ᠲᠠᠯ᠎ᠠ ᠨᠤᠲᠤᠭ ᠤᠨ ᠤᠲᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ ᠨᠤᠲᠤᠭ ᠤᠰᠤᠨ  ᠳᠤ ᠪᠠᠨ ᠲᠠᠭᠤᠷᠢᠶᠠᠯ ᠪᠤᠯᠵᠦ ᠶᠠᠪᠤᠭ᠎ᠠ ᠮᠠᠯᠴᠢᠨ ᠰᠡᠴᠡᠨᠪᠢᠯᠢᠭ
ᠨᠡᠶᠢᠲᠡᠯᠡᠭᠰᠡᠨ ᠴᠠᠭ᠄
2018-11-20
     ᠰᠦᠯᠲᠡ ᠰᠤᠮᠤᠨ ᠤ ᠲᠠᠯ᠎ᠠ ᠶᠢᠨ ᠤᠰᠤ ᠭᠠᠴᠠᠭᠠᠨ ᠤ ᠮᠠᠯᠴᠢᠨ ᠰᠡᠴᠡᠨᠪᠢᠯᠢᠭ ᠦᠢᠷ᠎ᠠ ᠶᠢᠨ ᠬᠡᠳᠤᠨ ᠵᠢᠯ ᠠᠴᠠ ᠨᠠᠮ ᠵᠠᠰᠠᠭ ᠤᠨ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢᠨ ᠤᠷᠢᠶᠠᠯᠠᠭ᠎ᠠ ᠶᠢ ᠰᠠᠶᠢᠲᠦᠷ ᠲᠠᠭᠠᠨ ᠦᠩᠭᠡᠷᠡᠭᠰᠡᠨ ᠤ ᠬᠤᠴᠤᠷᠤᠩᠭᠤᠢ ᠮᠠᠯ ᠮᠠᠯᠵᠢᠯ ᠤᠨ ᠠᠷᠭ᠎ᠠ ᠮᠠᠶ᠋ᠢᠭ ᠲᠠᠭᠠᠨ ᠦᠨᠲᠦᠰᠦᠨ ᠠᠴᠠ ᠪᠠᠨ ᠦᠭᠡᠷᠡᠴᠢᠯᠡᠯᠲᠡ ᠬᠢᠵᠦ ᠮᠠᠯ ᠲᠠᠷᠢᠶᠠᠯᠠᠩ ᠤᠨ ᠠᠵᠦ ᠦᠢᠯᠡᠰᠵᠢᠭᠦᠯᠦᠯᠲᠡ ᠪᠠᠨ ᠰᠢᠯᠢᠲᠡᠭᠵᠢᠭᠦᠯᠦᠨ ᠰᠠᠭᠤᠷᠢ ᠲᠦᠬᠦᠭᠡᠷᠦᠮᠵᠢ ᠪᠠᠨ ᠲᠠᠰᠤᠷᠠᠯᠲᠠ ᠦᠭᠡᠢ ᠰᠠᠶᠢᠵᠢᠷᠠᠭᠤᠯᠵᠦ ᠤᠲᠤᠬᠢᠴᠢᠯᠠᠭᠰᠠᠨ ᠮᠠᠯ ᠠᠵᠦ ᠠᠬᠤᠢ ᠶᠢᠨ ᠦᠷ᠎ᠡ ᠠᠰᠢᠭ ᠢ ᠤᠯᠵᠦ ᠬᠦᠷᠲᠡᠵᠡᠢ᠃ ᠰᠡᠴᠡᠨᠪᠢᠯᠢᠭ ᠤᠨ ᠨᠠᠷᠢᠨ ᠨᠤᠤᠰᠤᠲᠦ ᠬᠤᠨᠢᠨ ᠤ ᠰᠦᠷᠦᠭ ᠨᠢ ᠬᠤᠯᠠ ᠦᠢᠷ᠎ᠠ ᠳᠠᠭᠠᠨ ᠠᠯᠲᠠᠷᠲᠠᠢ ᠪᠠᠶᠢᠵᠦ ᠬᠤᠨᠢ ᠪᠦᠷᠢ ᠶᠢᠨ ᠠᠬᠠᠷ ᠨᠢ 12 ᠵᠢᠩ ᠳᠤ ᠭᠦᠷᠴᠤ ᠨᠠᠷᠢᠴᠠ᠂ ᠨᠢᠭᠲᠠᠴᠠ᠂ ᠴᠡᠪᠡᠷᠴᠡ᠂ ᠭᠦᠨᠲᠦᠴᠡ ᠪᠤᠯᠤᠨ ᠤᠷᠲᠤ ᠶᠢᠨ ᠬᠡᠮᠵᠢᠶ᠎ᠡ ᠨᠢ ᠤᠬᠢ ᠰᠢᠯᠢᠲᠡᠭ ᠪᠠᠶᠢᠲᠠᠭ ᠠᠴᠠ 2006 ᠤᠨ ᠠᠴᠠ ᠡᠨᠡ ᠵᠢᠯ ᠪᠤᠯᠲᠠᠯ᠎ᠠ ᠪᠦᠭᠦ ᠬᠤᠰᠢᠭᠤᠨ ᠤ ᠨᠠᠷᠢᠨ ᠨᠤᠤᠰᠤᠲᠦ ᠬᠤᠨᠢᠨ ᠤ ᠮᠦᠷᠦ᠋ᠢᠴᠡᠭᠡᠨ ᠳᠤ ᠰᠢᠯᠢᠲᠡᠭ᠂ ᠲᠡᠷᠢᠭᠦᠨ ᠱᠠᠩᠨᠠᠯ ᠢ ᠤᠯᠠᠨᠲᠠ ᠲᠤᠰᠴᠤ ᠨᠡᠷ᠎ᠡ ᠲᠦᠷᠦ ᠲᠠᠢ ᠭᠠᠪᠢᠶᠠᠲᠦ ᠮᠠᠯᠴᠢᠨ ᠪᠤᠯᠤᠭᠰᠠᠨ ᠪᠠᠶᠢᠨ᠎ᠠ᠃      ᠬᠡᠲᠤᠨ ᠵᠢᠯ ᠤᠨ ᠲᠤᠷᠰᠢᠲᠠ ᠰᠡᠴᠡᠨᠪᠢᠯᠢᠭ ᠭᠤᠤᠯᠲᠠᠭᠤ ᠤᠷᠲᠤᠰ ᠨᠠᠷᠢᠨ ᠨᠤᠤᠰᠤᠲᠦ ᠬᠤᠨᠢ ᠪᠤᠯᠤᠨ ᠨᠤᠲᠤᠭ ᠤᠨ ᠤᠯᠠᠭᠠᠨ ᠦᠬᠡᠷ ᠢᠶᠠᠷ ᠲᠤᠯᠭᠠᠭᠤᠷᠢ ᠠᠵᠦ ᠠᠬᠤᠢ ᠪᠠᠨ ᠪᠤᠯᠭᠠᠨ ᠨᠠᠷᠢᠨ ᠨᠤᠤᠰᠤᠲᠦ ᠬᠤᠨᠢᠨ ᠤ ᠠᠬᠠᠷ ᠪᠤᠯᠤᠨ ᠨᠤᠲᠤᠭ ᠤᠨ ᠤᠯᠠᠭᠠᠨ ᠦᠬᠡᠷ ᠤᠨ ᠮᠢᠬᠠᠨ ᠦᠢᠯᠡᠰ ᠢ ᠶᠡᠬᠡᠪᠡᠷ ᠬᠦᠭᠵᠢᠭᠦᠯᠦᠭᠡᠳ ᠶᠡᠭᠡ ᠰᠠᠶᠢᠨ ᠠᠵᠤ ᠠᠬᠤᠢ ᠶᠢᠨ ᠠᠰᠢᠭ ᠤᠷᠤᠯᠭ᠎ᠠ ᠶᠢ ᠤᠯᠵᠦ ᠴᠢᠲᠠᠵᠠᠢ᠃ ᠦᠢᠷ᠎ᠠ ᠶᠢᠨ ᠬᠡᠲᠦᠨ ᠵᠢᠯ ᠳᠤ ᠬᠤᠨᠢᠨ ᠤ ᠲᠤᠭ᠎ᠠ ᠲᠤᠯᠤᠭᠠᠢ ᠠᠷᠪᠢᠳᠣᠨ ᠡᠪᠡᠰᠤ ᠪᠠᠯᠴᠢᠭᠡᠷ ᠬᠦᠷᠦᠯᠴᠡᠬᠦ ᠦᠭᠡᠢ ᠪᠤᠯᠵᠦ 2010 ᠤᠨ ᠳᠤ ᠡᠷᠳᠡᠨᠢ ᠰᠢᠰᠢ ᠲᠠᠷᠢᠵᠦ ᠪᠠᠶᠢᠭᠰᠠᠨ ᠤᠤᠯ ᠤᠨ 100 ᠮᠤ᠋ ᠤᠰᠤᠨ ᠭᠠᠵᠠᠷ ᠢᠶᠠᠨ ᠪᠦᠬᠦᠨ ᠢ ᠲᠠᠵᠢᠭᠡᠯ ᠡᠪᠡᠰᠤ ᠲᠠᠷᠢᠵᠦ ᠵᠢᠯ ᠪᠦᠷᠢ ᠭᠤᠷᠪᠠ ᠤᠲᠠᠭ᠎ᠠ ᠬᠠᠲᠤᠵᠦ ᠬᠤᠷᠢᠶᠠᠲᠠᠭ ᠪᠤᠯᠵᠡᠢ᠃ ᠡᠨᠡᠬᠦ ᠲᠠᠷᠢᠶᠠᠯᠠᠩ ᠤᠨ ᠬᠡᠯᠪᠡᠷᠢ ᠶᠢᠨ ᠦᠭᠡᠷᠡᠴᠢᠯᠡᠯᠲᠡ ᠨᠢ ᠤᠤᠯ ᠤᠨ ᠡᠪᠡᠰᠦ ᠪᠤᠷᠲᠤᠭ᠎ᠠ ᠬᠦᠷᠦᠯᠴᠡᠬᠦ ᠦᠭᠡᠢ ᠪᠠᠶᠢᠲᠠᠯ ᠢ ᠦᠭᠡᠶᠢᠰᠬᠡᠵᠦ ᠪᠠᠯᠴᠢᠭᠡᠷ ᠨᠤᠲᠤᠭ ᠤᠨ ᠲᠠᠴᠢᠷᠲᠠᠬᠤ ᠶᠢ ᠴᠤ ᠰᠡᠷᠭᠡᠶᠢᠯᠡᠨ ᠬᠤᠤᠰ ᠠᠰᠢᠭ ᠬᠦᠷᠲᠡᠬᠦ ᠵᠠᠮ ᠢ ᠡᠭᠦᠲᠦᠭᠰᠡᠨ ᠪᠠᠶᠢᠨ᠎ᠠ᠃ ᠤᠲᠤᠬᠠᠨ ᠳᠤ ᠲᠡᠲᠠᠨ ᠤ ᠬᠢᠨ ᠤ ᠡᠵᠡᠭᠨᠡᠯᠲᠡ ᠶᠢᠨ ᠭᠦᠷᠢᠶ᠎ᠠ ᠬᠡᠪᠴᠢᠶ᠎ᠠ ᠵᠢᠯ ᠠᠴᠠ ᠵᠢᠯ ᠦᠷᠭᠡᠵᠢᠨ ᠬᠤᠰᠢᠭᠤᠨ ᠤ ᠤᠲᠤᠬᠢᠴᠢᠯᠠᠭᠰᠠᠨ ᠮᠠᠯ ᠲᠠᠷᠢᠶᠠᠯᠠᠩ ᠤᠨ ᠲᠠᠭᠤᠷᠢᠶᠠᠯ ᠦᠵᠡᠭᠦᠯᠭᠦ ᠪᠠᠷᠢᠮᠵᠢᠶ᠎ᠠ ᠳᠤ ᠭᠦᠷᠴᠤ 2009 ᠤᠨ ᠠᠴᠠ ᠨᠠᠰᠢ ᠵᠢᠯ ᠪᠦᠷᠢ ᠶᠢᠨ ᠭᠡᠷ ᠪᠦᠯᠢ ᠶᠢᠨ ᠶᠠᠷᠥᠩᠬᠡᠢ ᠤᠷᠤᠯᠭ᠎ᠠ ᠨᠢ 30 ᠲᠦᠮᠡᠨ ᠲᠦᠭᠦᠷᠢᠭ ᠢ ᠲᠠᠪᠠᠵᠦ᠂ ᠬᠡᠪᠴᠢᠶᠡᠵᠢᠭᠰᠡᠨ ᠲᠠᠷᠢᠵᠦ ᠲᠠᠵᠢᠭᠡᠬᠦ ᠦᠢᠯᠡᠰ ᠠᠴᠠ ᠤᠯᠤᠭᠰᠠᠨ ᠤᠷᠤᠯᠭ᠎ᠠ ᠨᠢ ᠶᠡᠬᠡᠩᠬᠢ ᠶᠢ ᠡᠵᠡᠯᠡᠲᠡᠭ᠃      ᠣᠶᠢᠯᠠᠭᠠᠭᠰᠠᠨ ᠢᠶᠠᠷ ᠦᠢᠷ᠎ᠠ ᠳᠤ ᠰᠡᠴᠡᠨᠪᠢᠯᠢᠭ ᠭᠠᠲᠠᠨ᠎ᠠ ᠠᠴᠠ ᠰᠠᠶᠢᠨ ᠡᠭᠦᠯᠲᠡᠷ ᠤᠨ ᠮᠢᠬᠠᠨ ᠦᠬᠡᠷ ᠢ ᠠᠪᠴᠢᠷᠠᠵᠦ ᠨᠤᠲᠤᠭ ᠲᠤ ᠪᠠᠨ ᠲᠤᠷᠰᠢᠵᠦ ᠲᠦᠯᠵᠢᠬᠦᠯᠦᠨ ᠠᠵᠤ ᠠᠬᠤᠢ ᠶᠢᠨ ᠨᠡᠮᠡᠭᠲᠡᠯ ᠦᠷᠲᠡᠭ ᠢᠶᠠᠨ ᠤᠯᠠᠮ ᠨᠢᠭᠡ ᠠᠯᠬᠤᠮ ᠨᠡᠮᠡᠭᠲᠡᠭᠦᠯᠵᠦ ᠬᠤᠵᠢᠮ ᠤᠯᠠᠨ ᠲᠦᠷᠦᠯ ᠤᠨ ᠰᠢᠯᠢᠲᠡᠭ ᠴᠢᠨᠠᠷ ᠤᠨ ᠡᠪᠡᠰᠦ ᠶᠢ ᠲᠠᠷᠢᠨ ᠪᠤᠬᠢᠷᠳᠤᠯ ᠦᠭᠡᠢ ᠪᠠᠶᠢᠭᠠᠯᠢᠯᠢᠭ ᠦᠬᠡᠷ ᠬᠤᠨᠢᠨ ᠮᠢᠬᠠᠨ ᠤ ᠰᠠᠭᠤᠷᠢᠨ ᠭᠠᠵᠠᠷ ᠵᠢᠴᠢ ᠨᠠᠷᠢᠨ ᠨᠤᠤᠰᠤᠲᠦ ᠬᠤᠨᠢᠨ ᠤ ᠡᠭᠦᠯᠲᠡᠷ ᠤᠨ ᠬᠤᠴᠠ ᠶᠢᠨ ᠰᠠᠭᠤᠷᠢᠨ ᠭᠠᠵᠠᠷ ᠢ ᠪᠠᠶᠢᠭᠤᠯᠵᠦ ᠪᠤᠬᠢᠷᠳᠣᠯ ᠦᠭᠡᠢ ᠮᠢᠬ᠎ᠠ ᠪᠠᠨ ᠬᠤᠰᠢᠭᠤ ᠴᠢᠨᠠᠭᠰᠢᠯᠠᠪᠠᠯ ᠶᠡᠭᠡ ᠬᠤᠲᠠ ᠶᠢᠨ ᠵᠠᠬ᠎ᠠ ᠲᠡᠯᠭᠡᠭᠦᠷ ᠲᠤ ᠭᠠᠷᠭᠠᠵᠦ ᠨᠡᠷᠡᠲᠦ ᠲᠡᠮᠲᠡᠭ ᠪᠤᠯᠭᠠᠨ ᠡᠭᠦᠳᠬᠦ ᠬᠠᠷᠠᠯᠲᠠ  ᠪᠠᠨ ᠪᠡᠶᠡᠯᠡᠬᠦᠯᠬᠦ ᠳᠤ ᠢᠲᠡᠭᠡᠯ ᠲᠦᠭᠦᠷᠡᠩ ᠪᠠᠶᠢᠯ᠎ᠠ᠃ ᠰᠡᠴᠡᠨᠪᠢᠯᠢᠭ ᠪᠠᠶᠠᠵᠢᠨ ᠴᠢᠨᠡᠭᠡᠯᠢᠭᠵᠢᠭᠰᠡᠨ ᠲᠤᠯᠤᠭᠠᠶᠢᠯᠠᠭᠴᠢ ᠪᠤᠯᠤᠭᠰᠠᠨ ᠤ ᠲᠠᠷᠠᠭ᠎ᠠ ᠨᠤᠲᠤᠭ ᠤᠰᠤᠨ ᠤ ᠪᠠᠨ ᠮᠠᠯᠴᠢᠨ ᠲᠦᠮᠡᠨ ᠢ ᠲᠠᠶᠢᠴᠢᠯᠠᠨ ᠲᠠᠭᠠᠭᠤᠯᠵᠦ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠲᠤ ᠦᠭᠡᠷᠡᠴᠢᠯᠡᠯᠲᠡ ᠬᠢᠵᠦ᠂ ᠪᠡᠯᠴᠢᠭᠡᠷ ᠨᠤᠲᠤᠭ ᠢᠶᠠᠨ ᠬᠠᠮᠠᠭᠠᠯᠠᠵᠦ ᠪᠦᠲᠦᠬᠡᠨ ᠪᠠᠶᠢᠭᠤᠯᠤᠨ ᠰᠢᠨᠵᠢᠯᠡᠬᠦ ᠤᠬᠠᠭᠠᠨᠴᠢ ᠪᠠᠷ ᠲᠠᠯ᠎ᠠ ᠨᠤᠲᠤᠭ ᠤᠨ ᠤᠲᠤᠬᠢᠴᠢᠯᠠᠭᠰᠠᠨ ᠮᠠᠯ ᠲᠠᠷᠢᠶᠠᠯᠠᠩ ᠢ ᠶᠡᠬᠡᠪᠡᠷ ᠭᠦᠭᠵᠢᠬᠦᠯᠵᠦ ᠤᠷᠢᠳ ᠬᠤᠵᠢᠳ ᠶᠠᠲᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠬᠦ ᠲᠠᠭᠤᠷᠢᠶᠠᠯ ᠦᠵᠡᠭᠦᠯᠦᠨ ᠲᠠᠶᠢᠴᠢᠯᠠᠨ ᠲᠠᠭᠠᠭᠤᠯᠬᠤ ᠦᠢᠯᠡᠳᠣᠯ ᠢᠶᠠᠨ ᠪᠠᠲᠠᠷᠠᠭᠤᠯᠵᠦ ᠪᠠᠶᠢᠨ᠎ᠠ᠃
 
ᠢᠷᠡᠯᠲᠡ᠄ ︽ᠨᠣᠮᠢᠨ ᠳᠠᠩᠰᠤᠭ ᠦᠣᠰᠢᠨ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号