11 ᠰᠠᠷ᠎ᠠ ᠶᠢᠨ 13 ᠤ ᠡᠳᠤᠷ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ ᠠᠷᠠᠳ | ᠲᠦᠮᠡᠨ ᠤ ᠳᠤᠮᠳᠠ ᠤᠴᠢᠬᠤ︾ ᠰᠢ ᠵᠦᠴᠦᠭᠡ ᠶᠢ ᠰᠤᠷᠭᠠᠭᠤᠯᠢ ᠶᠢᠨ ᠬᠦᠷᠢᠶᠠᠨ ᠳᠤ ᠬᠦᠷᠭᠡᠬᠦ ᠠᠵᠢᠯᠯᠠᠭ᠎ᠠ ᠵᠢᠴᠢ ︽ | ᠬᠡᠤᠭᠡᠳ ᠤᠨ ᠤᠯᠠᠭᠠᠨᠮᠦ᠋ᠴᠢᠷ︾ ᠲᠤ ᠫᠠᠶᠢᠰᠠ ᠭᠠᠷᠳᠠᠭᠤᠯᠬᠤ ᠶᠤᠰᠤᠯᠠᠯ ᠮᠠᠨ ᠤ ᠬᠤᠰᠢᠭᠤᠨ ᠤ ᠭᠤᠷᠪᠠᠳᠤᠭᠠᠷ | ᠳᠤᠷᠰᠢᠯᠲᠠ ᠶᠢᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠨᠠᠮ ᠤᠨ ᠬᠤᠷᠢᠶᠠᠨ ᠤ | ᠤᠬᠠᠭᠤᠯᠬᠤ ᠬᠡᠯᠳᠡᠰ᠂ ᠬᠤᠰᠢᠭᠤ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠤᠯᠠᠭᠠᠨᠮᠦ᠋ᠴᠢᠷ ᠵᠡᠷᠭᠡ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ᠂ ᠤᠷᠳᠤᠰ ᠬᠤᠲᠠ ᠶᠢᠨ ᠮᠤᠩᠭᠤᠯ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ | ᠲᠤᠯᠤᠭᠠᠨ ᠳᠤᠮᠳᠠᠳᠤ ᠪᠠᠭ᠎ᠠ ᠰᠤᠷᠭᠠᠭᠤᠯᠢ᠂ ︽ᠬᠡᠤᠭᠡᠳ ᠤᠨ ᠤᠯᠠᠭᠠᠨᠮᠦ᠋ᠴᠢᠷ︾ ᠤᠨ ᠦᠢᠯᠡᠴᠢᠯᠡᠭᠡᠨ ᠤ ᠡᠩᠨᠡᠭᠡᠨ ᠤ | ᠬᠠᠷᠢᠭᠤᠴᠠᠯᠭᠠᠲᠠᠨ᠂ ᠲᠦᠯᠦᠭᠡᠯᠡᠭᠴᠢ ᠪᠠ ᠮᠠᠨ ᠤ ᠬᠤᠰᠢᠭᠤᠨ ᠤ ᠭᠤᠷᠪᠠᠳᠤᠭᠠᠷ ᠳᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠬᠡᠰᠡᠭ ᠰᠤᠷᠤᠭᠴᠢᠳ ᠶᠤᠰᠤᠯᠠᠯ ᠳᠤ ᠤᠷᠤᠯᠴᠠᠪᠠ᠃ | | | | | ᠶᠤᠰᠤᠯᠠᠯ ᠳᠡᠭᠡᠷ᠎ᠡ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠳᠠᠷᠤᠭ᠎ᠠ ᠰᠡᠷᠡᠩ ᠶᠠᠷᠢᠶ᠎ᠠ ᠳᠠᠯᠪᠢᠵᠤ᠂ ︽ | ᠬᠡᠤᠭᠡᠳ ᠤᠨ ᠤᠯᠠᠭᠠᠨᠮᠦ᠋ᠴᠢᠷ︾ ᠲᠤ ᠫᠠᠶᠢᠰᠠ ᠭᠠᠷᠳᠠᠭᠤᠯᠵᠤ᠂ ᠬᠤᠰᠢᠭᠤ ᠤᠯᠠᠭᠠᠨᠮᠦ᠋ᠴᠢᠷ ᠤᠨ ᠡᠯ᠎ᠡ | ᠰᠤᠷᠭᠠᠭᠴᠢ ᠨᠢ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ︽ᠶᠡᠭᠡ ᠪᠠᠭ᠎ᠠ ᠤᠯᠠᠭᠠᠨᠮᠦ᠋ᠴᠢᠷ︾ ᠭᠠᠷ | ᠬᠤᠯᠪᠤᠯᠴᠠᠨ ᠬᠠᠮᠳᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ ᠳᠡᠭᠡᠷ᠎ᠡ ᠭᠠᠷ ᠤᠨ ᠦᠰᠦᠭ ᠵᠢᠷᠤᠵᠤ᠂ ᠮᠠᠨ ᠤ | ᠬᠤᠰᠢᠭᠤᠨ ᠤ ᠭᠤᠷᠪᠠᠳᠤᠭᠠᠷ ᠳᠤᠷᠰᠢᠯᠲᠠ ᠶᠢᠨ ᠪᠠᠭ᠎ᠠ ᠰᠤᠷᠭᠠᠭᠤᠯᠢ ᠨᠢ ︽ᠬᠡᠤᠭᠡᠳ ᠤᠨ ᠤᠯᠠᠭᠠᠨᠮᠦ᠋ᠴᠢᠷ︾ ᠤᠨ | ᠦᠢᠯᠡᠴᠢᠯᠡᠭᠡᠨ ᠤ ᠡᠩᠨᠡᠭᠡ ᠶᠢ ᠲᠦᠯᠦᠭᠡᠯᠡᠨ ᠤᠪᠤᠷ ᠢᠶᠠᠨ ᠢᠯᠡᠳᠭᠡᠪᠡ᠃ | | | | | ᠾᠧ ᠤᠯᠠᠭᠠᠨ ᠵᠢᠭᠠᠬᠤ ᠳᠠᠭᠠᠨ᠂ ᠳᠤᠰ ᠤᠳᠠᠭ᠎ᠠ ᠨᠡᠷᠡᠶᠢᠳᠦᠭᠳᠡᠭᠰᠡᠨ ᠲᠤᠯᠤᠭᠠᠨ ᠰᠠᠯᠠᠭ᠎ᠠ ︽ᠬᠡᠤᠭᠡᠳ ᠤᠨ | ᠤᠯᠠᠭᠠᠨᠮᠦ᠋ᠴᠢᠷ︾ ᠨᠢ ᠬᠢᠴᠢᠶᠠᠯ ᠤᠨ ᠭᠠᠳᠠᠨᠠᠬᠢ ᠴᠠᠭ᠂ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠦᠢᠷ᠎ᠠ | ᠤᠷᠴᠢᠮ ᠭᠠᠵᠠᠷ ᠢᠶᠠᠷ ᠡᠯ᠎ᠡ ᠵᠦᠢᠯ ᠤᠨ ᠰᠤᠶᠤᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠢᠵᠤ᠂ ᠰᠤᠶᠤᠯ | ᠤᠷᠠᠯᠢᠭ ᠤᠨ ᠳᠤᠭᠯᠠᠯᠲᠠ᠂ ᠭᠠᠵᠠᠷ ᠤᠷᠤᠨ ᠤ ᠰᠤᠷᠭᠠᠭᠤᠯᠢ ᠬᠤᠭᠤᠷᠤᠨᠳᠤᠬᠢ ᠬᠠᠷᠢᠯᠴᠠᠨ ᠬᠤᠯᠪᠤᠯᠳᠤᠨ | ᠬᠠᠮᠳᠤ ᠪᠠᠷ ᠪᠠᠶᠢᠭᠤᠯᠬᠤ᠂ ᠰᠤᠶᠤᠯ ᠤᠷᠠᠯᠢᠭ ᠤᠨ ᠰᠤᠯᠢᠯᠴᠠᠭ᠎ᠠ ᠶᠢ ᠰᠠᠶᠢᠳᠤᠷ ᠬᠢᠨ᠂ ᠰᠤᠷᠭᠠᠭᠤᠯᠢ ᠶᠢᠨ | ᠰᠤᠶᠤᠯ ᠤᠨ ᠠᠮᠢᠳᠤᠷᠠᠯ ᠢ ᠬᠦᠭᠵᠢᠭᠡᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢᠨ | ᠪᠠᠶᠢᠭᠤᠯᠤᠯᠲᠠ ᠶᠢ ᠳᠦᠯᠬᠢᠨ ᠠᠬᠢᠭᠤᠯᠬᠤ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ︽ᠬᠡᠤᠭᠡᠳ ᠤᠨ | ᠤᠯᠠᠭᠠᠨᠮᠦ᠋ᠴᠢᠷ︾ ᠤᠨ ᠦᠰᠦᠨ ᠪᠤᠶᠢᠵᠢᠬᠤ ᠶᠢ ᠬᠠᠯᠠᠮᠵᠢᠯᠠᠵᠤ᠂ ᠲᠡᠳᠡᠨ ᠤ ᠬᠦᠭᠵᠢᠯᠲᠡ ᠳᠤ ᠨᠦᠬᠦᠴᠡᠯ | ᠪᠦᠷᠢᠯᠳᠦᠬᠦᠯᠦᠨ᠂ ᠡᠨᠡ ᠬᠦ ︽ᠬᠡᠤᠭᠡᠳ ᠤᠨ ᠤᠯᠠᠭᠠᠨᠮᠦ᠋ᠴᠢᠷ︾ ᠬᠡᠬᠦ ᠬᠤᠪᠢᠰᠬᠠᠯᠳᠤ ᠤᠳᠬ᠎ᠠ ᠤᠷᠠᠯᠢᠭ ᠤᠨ | ᠬᠦᠩᠭᠡᠨ ᠮᠤᠷᠢᠳᠤ ᠴᠡᠷᠢᠭ ᠤᠨ ᠨᠡᠩ ᠰᠠᠶᠢᠨ ᠬᠦᠭᠵᠢᠬᠦ ᠶᠢ ᠳᠠᠮᠵᠢᠨ ᠳᠤᠰᠠᠯᠠᠬᠤ ᠬᠡᠷᠡᠭᠲᠡᠢ᠃ ᠦᠷᠭᠡᠨ ᠤᠯᠠᠨ | ᠤᠯᠠᠭᠠᠨᠮᠦ᠋ᠴᠢᠷ ᠤᠨ ᠬᠡᠰᠢᠬᠦᠳ ᠳᠤᠰ ᠤᠳᠠᠭᠠᠨ ᠤ ᠬᠠᠷᠢᠯᠴᠠᠨ ᠬᠤᠯᠪᠤᠯᠳᠤᠨ ᠬᠠᠮᠳᠤ ᠪᠠᠷ ᠪᠠᠶᠢᠭᠤᠯᠬᠤ | ᠠᠵᠢᠯᠯᠠᠭ᠎ᠠ ᠪᠠᠷ ᠳᠠᠮᠵᠢᠨ ᠤᠯᠠᠭᠠᠨᠮᠦ᠋ᠴᠢᠷ ᠤᠨ ᠦᠩᠭᠡ ᠬᠡᠷᠡᠯᠳᠤ ᠤᠯᠠᠮᠵᠢᠯᠠᠯ ᠪᠠ ᠰᠢᠯᠢᠳᠡᠭ ᠰᠤᠷᠳᠠᠯ ᠢ | ᠪᠠᠳᠠᠷᠠᠭᠤᠯᠤᠨ ︽ᠬᠡᠤᠭᠡᠳ ᠤᠨ ᠤᠯᠠᠭᠠᠨᠮᠦ᠋ᠴᠢᠷ︾ ᠤᠨ ᠠᠵᠢᠯᠯᠠᠭ᠎ᠠ ᠶᠢ ᠦᠷᠨᠢᠬᠦᠯᠬᠦ᠂ ᠳᠤᠰᠬᠠᠢ ᠮᠡᠷᠭᠡᠵᠢᠯ ᠤᠨ | ᠬᠢᠷᠢ ᠲᠦᠪᠰᠢᠨ ᠢᠶᠠᠨ ᠳᠡᠭᠡᠭᠰᠢᠯᠡᠬᠦᠯᠬᠦ ᠶᠢ ᠵᠢᠯᠤᠭᠤᠳᠤᠨ ᠲᠠᠭᠠᠭᠤᠯᠵᠤ᠂ ᠤᠯᠠᠭᠠᠨᠮᠦ᠋ᠴᠢᠷ ᠤᠨ ᠵᠠᠯᠭᠠᠮᠵᠢᠯᠠᠭᠴᠢ ᠶᠢ | ᠬᠦᠮᠦᠵᠢᠬᠦᠯᠵᠤ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠵᠠᠮ ᠢᠶᠠᠷ ᠰᠠᠶᠢᠳᠤᠷ ᠤᠷᠤᠭᠰᠢᠯᠠᠬᠤ ᠬᠡᠷᠡᠭᠲᠡᠢ᠃ | ᠠᠮᠢᠳᠤᠷᠠᠯ ᠳᠤ ᠬᠦᠨᠵᠡᠭᠡᠶᠢᠷᠡᠨ ᠠᠷᠠᠳ ᠤᠨ ᠳᠤᠮᠳᠠ ᠬᠦᠨᠵᠡᠭᠡᠶᠢᠷᠡᠬᠦ ᠶᠠᠪᠤᠴᠠ ᠳᠤ ︽ᠬᠡᠤᠭᠡᠳ ᠤᠨ ᠤᠯᠠᠭᠠᠨᠮᠦ᠋ᠴᠢᠷ︾ | ᠢ ᠬᠦᠲᠦᠯᠦᠨ ᠳᠠᠭᠠᠭᠤᠯᠵᠤ ᠰᠢᠨ᠎ᠡ ᠴᠠᠭ ᠦᠶ᠎ᠡ ᠲᠠᠢ ᠵᠡᠷᠭᠡᠴᠡᠭᠰᠡᠨ ᠰᠤᠶᠤᠯ ᠤᠷᠠᠯᠢᠭ ᠤᠨ ᠪᠦᠲᠦᠭᠡᠯ ᠢ ᠡᠬᠦᠳᠦᠨ | ᠠᠷᠠᠳ ᠤᠯᠠᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠳᠠᠬᠢ ᠰᠢᠨ᠎ᠡ ᠡᠷᠡᠮᠡᠯᠵᠡᠯ ᠢ ᠬᠠᠩᠭᠠᠵᠤ᠂ ᠮᠠᠨ ᠤ | ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢᠨ | ᠠᠵᠢᠯ ᠪᠠ ᠪᠦᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠤᠪᠢ | ᠨᠡᠮᠡᠷᠢ ᠦᠵᠡᠬᠦᠯᠵᠤ ᠮᠠᠨ ᠤ ᠬᠤᠰᠢᠭᠤᠨ ᠤ ᠰᠢᠨ᠎ᠡ ᠴᠠᠭ ᠦᠶ᠎ᠡ ᠳᠠᠬᠢ ︽ᠨᠤᠮᠢᠨ ᠳᠠᠩᠰᠤᠭ ᠬᠦᠭᠵᠢᠨ ᠮᠠᠨᠳᠤᠯᠲᠠ︾ | ᠶᠢ ᠪᠡᠶᠡᠯᠡᠬᠦᠯᠬᠦ ᠳᠤ ᠰᠤᠶᠤᠯ ᠤᠨ ᠳᠤᠯᠭᠠᠭᠤᠷᠢ ᠶᠢ ᠬᠠᠩᠭᠠᠬᠤ ᠶᠢ ᠬᠦᠰᠡᠵᠤ ᠪᠠᠶᠢᠨ᠎ᠠ ᠭᠡᠪᠡ᠃ | | | | | ᠤᠯᠠᠭᠠᠨᠮᠦ᠋ᠴᠢᠷ ᠤᠨ ᠳᠤᠭᠯᠠᠭᠴᠢ ᠪᠠ ᠭᠤᠷᠪᠠᠳᠤᠭᠠᠷ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ︽ᠬᠡᠤᠭᠡᠳ | ᠤᠨ ᠤᠯᠠᠭᠠᠨᠮᠦ᠋ᠴᠢᠷ︾ ᠤᠨ ᠪᠢᠴᠢᠬᠠᠨ ᠲᠤᠭᠯᠠᠭᠴᠢ ᠲᠠᠶᠢᠰᠠᠨ ᠳᠤ ᠭᠠᠷᠴᠤ ᠦᠵᠡᠭᠴᠢᠳ ᠲᠤ ᠭᠤᠶᠢᠲᠠ ᠰᠠᠶᠢᠬᠠᠨ | ᠳᠤᠭᠯᠠᠯᠲᠠ ᠪᠠᠨ ᠰᠤᠨᠢᠷᠬᠠᠭᠤᠯᠪᠠ᠃ | ᠤᠶᠢᠯᠠᠭᠠᠭᠰᠠᠨ ᠢᠶᠠᠷ᠂ ︽ᠬᠡᠤᠭᠡᠳ ᠤᠨ ᠤᠯᠠᠭᠠᠨᠮᠦ᠋ᠴᠢᠷ︾ ᠢ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠳᠡᠰ᠂ ᠪᠤᠯᠪᠠᠰᠤᠨ ᠤ ᠠᠯᠪᠠᠨ ᠭᠡᠷ ᠠᠴᠠ ᠡᠬᠦᠰᠬᠡᠨ ᠪᠠᠶᠢᠭᠤᠯᠵᠤ᠂ ᠪᠠᠭᠠᠴᠤᠳ ᠤᠨ | ᠲᠤᠭᠯᠠᠯᠲᠠ ᠶᠢᠨ ᠪᠦᠯᠬᠦᠮ᠂ ᠬᠤᠲᠠ ᠶᠢᠨ ᠪᠠᠭᠠᠴᠤᠳ ᠤᠨ ᠤᠷᠳᠤᠨ᠂ ᠬᠦᠳᠡᠭᠡ ᠳᠤᠰᠬᠤᠨ ᠤ ᠰᠤᠷᠭᠠᠭᠤᠯᠢ ᠵᠢᠴᠢ | ᠳᠤᠮᠳᠠᠳᠤ ᠪᠠᠭ᠎ᠠ ᠰᠤᠷᠭᠠᠭᠤᠯᠢ ᠳᠤ ᠳᠦᠰᠢᠭᠯᠡᠨ ᠰᠤᠶᠤᠯ ᠤᠷᠠᠯᠢᠭ ᠤᠨ ᠲᠤᠭᠯᠠᠯᠲᠠ ᠳᠤ ᠴᠢᠳᠠᠮᠠᠭᠠᠢ ᠪᠠᠭᠰᠢ | ᠰᠤᠷᠤᠭᠴᠢᠳ ᠢᠶᠠᠷ ᠪᠦᠷᠢᠯᠳᠦᠵᠤ᠂ ︽ᠬᠡᠤᠭᠡᠳ ᠤᠨ ᠤᠯᠠᠭᠠᠨᠮᠦ᠋ᠴᠢᠷ︾ ᠢ ᠪᠠᠶᠢᠭᠤᠯᠬᠤ ᠨᠢ ᠰᠢ ᠶᠢᠨ ᠫᠢᠩ | ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ ᠠᠵᠢᠯ ᠳᠠᠬᠢ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠵᠢᠴᠢ ᠨᠡᠶᠢᠭᠡᠮ | ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠬᠦᠯᠵᠦ ︽ᠬᠠᠷᠠᠬᠠᠨ ᠪᠠᠭ᠎ᠠ ᠠᠴᠠ ᠨᠢ᠂ | ᠬᠡᠦᠭᠡᠳ ᠤᠨ ᠴᠡᠴᠡᠷᠯᠢᠭ ᠠᠴᠠ ᠨᠢ ᠡᠬᠢᠯᠡᠨ ᠠᠳᠬᠤᠬᠤ︾ ᠵᠢᠭᠠᠪᠦᠷᠢ ᠶᠢᠨ ᠵᠤᠷᠢᠭ ᠰᠠᠨᠠᠭ᠎ᠠ ᠶᠢ ᠬᠦᠨᠵᠡᠭᠡᠶᠢᠷᠡᠬᠦᠯᠦᠨ | ᠲᠤᠭᠤᠰᠢᠯᠠᠭᠤᠯᠵᠤ ᠤᠯᠠᠭᠠᠨᠮᠦ᠋ᠴᠢᠷ ᠤᠨ ᠦᠨᠳᠦᠰᠦᠨ ᠱᠠᠲᠦᠨ ᠳᠤ ᠬᠦᠨᠵᠡᠭᠡᠶᠢᠷᠡᠵᠦ ᠠᠷᠠᠳ ᠤᠯᠠᠨ ᠳᠤ | ᠦᠢᠯᠡᠴᠢᠯᠡᠬᠦ ᠰᠢᠯᠢᠳᠡᠭ ᠤᠯᠠᠮᠵᠢᠯᠠᠯ ᠢ ᠵᠠᠯᠭᠠᠮᠵᠢᠯᠠᠬᠤ ᠶᠢᠨ ᠲᠦᠯᠦᠭᠡ ᠶᠤᠮ᠃ | | | |