ ᠡᠭᠦᠰᠴᠦ᠂ ᠬᠡᠷᠡᠭᠵᠢᠭᠦᠯᠵᠤ ᠪᠤᠯᠬᠤᠶᠢᠴᠠ᠂ ᠰᠢᠨᠵᠢᠯᠡᠬᠦ ᠤᠬᠠᠭᠠᠨᠴᠢ᠂ ᠡᠷᠴᠢᠮᠵᠢᠭᠰᠡᠨ ᠪᠠᠶᠢᠬᠤ ᠵᠠᠷᠴᠢᠮ ᠢ ᠪᠠᠷᠢᠮᠲᠠᠯᠠᠨ᠂ ᠪᠦᠬᠦ ᠬᠤᠰᠢᠭᠤᠨ ᠤ ᠤᠰᠤᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠲᠦᠰᠦᠯ᠂ ᠬᠤᠲᠠ ᠶᠢᠨ ᠶᠡᠷᠦᠩᠬᠡᠢ ᠲᠦᠯᠦᠪᠵᠢᠭᠦᠯᠭᠡ ᠵᠡᠷᠭᠡ  ᠲᠠᠢ ᠬᠠᠷᠢᠯᠴᠠᠨ ᠠᠪᠴᠠᠯᠳᠤᠭᠤᠯᠵᠤ᠂ ᠨᠢᠭᠡᠲᠦᠯᠳᠡᠢ ᠲᠦᠯᠦᠪᠵᠢᠭᠦᠯᠦᠨ ᠪᠤᠳᠤᠯᠬᠢᠯᠠᠵᠤ᠂ ᠬᠤᠲᠠ ᠶᠢᠨ ᠴᠡᠪᠡᠷᠰᠢᠭᠦᠯᠦᠭᠰᠡᠨ ᠪᠤᠬᠢᠷ ᠤᠰᠤ᠂ ᠪᠤᠷᠤᠭᠠᠨ ᠤ ᠤᠰᠤ ᠵᠡᠷᠭᠡ ᠡᠯ᠎ᠡ ᠲᠦᠷᠦᠯ ᠤᠨ ᠤᠰᠤᠨ ᠰᠤᠷᠪᠤᠯᠵᠢ ᠶᠢ ᠲᠦᠷᠦᠯ ᠬᠤᠪᠢᠶᠠᠨ ᠠᠰᠢᠭᠯᠠᠬᠤ ᠬᠡᠷᠡᠭᠲᠡᠢ᠃ ᠰᠠᠭᠤᠷᠢ ᠲᠤᠭ᠎ᠠ ᠪᠠᠷᠢᠮᠲᠠ ᠶᠢ ᠡᠮᠬᠢᠳᠬᠡᠨ ᠴᠤᠭᠯᠠᠭᠤᠯᠬᠤ ᠪᠤᠯᠤᠨ ᠬᠡᠮᠵᠢᠨ ᠪᠤᠲᠤᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠭᠡ ᠶᠢ ᠵᠤᠬᠢᠶᠠᠨ ᠨᠠᠶᠢᠷᠠᠭᠤᠯᠵᠤ᠂ ᠬᠡᠪᠴᠢᠶᠡᠵᠢᠯ ᠢ ᠨᠢ ᠵᠤᠬᠢᠰᠲᠠᠢ ᠲᠦᠯᠦᠪᠯᠡᠬᠦ ᠶᠢ ᠪᠠᠲᠤᠯᠠᠬᠤ ᠬᠡᠷᠡᠭᠲᠡᠢ᠃ ᠦᠵᠡᠮᠵᠢ ᠶᠢ ᠳᠤᠪᠤᠶᠢᠯᠭᠠᠬᠤ ᠶᠢᠨ ᠵᠡᠷᠭᠡᠪᠡᠷ ᠪᠠᠴᠢᠮ ᠪᠠᠶᠢᠳᠠᠯ ᠢ ᠰᠢᠢᠳᠪᠤᠷᠢᠯᠡᠵᠤ ᠦᠶᠡᠷ ᠢ ᠰᠡᠷᠭᠡᠶᠢᠯᠡᠬᠦ᠂ ᠠᠮᠢᠳᠤ ᠪᠤᠳᠠᠰ ᠤᠨ ᠤᠯᠠᠨ ᠶᠠᠩᠵᠤᠳᠦ ᠴᠢᠨᠠᠷ ᠢ ᠬᠠᠮᠠᠭᠠᠯᠠᠬᠤ ᠵᠡᠷᠭᠡ ᠱᠠᠭᠠᠷᠲᠠᠯᠭ᠎ᠠ ᠶᠢ ᠨᠢᠭᠡᠳᠦᠯᠲᠡᠢ ᠲᠦᠯᠦᠪᠵᠢᠬᠦᠯᠬᠦ ᠬᠡᠷᠡᠭᠲᠡᠢ᠃ ᠪᠠᠯᠭᠠᠰᠤᠨ ᠲᠤᠭᠤᠷᠢᠭ ᠤᠨ ᠤᠤᠯ  ᠤᠨ ᠤᠰᠤᠨ ᠰᠢᠰᠲ᠋ᠧᠮ ᠤᠨ ᠰᠤᠪᠠᠭ ᠬᠤᠭᠤᠯᠠᠢ ᠶᠢ ᠬᠦᠢᠴᠡᠳ ᠠᠰᠢᠭᠯᠠᠵᠤ ᠪᠠᠶᠢᠭᠠᠯᠢ ᠭᠠᠵᠠᠷ ᠵᠦᠢ ᠶᠢᠨ ᠪᠠᠶᠢᠷᠢᠰᠢᠯ ᠢ ᠠᠰᠢᠭᠯᠠᠨ ᠮᠤᠷᠢᠨ ᠬᠤᠭᠤᠷ ᠤᠨ ᠤᠨᠴᠠᠯᠢᠭᠲᠦ ᠪᠠᠯᠭᠠᠰᠤ ᠶᠢ ᠪᠦᠲᠦᠭᠡᠨ ᠪᠠᠶᠢᠭᠤᠯᠬᠤ᠂ ᠬᠠᠭᠤᠴᠢᠨ ᠲᠤᠭᠤᠷᠢᠭ ᠢ ᠦᠭᠡᠷᠡᠴᠢᠯᠡᠨ ᠵᠠᠰᠠᠬᠤ ᠯᠤᠭ᠎ᠠ ᠤᠶᠠᠯᠳᠤᠭᠤᠯᠤᠨ ᠭᠤᠤᠯᠳᠠᠯᠭ᠎ᠠ ᠶᠢ ᠲᠤᠪᠤᠶᠢᠯᠭᠠᠨ ᠠᠯᠬᠤᠮ ᠬᠤᠪᠢᠶᠠᠨ ᠬᠡᠷᠡᠭᠵᠢᠬᠦᠯᠵᠤ᠂ ᠬᠤᠲᠠ ᠲᠤᠭᠤᠷᠢᠭ ᠤᠨ ᠤᠰᠤᠨ ᠴᠠᠷᠠᠭᠠᠨ ᠤ ᠲᠠᠯᠠᠪᠠᠢ ᠶᠢ ᠦᠷᠭᠡᠳᠬᠡᠨ ᠬᠤᠲᠠ ᠪᠠᠯᠭᠠᠰᠤ ᠶᠢᠨ ᠤᠰᠤᠨ ᠰᠢᠰᠲ᠋ᠧᠮ ᠤᠨ ᠦᠵᠡᠮᠵᠢ ᠶᠢᠨ ᠪᠠᠷᠢᠯᠭ᠎ᠠ ᠶᠢᠨ ᠠᠵᠢᠯ ᠢ ᠰᠠᠶᠢᠲᠤᠷ ᠬᠢᠵᠤ᠂ ᠠᠵᠢᠯᠯᠠᠵᠤ ᠠᠮᠢᠲᠤᠷᠠᠬᠤ ᠵᠤᠭᠠᠴᠠᠨ ᠲᠤᠭᠤᠷᠢᠬᠤ ᠳᠤ ᠲᠠᠭᠠᠯᠠᠮᠵᠢᠲᠠᠢ ᠤᠷᠤᠰᠢᠨ ᠰᠠᠭᠤᠷᠢᠰᠢᠬᠤ ᠰᠠᠶᠢᠨ ᠰᠠᠶᠢᠬᠠᠨ ᠤᠷᠴᠢᠨ ᠢ ᠡᠭᠦᠳᠬᠦ ᠪᠠᠷ ᠴᠢᠷᠮᠠᠶᠢᠬᠤ ᠬᠡᠷᠡᠭᠲᠡᠢ ᠬᠡᠪᠡ᠃      ᠬᠤᠰᠢᠭᠤ ᠳᠡᠳ᠋ ᠳᠠᠷᠤᠭ᠎ᠠ ᠵᠸᠦ ᠱᠤᠸᠠᠢ ᠳ᠋ᠦᠩᠨᠡᠯᠲᠡ ᠬᠢᠵᠤ ᠴᠢᠬᠤᠯᠠᠴᠢᠯᠠᠬᠤ ᠳᠤ ᠪᠠᠨ᠂ ᠵᠢᠷᠦᠵᠤ ᠲᠦᠯᠦᠪᠵᠢᠬᠦᠯᠬᠦ ᠪᠠᠶᠢᠭᠤᠯᠭ᠎ᠠ ᠶᠢᠨ ᠬᠢᠨ ᠡᠷᠬᠡᠪᠰᠢ ᠲᠤᠰ ᠤᠳᠠᠭᠠᠨ ᠤ ᠬᠤᠷᠠᠯ ᠳᠡᠭᠡᠷ᠎ᠡ ᠳᠤᠷᠠᠳᠤᠭᠰᠠᠨ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠡᠮᠬᠢᠳᠬᠡᠨ ᠬᠤᠷᠢᠶᠠᠩᠭᠤᠶᠢᠯᠠᠵᠤ᠂ ᠲᠤᠬᠠᠢ ᠶᠢᠨ ᠭᠠᠵᠠᠷ ᠳᠤᠨᠢ ᠪᠠᠶᠢᠴᠠᠭᠠᠨ ᠰᠤᠳᠤᠯᠤᠯᠲᠠ ᠬᠢᠵᠤ᠂ ᠬᠦᠢᠴᠡᠳ ᠨᠤᠲᠠᠯᠠᠭᠰᠠᠨ ᠰᠠᠭᠤᠷᠢᠨ ᠳᠡᠭᠡᠷ᠎ᠡ ᠲᠦᠯᠦᠪᠵᠢᠭᠦᠯᠭᠡ ᠳᠤ ᠲᠠᠬᠢᠨ ᠲᠤᠬᠢᠷᠠᠭᠤᠯᠤᠯᠲᠠ ᠨᠦᠬᠦᠪᠦᠷᠢᠯᠡᠯᠲᠡ ᠬᠢᠵᠤ ᠴᠢᠨᠠᠭᠰᠢᠲᠠ ᠲᠡᠭᠦᠯᠲᠡᠷᠵᠢᠭᠦᠯᠦᠨ᠂ ᠠᠯᠬᠤᠮ ᠬᠤᠪᠢᠶᠠᠨ ᠬᠡᠷᠡᠭᠵᠢᠬᠦᠯᠬᠦ ᠲᠦᠰᠦᠪ ᠢᠶᠠᠨ ᠨᠠᠷᠢᠯᠢᠭᠵᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠬᠠᠷᠢᠯᠴᠠᠨ ᠬᠠᠮᠲᠤᠷᠠᠯᠴᠠᠵᠤ᠂ ᠲᠦᠯᠦᠪᠵᠢᠬᠦᠯᠬᠡ ᠶᠢ ᠵᠤᠬᠢᠶᠠᠵᠤ ᠨᠠᠶᠢᠷᠠᠭᠤᠯᠬᠤ ᠠᠵᠢᠯ ᠢ ᠡᠷᠲᠡᠭᠡᠨ ᠪᠡᠶᠡᠯᠡᠬᠦᠯᠬᠦ ᠶᠢ ᠪᠠᠲᠤᠯᠠᠬᠤ  ᠶᠢᠨ ᠬᠠᠮᠲᠦ ᠲᠦᠷᠦᠯ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠤ ᠲᠦᠯᠦᠪᠵᠢᠭᠦᠯᠭᠡ ᠶᠢ ᠤᠷᠤᠭᠰᠢᠲᠠᠢ ᠬᠡᠷᠡᠭᠵᠢᠬᠦᠯᠬᠦ ᠳᠤ ᠪᠠᠲᠦ ᠪᠠᠬᠢ ᠰᠠᠭᠤᠷᠢ ᠶᠢ ᠲᠠᠯᠪᠢᠬᠤ ᠬᠡᠷᠡᠭᠲᠡᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号