ᠰᠢ ᠶᠢᠨ ᠫᠢᠩ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ ᠳᠤ ᠤᠷᠤᠯᠴᠠᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2018-11-21
 
     11 ᠰᠠᠷ᠎ᠠ ᠶᠢᠨ 18 ᠤ ᠡᠳᠦᠷ᠂ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ ᠫᠠᠫᠦ᠋ᠶᠠ ᠰᠢᠨ᠎ᠠ ᠬᠢᠨᠧᠶᠠ ᠶᠢᠨ ᠮᠤᠷᠧᠰᠪᠢ ᠭᠠᠷᠠᠮ ᠳᠤ ᠶᠠᠪᠤᠭᠳᠠᠵᠠᠢ᠃ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠳᠦ ︽ᠴᠠᠭ ᠦᠶ᠎ᠠ ᠶᠢᠨ ᠠᠵᠠ ᠲᠤᠬᠢᠶᠠᠯ ᠢ ᠡᠵᠡᠮᠳᠡᠵᠦ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠦᠭᠵᠢᠯ ᠴᠡᠴᠡᠭᠯᠡᠯ ᠢ ᠬᠠᠮᠳᠤ ᠪᠠᠷ ᠰᠦᠪᠡᠭᠴᠢᠯᠡᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃                    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ
 
     11 ᠰᠠᠷ᠎ᠠ ᠶᠢᠨ 18 ᠤ ᠡᠳᠦᠷ᠂ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ ᠫᠠᠫᠦ᠋ᠶᠠ ᠰᠢᠨ᠎ᠠ ᠬᠢᠨᠧᠶᠠ ᠶᠢᠨ ᠮᠤᠷᠧᠰᠪᠢ ᠭᠠᠷᠠᠮ ᠳᠤ ᠶᠠᠪᠤᠭᠳᠠᠵᠠᠢ᠃ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠳᠦ ︽ᠴᠠᠭ ᠦᠶ᠎ᠠ ᠶᠢᠨ ᠠᠵᠠ ᠲᠤᠬᠢᠶᠠᠯ ᠢ ᠡᠵᠡᠮᠳᠡᠵᠦ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠦᠭᠵᠢᠯ ᠴᠡᠴᠡᠭᠯᠡᠯ ᠢ ᠬᠠᠮᠳᠤ ᠪᠠᠷ ᠰᠦᠪᠡᠭᠴᠢᠯᠡᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠪᠤᠰᠤᠳ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠠᠵᠦ ᠠᠬᠤᠢ ᠶᠢᠨ ᠴᠤᠭᠴᠠ ᠶᠢᠨ ᠤᠳᠤᠷᠢᠳᠬᠤ ᠬᠦᠮᠦᠰ᠂ ᠲᠦᠯᠦᠭᠡᠯᠡᠭᠴᠢᠳ ᠲᠠᠢ ᠬᠠᠮᠳᠤ ᠶᠢᠨ ᠰᠡᠬᠦᠳᠡᠷ ᠳᠠᠳᠠᠭᠤᠯᠪᠠ᠃                      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠳ᠋ᠢᠩ ᠯᠢᠨ ᠰᠡᠬᠦᠳᠡᠷᠯᠡᠪᠡ      ᠰᠢᠨᠬᠤᠸᠠ ᠬᠤᠷᠢᠶᠠᠨ ᠤ ᠮᠤᠷᠧᠰᠪᠢ ᠭᠠᠷᠠᠮ ᠤᠨ 11 ᠰᠠᠷ᠎ᠠ ᠶᠢᠨ 18 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠰᠦᠨ ᠶᠦᠩ ᠾᠦᠸᠧ ᠰᠢᠶᠤᠤ ᠭᠤᠸᠠᠩ ᠯᠦᠸᠧ ᠵᠢᠶᠦ᠋ᠨ︶ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ 18 ᠤ ᠡᠳᠦᠷ ᠫᠠᠫᠦ᠋ᠶᠠ ᠰᠢᠨ᠎ᠠ ᠬᠢᠨᠧᠶᠠ ᠶᠢᠨ ᠮᠤᠷᠧᠰᠪᠢ ᠭᠠᠷᠠᠮ ᠳᠤ ᠶᠠᠪᠤᠭᠳᠠᠵᠠᠢ᠃ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠤ ᠶᠢᠨ ᠬᠠᠮᠳᠦ ︽ᠴᠠᠭ ᠦᠶ᠎ᠠ ᠶᠢᠨ ᠠᠵᠠ ᠲᠤᠬᠢᠶᠠᠯ ᠢ ᠡᠵᠡᠮᠳᠡᠵᠦ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠦᠭᠵᠢᠯ ᠴᠡᠴᠡᠭᠯᠡᠯ ᠢ ᠬᠠᠮᠳᠤ ᠪᠠᠷ ᠰᠦᠪᠡᠭᠴᠢᠯᠡᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠦ᠂ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠢᠨ ᠠᠵᠤ ᠠᠬᠤᠢ ᠶᠢᠨ ᠳᠡᠯᠡᠭᠡᠶᠢᠵᠢᠯᠳᠠ ᠶᠢᠨ ᠬᠦᠭᠵᠢᠯᠳᠠ ᠶᠢᠨ ᠶᠡᠭᠡ ᠬᠠᠨᠳᠤᠰᠢ ᠳᠤ ᠵᠤᠬᠢᠴᠠᠵᠦ᠂ ᠤᠷᠤᠨ ᠪᠦᠰᠡ ᠶᠢᠨ ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠵᠤᠷᠢᠯᠳᠠ ᠪᠠᠨ ᠪᠠᠷᠢᠮᠳᠠᠯᠠᠵᠦ᠂ ᠨᠡᠭᠡᠭᠡᠯᠳᠡᠳᠦ ᠮᠠᠶᠢᠭ ᠤᠨ ᠳᠡᠯᠡᠭᠡᠢ ᠶᠢᠨ ᠠᠵᠤ ᠠᠬᠤᠢ ᠶᠢ ᠪᠠᠶᠢᠭᠤᠯᠬᠤ ᠶᠡᠭᠡ ᠴᠢᠭᠯᠡᠯ ᠢ ᠡᠵᠡᠮᠳᠡᠵᠦ᠂ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠬᠠᠮᠳᠤᠷᠠᠯᠴᠠᠭᠠᠨ ᠤ ᠬᠠᠨᠳᠤᠰᠢ ᠶᠢ ᠪᠠᠳᠤᠯᠠᠵᠦ᠂ ᠨᠡᠩ ᠦᠨᠳᠦᠷ ᠲᠦᠪᠰᠢᠨ ᠲᠡᠶᠢᠰᠢ ᠲᠤᠭᠳᠠᠭᠤᠨ ᠢᠶᠠᠷ ᠠᠬᠢᠭᠤᠯᠬᠤ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠡᠬᠢᠯᠡᠬᠦ ᠠᠴᠠ ᠡᠮᠦᠨ᠎ᠠ᠂ ᠰᠢ ᠶᠢᠨ ᠫᠢᠩ ᠪᠤᠯᠤᠨ ᠬᠤᠷᠠᠯ ᠳᠤ ᠤᠷᠤᠯᠴᠠᠭᠰᠠᠨ ᠪᠤᠰᠤᠳ ᠤᠳᠤᠷᠢᠳᠬᠤ ᠬᠦᠮᠦᠰ ᠤᠷᠢᠳ ᠬᠤᠵᠢᠳ ᠬᠦᠷᠦᠯᠴᠡᠨ ᠢᠷᠡᠬᠦ ᠳᠤ᠂ ᠫᠠᠫᠦ᠋ᠶᠠ ᠰᠢᠨ᠎ᠠ ᠬᠢᠨᠧᠶᠠ ᠶᠢᠨ ᠶᠡᠷᠦᠩᠭᠡᠢ ᠰᠠᠶᠢᠳ ᠤᠤᠨᠢᠷ ᠬᠠᠯᠠᠭᠤᠨ ᠢᠶᠠᠷ ᠤᠭᠳᠤᠵᠤ ᠠᠪᠴᠠᠢ᠃      ᠲᠤᠬᠠᠢ ᠶᠢᠨ ᠭᠠᠵᠠᠷ ᠤᠨ ᠴᠠᠭ ᠢᠶᠠᠷ 10 ᠴᠠᠭ 30 ᠮᠢᠨᠦ᠋ᠲ ᠤᠨ ᠦᠶ᠎ᠠ ᠪᠠᠷ᠂ ᠬᠤᠷᠠᠯ ᠡᠬᠢᠯᠡᠪᠡ᠃ ᠤᠤᠨᠢᠷ ᠬᠤᠷᠠᠯ ᠢ ᠡᠷᠬᠢᠯᠡᠵᠡᠢ᠃ ᠲᠤᠰ ᠤᠳᠠᠭᠠᠨ ᠤ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ ᠤᠨ ᠭᠤᠤᠯ ᠰᠡᠳᠦᠪ ᠪᠤᠯ ︽ᠪᠠᠭᠲᠠᠭᠠᠮᠵᠢᠳᠤ ᠴᠢᠨᠠᠷᠳᠠᠢ ᠠᠵᠠ ᠲᠤᠬᠢᠶᠠᠯ ᠢ ᠡᠵᠡᠮᠳᠡᠵᠦ᠂ ᠲᠤᠭᠠᠴᠢᠯᠠᠬᠰᠠᠨ ᠢᠷᠡᠭᠡᠳᠦᠢ ᠶᠢ ᠤᠬᠲᠤᠶ᠎ᠠ︾ ᠪᠤᠯᠤᠨ᠎ᠠ᠃ ᠬᠤᠷᠠᠯ ᠳᠤ ᠤᠷᠤᠯᠴᠠᠭᠰᠠᠨ ᠡᠯ᠎ᠠ ᠠᠵᠤ ᠠᠬᠤᠢ ᠶᠢᠨ ᠴᠤᠬᠴᠠ ᠶᠢᠨ ᠤᠳᠤᠷᠢᠳᠬᠤ ᠬᠦᠮᠦᠰ ︽ᠲᠤᠭᠠᠴᠢᠯᠠᠬᠰᠠᠨ ᠢᠷᠡᠭᠡᠳᠦᠢ ᠲᠠᠢ ᠬᠤᠯᠪᠤᠵᠦ᠂ ᠪᠠᠭᠳᠠᠭᠠᠮᠵᠢᠳᠤ ᠨᠡᠮᠡᠭᠳᠡᠯ ᠢ ᠪᠡᠶᠡᠯᠡᠬᠦᠯᠦᠶ᠎ᠠ︾ ᠵᠡᠷᠭᠡ ᠭᠤᠤᠯᠳᠠᠯᠭ᠎ᠠ ᠲᠠᠢ ᠵᠦᠪᠯᠡᠬᠦ ᠵᠦᠢᠯ ᠤᠨ ᠲᠤᠭᠤᠷᠢᠨ ᠳᠤ ᠦᠵᠡᠯ ᠪᠤᠳᠤᠯ ᠢᠶᠠᠨ ᠬᠦᠨᠵᠡᠭᠡᠢ ᠰᠤᠯᠢᠯᠴᠠᠨ᠂ ᠬᠠᠮᠳᠤᠷᠠᠯᠴᠠᠭᠠᠨ ᠤ ᠲᠡᠦᠭᠡᠨ ᠶᠠᠪᠤᠴᠠ ᠪᠠᠨ ᠡᠷᠬᠢᠴᠡᠬᠦᠯᠵᠦ᠂ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠯᠤᠰ ᠤᠨ ᠲᠦᠰᠦᠪ ᠢ ᠬᠠᠮᠳᠤ ᠪᠠᠷ ᠵᠦᠪᠳᠡᠪᠡ᠃      ᠰᠢ ᠶᠢᠨ ᠫᠢᠩ ᠶᠠᠷᠢᠶᠠᠨ ᠳᠠᠭᠠᠨ᠂ ᠤᠳᠤᠬᠠᠨ ᠤ ᠳᠡᠯᠡᠭᠡᠢ ᠳ᠋ᠠᠬᠢᠨ ᠳᠤ ᠬᠦᠭᠵᠢᠯᠳᠠ ᠪᠠ ᠬᠤᠪᠢᠰᠤᠯᠳᠠ ᠰᠦᠷ ᠲᠠᠯᠠᠶᠢᠴᠠᠳᠠᠢ ᠦᠷᠨᠢᠵᠤ ᠪᠤᠢ᠃ ᠲᠡᠦᠭᠡ ᠶᠢᠨ ᠤᠷᠤᠬᠰᠢᠯᠠᠯᠳᠠ ᠶᠢᠨ ᠰᠠᠯᠠᠭ᠎ᠠ ᠵᠠᠮ ᠤᠨ ᠪᠡᠯᠴᠢᠷ ᠲᠤ ᠵᠤᠬᠰᠤᠵᠦ᠂ ᠪᠢᠳᠠ ᠳᠡᠯᠡᠭᠡᠢ ᠶᠢᠨ ᠶᠡᠭᠡ ᠬᠠᠨᠳᠤᠰᠢ ᠶᠢ ᠳᠤᠳᠤᠷᠬᠠᠢ ᠲᠠᠨᠢᠵᠦ᠂ ᠠᠵᠤ ᠠᠬᠤᠢ ᠶᠢᠨ ᠰᠤᠳᠠᠰᠤ ᠶᠢ ᠠᠳᠬᠤᠵᠤ᠂ ᠢᠷᠡᠭᠡᠳᠦᠢ ᠶᠢᠨ ᠴᠢᠭᠯᠡᠯ ᠢᠶᠠᠨ ᠳᠤᠳᠤᠷᠬᠠᠶᠢᠯᠠᠵᠦ᠂ ᠴᠠᠭ ᠦᠶ᠎ᠠ ᠶᠢᠨ ᠠᠰᠠᠭᠤᠳᠠᠯ ᠳᠤ ᠬᠠᠷᠢᠭᠤᠯᠳᠠ ᠦᠭᠪᠡᠯ ᠵᠤᠬᠢᠨ᠎ᠠ ᠭᠡᠵᠤ ᠵᠢᠭᠠᠵᠤ ᠭᠠᠷᠭᠠᠪᠠ᠃      ᠨᠢᠭᠡᠳᠦᠭᠡᠷ ᠲᠤ᠂ ᠤᠷᠤᠨ ᠪᠦᠰᠡ ᠶᠢᠨ ᠠᠵᠤ ᠠᠬᠤᠢ ᠶᠢᠨ ᠨᠢᠭᠡ ᠴᠤᠬᠴᠠᠵᠢᠯᠳᠠ ᠶᠢ ᠠᠬᠢᠭᠤᠯᠬᠤ ᠶᠢ ᠪᠠᠷᠢᠮᠳᠠᠯᠠᠵᠦ᠂ ᠨᠡᠭᠡᠭᠡᠯᠳᠡᠳᠦ ᠮᠠᠶᠢᠭ ᠤᠨ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢ ᠪᠦᠳᠦᠭᠡᠨ ᠪᠠᠶᠢᠭᠤᠯᠤᠶ᠎ᠠ᠃ ᠪᠢᠳᠠ ᠠᠷᠠᠯᠵᠢᠶ᠎ᠠ ᠪᠠ ᠪᠡᠯᠡ ᠤᠷᠤᠭᠤᠯᠤᠯᠳᠠ ᠶᠢᠨ ᠴᠢᠯᠦᠭᠡᠵᠢᠯᠳᠠ ᠲᠦᠬᠦᠮᠵᠢᠯᠳᠠ ᠶᠢ ᠦᠷᠬᠦᠯᠵᠢᠯᠡᠨ ᠠᠬᠢᠭᠤᠯᠪᠠᠯ ᠵᠤᠬᠢᠨ᠎ᠠ᠃ ᠡᠯ᠎ᠠ ᠲᠦᠷᠦᠯ ᠤᠨ ᠴᠢᠯᠦᠭᠡᠳᠦ ᠠᠷᠠᠯᠵᠢᠶᠠᠨ ᠤ ᠲᠤᠬᠢᠷᠠᠭᠤᠯᠤᠯᠳᠠ ᠳᠤ᠂ ᠪᠢᠳᠡ ᠨᠡᠬᠡᠬᠡᠯᠳᠡᠳᠠᠢ᠂ ᠪᠠᠭᠳᠠᠭᠠᠮᠵᠢᠳᠠᠢ᠂ ᠢᠯᠡ ᠲᠤᠳᠤ ᠪᠠᠶᠢᠬᠤ ᠵᠠᠷᠴᠢᠮ ᠢ ᠪᠠᠷᠢᠮᠳᠠᠯᠠᠵᠤ᠂ ᠬᠠᠷᠢᠯᠴᠠᠨ ᠵᠤᠬᠢᠴᠠᠭᠤᠯᠬᠤ ᠪᠠᠨ ᠠᠬᠢᠭᠤᠯᠵᠤ᠂ ᠰᠠᠶᠢᠨ ᠰᠠᠶᠢᠬᠠᠨ ᠬᠤᠷᠰᠢᠯ ᠬᠠᠮᠳᠤᠷᠠᠯᠴᠠᠭ᠎ᠠ ᠶᠢ ᠪᠡᠶᠡᠯᠡᠭᠦᠯᠪᠡᠯ ᠵᠤᠬᠢᠨ᠎ᠠ᠃ ᠳᠦᠷᠢᠮ ᠢᠶᠠᠷ ᠰᠠᠭᠤᠷᠢ ᠪᠤᠯᠭᠠᠭᠰᠠᠨ ᠤᠯᠠᠨ ᠲᠠᠯᠠᠳᠤ ᠠᠷᠠᠯᠵᠢᠶᠠᠨ ᠤ ᠲᠤᠭᠳᠠᠴᠠ ᠶᠢ ᠡᠷᠡᠰ ᠬᠠᠮᠠᠭᠠᠯᠠᠵᠤ᠂ ᠲᠤᠭ ᠳᠡᠮᠳᠡᠭ ᠳᠤᠳᠤᠷᠬᠠᠢ ᠪᠠᠷ ᠬᠠᠮᠠᠭᠠᠯᠠᠬᠤ ᠦᠵᠡᠯ ᠢ ᠡᠰᠡᠷᠭᠦᠴᠡᠪᠡᠯ ᠵᠤᠬᠢᠨ᠎ᠠ᠃ ᠳᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠦᠭᠡᠷᠡᠴᠢᠯᠡᠯᠳᠡ ᠨᠢ ᠤᠯᠠᠨ ᠲᠠᠯᠠᠳᠤ ᠠᠷᠠᠯᠵᠢᠶᠠᠨ ᠤ ᠲᠤᠭᠳᠠᠴᠠ ᠶᠢᠨ ᠭᠤᠤᠯᠯᠠᠭᠴᠢ ᠦᠷᠳᠡᠭ ᠪᠤᠯᠤᠨ ᠦᠨᠳᠦᠰᠦᠨ ᠵᠠᠷᠴᠢᠮ ᠢ ᠪᠠᠷᠢᠮᠳᠠᠯᠠᠬᠤ ᠬᠡᠷᠡᠭᠳᠠᠢ᠃ ᠠᠵᠤ ᠠᠬᠤᠢ ᠶᠢᠨ ᠳᠡᠯᠡᠬᠡᠶᠢᠵᠢᠯᠳᠡ ᠶᠢᠨ ᠨᠡᠩ ᠨᠡᠬᠡᠬᠡᠯᠳᠠᠳᠠᠢ᠂ ᠪᠠᠭᠳᠠᠭᠠᠮᠵᠢᠳᠠᠢ᠂ ᠲᠦᠭᠡᠮᠡᠯ ᠠᠰᠢᠭ ᠬᠦᠷᠳᠡᠭᠡᠬᠦ᠂ ᠲᠡᠩᠴᠡᠭᠦᠷᠢᠳᠠᠢ᠂ ᠬᠠᠮᠳᠦ ᠪᠠᠷ ᠠᠰᠢᠭ ᠬᠦᠷᠳᠡᠬᠦ ᠴᠢᠭᠯᠡᠯ ᠲᠡᠶᠢᠰᠢ ᠬᠦᠭᠵᠢᠬᠦ ᠶᠢ ᠬᠦᠳᠦᠯᠦᠨ ᠳᠠᠭᠠᠭᠤᠯᠪᠠᠯ ᠵᠤᠬᠢᠨ᠎ᠠ᠃      ᠬᠤᠶᠠᠳᠤᠭᠠᠷ ᠲᠤ᠂ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠶᠢ ᠪᠠᠷᠢᠮᠳᠠᠯᠠᠵᠤ᠂ ᠨᠡᠮᠡᠭᠳᠡᠯ ᠤᠨ ᠰᠢᠨ᠎ᠠ ᠬᠦᠳᠡᠯᠭᠡᠬᠦ ᠡᠨᠧᠷᠭᠢ ᠶᠢ ᠪᠤᠶᠢᠵᠢᠭᠤᠯᠤᠶ᠎ᠠ᠃ ᠪᠢᠳᠡ᠂ ︽ᠢᠨᠲ᠋ᠧᠷ ᠰᠦᠯᠵᠢᠶ᠎ᠠ ᠪᠤᠯᠤᠨ ᠲᠤᠭᠠᠴᠢᠯᠠᠭᠰᠠᠨ ᠠᠵᠤ ᠠᠬᠤᠢ ᠶᠢᠨ ᠵᠠᠮ ᠱᠤᠭᠤᠮ ᠤᠨ ᠵᠢᠷᠤᠭ︾ ᠢ ᠪᠦᠬᠦ ᠲᠠᠯ᠎ᠠ ᠪᠠᠷ ᠲᠡᠩᠴᠡᠭᠦᠷᠢᠳᠠᠢ ᠨᠠᠶᠢᠳᠠᠪᠤᠷᠢᠵᠢᠭᠤᠯᠵᠤ᠂ ᠲᠤᠭᠠᠴᠢᠯᠠᠭᠰᠠᠨ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠪᠠᠳᠠᠷᠠᠭᠤᠯᠵᠤ᠂ ᠳᠤᠭᠠᠴᠢᠯᠠᠬᠰᠠᠨ ᠰᠠᠭᠤᠷᠢ ᠳᠦᠬᠦᠬᠡᠷᠦᠮᠵᠢ ᠪᠤᠯᠤᠨ ᠴᠢᠳᠠᠪᠤᠷᠢ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠦ᠂ ᠳᠤᠭᠠᠴᠢᠯᠠᠬᠰᠠᠨ ᠠᠵᠦ ᠠᠬᠤᠢ ᠶᠢᠨ ᠪᠤᠯᠤᠮᠵᠢᠳᠦ ᠴᠢᠨᠠᠷ ᠢ ᠴᠢᠩᠭᠠᠳᠬᠠᠵᠦ᠂ ᠳᠤᠭᠠᠴᠢᠯᠠᠯᠳᠠ ᠶᠢᠨ ᠵᠠᠭᠠᠬ ᠵᠦᠷᠢᠶ᠎ᠠ ᠶᠢ ᠠᠷᠢᠯᠭᠠᠵᠦ᠂ ᠠᠳᠠᠯᠢ ᠪᠤᠰᠤ ᠬᠦᠭᠵᠢᠯᠳᠡ ᠶᠢᠨ ᠱᠠᠳᠤᠨ ᠳᠤ ᠪᠠᠶᠢᠭ᠎ᠠ ᠪᠦᠷᠢᠯᠳᠦᠬᠦᠨ ᠨᠠᠷ ᠲᠤ ᠳᠤᠭᠠᠴᠢᠯᠠᠬᠰᠠᠨ ᠠᠵᠦ ᠠᠬᠤᠢ ᠶᠢᠨ ᠬᠦᠭᠵᠢᠯᠳᠡ ᠶᠢᠨ ᠦᠷ᠎ᠠ ᠪᠦᠳᠦᠬᠡᠯ ᠢ ᠬᠠᠮᠳᠤ ᠪᠠᠷ ᠡᠳ᠋ᠯᠡᠬᠦᠯᠵᠦ᠂ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠤ ᠠᠷᠠᠳ ᠳᠦᠮᠡᠨ ᠢ ᠳᠤᠭᠠᠴᠢᠯᠠᠭᠰᠠᠨ ᠠᠵᠦ ᠠᠬᠤᠢ ᠶᠢᠨ ᠬᠦᠭᠵᠢᠯᠳᠡ ᠶᠢᠨ ᠳᠦᠷᠬᠡᠨ ᠤ ᠳᠡᠷᠬᠡᠨ ᠳᠤ ᠳᠠᠭᠠᠭᠤᠯᠪᠠᠯ ᠵᠤᠬᠢᠨ᠎ᠠ᠃      ᠭᠤᠷᠪᠠᠳᠤᠭᠠᠷ ᠲᠤ᠂ ᠬᠤᠯᠪᠤᠯᠳᠤᠨ ᠨᠡᠪᠳᠡᠷᠡᠯᠴᠡᠬᠦ ᠰᠦᠯᠵᠢᠶ᠎ᠡ ᠶᠢ ᠳᠡᠬᠦᠯᠳᠡᠷᠵᠢᠬᠦᠯᠬᠦ ᠶᠢ ᠪᠠᠷᠢᠮᠳᠠᠯᠠᠵᠦ᠂ ᠪᠠᠭᠳᠠᠭᠠᠮᠵᠢᠳᠠᠢ ᠬᠤᠯᠪᠤᠯᠳᠤᠭᠰᠠᠨ ᠬᠦᠭᠵᠢᠯᠳᠡ ᠶᠢ ᠠᠬᠢᠭᠤᠯᠤᠶ᠎ᠠ᠃ ᠪᠢᠳᠡ ᠬᠤᠯᠪᠤᠯᠳᠤᠨ ᠨᠡᠪᠳᠡᠷᠡᠯᠴᠡᠬᠦ ᠵᠢᠷᠤᠬ ᠳᠦᠯᠦᠪᠯᠡᠭᠡ ᠶᠢ ᠬᠦᠨᠵᠡᠬᠡᠢ ᠨᠠᠶᠢᠳᠠᠪᠤᠷᠢᠵᠢᠭᠤᠯᠵᠦ᠂ 2030 ᠤᠨ ᠤ ᠦᠷᠬᠦᠯᠵᠢᠯᠡᠬᠦ ᠬᠦᠭᠵᠢᠯᠳᠡ ᠶᠢᠨ ᠵᠦᠪᠯᠡᠬᠦ ᠵᠦᠢᠯ ᠢᠶᠠᠷ ᠵᠢᠯᠤᠭᠤᠳᠤᠮᠵᠢ ᠪᠤᠯᠭᠠᠵᠦ᠂ ᠨᠡᠩ ᠤᠯᠠᠨ ᠪᠤᠳᠠᠳᠠᠢ ᠶᠢ ᠡᠷᠬᠢᠮᠯᠡᠭᠰᠡᠨ ᠠᠷᠭ᠎ᠠ ᠬᠡᠮᠵᠢᠶ᠎ᠠ ᠠᠪᠴᠤ ᠪᠠᠶᠢᠭᠠᠳ ᠬᠦᠭᠵᠢᠯᠳᠡ ᠶᠢ ᠨᠡᠩ ᠳᠡᠩᠴᠡᠬᠦᠷᠢᠳᠡᠢ᠂ ᠨᠡᠮᠡᠭᠳᠡᠯ ᠢ ᠨᠡᠩ ᠦᠷᠬᠦᠯᠵᠢᠯᠡᠬᠦ ᠴᠢᠨᠠᠷᠳᠠᠢ᠂ ᠠᠵᠠ ᠳᠤᠬᠢᠶᠠᠯ ᠢ ᠨᠡᠩ ᠡᠷᠬᠡ ᠳᠡᠭᠰᠢ᠂ ᠨᠡᠶᠢᠭᠡᠮ ᠢ ᠨᠡᠩ ᠪᠠᠭᠳᠠᠭᠠᠮᠵᠢᠳᠡᠢ ᠪᠤᠯᠭᠠᠪᠠᠯ ᠵᠤᠬᠢᠨ᠎ᠠ᠃      ᠳᠦᠷᠪᠡᠳᠦᠬᠡᠷ ᠲᠤ᠂ ᠬᠠᠨᠢᠳᠠᠨ ᠤ ᠬᠠᠷᠢᠯᠴᠠᠭ᠎ᠠ ᠪᠠᠨ ᠬᠦᠨᠵᠡᠬᠡᠶᠢᠷᠡᠬᠦᠯᠬᠦ ᠶᠢ ᠪᠠᠷᠢᠮᠳᠠᠯᠠᠵᠦ᠂ ᠭᠠᠷ ᠬᠤᠯᠪᠤᠨ ᠬᠠᠮᠳᠤ ᠶᠢᠨ ᠦᠷᠢᠰᠦᠯᠳᠦᠬᠡᠨ ᠢ ᠠᠷᠭᠠᠴᠠᠭᠠᠶ᠎ᠠ᠃ ᠪᠢᠳᠡ ᠬᠦᠭᠵᠢᠯᠲᠡ ᠶᠢ ᠬᠠᠮᠲᠤ ᠪᠠᠷ ᠡᠷᠢᠯᠬᠢᠯᠡᠬᠦ ᠡᠨᠡ ᠬᠦ ᠶᠡᠷᠦᠩᠬᠡᠢ ᠬᠤᠷᠢᠶᠠᠬᠴᠢ ᠲᠤᠭ᠎ᠠ ᠶᠢ ᠪᠠᠷᠢᠮᠲᠠᠯᠠᠵᠤ᠂ ᠬᠠᠮᠲᠤ ᠶᠢᠨ ᠦᠷᠢᠰᠦᠯᠳᠦᠭᠡᠨ ᠢ ᠰᠢᠢᠳᠪᠦᠷᠢᠯᠡᠬᠦ ᠪᠠᠷ ᠰᠦᠪᠡᠭᠴᠢᠯᠡᠪᠡᠯ ᠵᠤᠬᠢᠨ᠎ᠠ᠃ ᠪᠢᠳᠡ ᠤᠯᠠᠨ ᠶᠠᠩᠵᠤᠲᠤ ᠴᠢᠨᠠᠷ ᠤᠨ ᠪᠤᠳᠠᠳᠤ ᠪᠠᠶᠢᠳᠠᠯ ᠳᠤ ᠰᠠᠭᠤᠷᠢᠯᠠᠵᠤ᠂ ᠲᠤᠰ ᠲᠤᠰ ᠤᠨ ᠰᠤᠩᠭᠤᠬᠰᠠᠨ ᠬᠦᠭᠵᠢᠯᠲᠡ ᠶᠢᠨ ᠵᠠᠮ ᠢ ᠬᠦᠨᠳᠦᠳᠭᠡᠵᠦ᠂ ᠨᠡᠭᠡᠬᠡᠯᠳᠡᠲᠡᠢ ᠪᠠᠭᠲᠠᠭᠠᠮᠵᠢᠲᠠᠢ ᠪᠠᠶᠢᠬᠤ ᠰᠠᠭᠤᠷᠢᠨ ᠳᠡᠭᠡᠷ᠎ᠠ ᠬᠠᠷᠢᠯᠴᠠᠨ ᠠᠭᠤᠰᠤᠯᠴᠠᠨ ᠬᠠᠷᠢᠯᠴᠠᠨ ᠲᠤᠯᠢ ᠪᠤᠯᠭᠠᠵᠤ᠂ ᠰᠠᠶᠢᠨ ᠤᠷᠴᠢᠯ ᠲᠠᠢ ᠦᠷᠢᠰᠦᠯᠳᠦᠬᠦ ᠶᠢᠨ ᠬᠠᠮᠳᠤ ᠬᠠᠷᠢᠯᠴᠠᠨ ᠠᠰᠢᠬᠳᠠᠢ ᠪᠠᠷ ᠬᠠᠮᠳᠤᠷᠠᠯᠴᠠᠵᠦ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠬᠠᠮᠲᠤ ᠪᠠᠷ ᠪᠠᠶᠢᠭᠤᠯᠪᠠᠯ ᠵᠤᠬᠢᠨ᠎ᠠ᠃      ᠰᠢ ᠶᠢᠨ ᠫᠢᠩ᠂ ᠡᠨᠡ ᠵᠢᠯ ᠪᠤᠯ ᠳᠤᠮᠳᠠᠳᠤ ᠤᠯᠤᠰ ᠤᠨ ᠦᠭᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠪᠤᠯᠤᠨ᠎ᠠ᠃ ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠭᠠᠳᠠᠭᠠᠳᠤ ᠨᠡᠬᠡᠬᠡᠯᠳᠡ ᠬᠢᠬᠦ ᠦᠨᠳᠦᠰᠦᠨ ᠲᠦᠷᠦ ᠶᠢᠨ ᠪᠤᠳᠤᠯᠭ᠎ᠠ ᠪᠠᠨ ᠪᠠᠷᠢᠮᠳᠠᠯᠠᠨ᠎ᠠ᠃ ᠳᠤᠮᠳᠠᠳᠤ ᠤᠯᠤᠰ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠠ ᠶᠢ ᠡᠭᠦᠳᠬᠦ᠂ ᠵᠤᠬᠢᠴᠠᠩᠭᠤᠢ᠂ ᠪᠤᠬᠢᠷᠲᠤᠯ ᠦᠭᠡᠢ᠂ ᠨᠡᠭᠡᠬᠡᠯᠳᠡᠲᠦ᠂ ᠬᠠᠮᠲᠤ ᠪᠠᠷ ᠡᠳ᠋ᠯᠡᠬᠦ ᠰᠢᠨ᠎ᠠ ᠬᠦᠭᠵᠢᠯᠲᠡ ᠶᠢᠨ ᠤᠶᠢᠯᠠᠭᠠᠬᠳᠠᠬᠤᠨ ᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠠᠵᠤ ᠠᠬᠤᠢ ᠤᠷᠲᠤ ᠬᠤᠭᠤᠴᠠᠭ᠎ᠠ ᠪᠠᠷ ᠲᠤᠬᠲᠠᠭᠤᠨ ᠤ ᠳᠤᠮᠳᠠ ᠰᠠᠶᠢᠵᠢᠷᠠᠬᠤ ᠶᠡᠷᠦᠩᠬᠡᠢ ᠬᠠᠨᠳᠤᠰᠢ ᠪᠠᠨ ᠦᠷᠬᠦᠯᠵᠢᠯᠡᠨ ᠪᠠᠲᠤᠯᠠᠬᠤ ᠶᠤᠮ ᠃ ᠳᠤᠮᠳᠠᠳᠤ ᠤᠯᠤᠰ ᠳᠤᠷᠠᠳᠠᠶ᠎ᠠ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠤ ᠡᠯ᠎ᠠ ᠳᠠᠯ᠎ᠠ ᠶᠢᠨ ᠬᠢᠨ ᠲᠠᠢ ᠳᠤᠭᠠᠴᠢᠯᠠᠬᠰᠠᠨ ᠠᠵᠦ ᠠᠬᠤᠢ ᠶᠢᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠦ᠂ ᠨᠡᠩ ᠤᠯᠠᠨ ᠠᠰᠢᠬ ᠳᠤᠰᠠ ᠶᠢᠨ ᠨᠡᠶᠢᠯᠡᠯ ᠴᠡᠭ ᠪᠠ ᠠᠵᠦ ᠠᠬᠤᠢ ᠶᠢᠨ ᠨᠡᠮᠡᠭᠳᠡᠯ ᠴᠡᠭ ᠢ ᠪᠤᠢ ᠪᠤᠯᠭᠠᠵᠤ᠂ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠤ ᠠᠵᠦ ᠠᠬᠤᠢ ᠳᠤ ᠬᠦᠴᠦᠷᠬᠡᠭ ᠶᠡᠭᠡ ᠰᠢᠨ᠎ᠠ ᠬᠦᠳᠡᠯᠬᠡᠬᠦ ᠬᠦᠴᠦᠨ ᠨᠡᠮᠡᠷᠢᠯᠡᠨ᠎ᠠ᠃ ᠳᠤᠮᠳᠠᠳᠤ ᠤᠯᠤᠰ ᠡᠯ᠎ᠠ ᠤᠯᠤᠰ ᠤᠳ ᠯᠤᠭ᠎ᠠ ᠬᠠᠮᠳᠤ ᠪᠠᠷ ᠵᠦᠪᠳᠡᠬᠦ ᠬᠠᠮᠳᠤ ᠪᠠᠷ ᠪᠠᠶᠢᠭᠤᠯᠬᠤ ᠬᠠᠮᠳᠤ ᠪᠠᠷ ᠡᠳ᠋ᠯᠡᠬᠦ ᠶᠢ ᠪᠠᠷᠢᠮᠳᠠᠯᠠᠵᠦ᠂ ︽ᠨᠢᠬᠡ ᠪᠦᠰᠡ ᠨᠢᠬᠡ ᠵᠠᠮ︾ ᠢ ᠴᠢᠨᠠᠷ ᠰᠠᠶᠢᠳᠠᠢ᠂ ᠦᠨᠳᠦᠷ ᠪᠠᠷᠢᠮᠵᠢᠶ᠎ᠠ ᠲᠠᠢ᠂ ᠦᠨᠳᠦᠷ ᠳᠦᠪᠰᠢᠨ ᠲᠠᠢ ᠪᠦᠳᠦᠬᠡᠨ ᠪᠠᠶᠢᠭᠤᠯᠵᠦ᠂ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠪᠤᠯᠤᠨ ᠳᠡᠯᠡᠬᠡᠢ ᠶᠢᠨ ᠡᠯ᠎ᠠ ᠤᠯᠤᠰ ᠤᠨ ᠠᠷᠠᠳ ᠳᠦᠮᠡᠨ ᠳᠤ ᠨᠡᠩ ᠶᠡᠭᠡ ᠬᠦᠭᠵᠢᠯᠳᠡ ᠶᠢᠨ ᠠᠵᠠ ᠳᠤᠬᠢᠶᠠᠯ ᠡᠭᠦᠳᠦᠨ᠎ᠠ ᠬᠡᠵᠦ ᠵᠢᠭᠠᠵᠦ ᠭᠠᠷᠭᠠᠪᠠ᠃      ᠰᠢ ᠶᠢᠨ ᠫᠢᠩ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠤᠳᠤᠷᠢᠳᠬᠤ ᠬᠦᠮᠦᠰ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ 2020 ᠤᠨ ᠠᠴᠠ ᠬᠤᠶᠢᠰᠢᠬᠢ ᠬᠠᠮᠲᠤᠷᠠᠯᠴᠠᠭᠠᠨ ᠤ ᠠᠯᠤᠰ ᠤᠨ ᠲᠦᠯᠦᠪ ᠢ ᠰᠠᠶᠢᠳᠦᠷ ᠲᠦᠯᠦᠪᠵᠢᠭᠦᠯᠬᠦ ᠬᠠᠷᠢᠭᠤᠴᠠᠯᠭ᠎ᠠ ᠲᠠᠢ ᠶᠤᠮ᠃ ᠳᠤᠮᠳᠠᠳᠤ ᠤᠯᠤᠰ ᠪᠤᠯ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠬᠠᠮᠲᠤᠷᠠᠯᠴᠠᠭᠠᠨ ᠤ ᠢᠳᠡᠪᠬᠢᠲᠡᠢ ᠰᠠᠨᠠᠭᠠᠴᠢᠯᠠᠬᠴᠢ ᠪᠠ ᠡᠷᠡᠰ ᠪᠠᠳᠤ ᠦᠢᠯᠡᠳᠦᠯᠭᠡᠵᠢᠭᠦᠯᠦᠭᠴᠢ ᠮᠦᠨ᠃ ᠳᠤᠮᠳᠠᠳᠤ ᠤᠯᠤᠰ ᠤᠨ ᠬᠦᠭᠵᠢᠯᠲᠡ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠡᠯ᠎ᠠ ᠲᠠᠯ᠎ᠠ ᠯᠤᠭ᠎ᠠ ᠶᠢᠨ ᠨᠢᠬᠲᠠ ᠴᠢᠩᠭ᠎ᠠ ᠬᠠᠮᠲᠤᠷᠠᠯᠴᠠᠭ᠎ᠠ ᠠᠴᠠ ᠰᠠᠯᠵᠤ ᠳᠡᠶᠢᠯᠬᠦ ᠦᠭᠡᠢ ᠪᠦᠭᠡᠳ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠬᠦᠭᠵᠢᠯᠲᠡ ᠳᠤ ᠦᠷᠭᠡᠨ ᠠᠭᠤᠳᠠᠮ ᠤᠷᠤᠨ ᠵᠠᠢ ᠶᠢ ᠨᠡᠭᠡᠭᠡᠵᠦ ᠦᠭᠪᠡ᠃ ᠳᠤᠮᠳᠠᠳᠤ ᠤᠯᠤᠰ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠬᠠᠮᠲᠤᠷᠠᠯᠴᠠᠭᠠᠨ ᠤ ᠠᠬᠢᠴᠠ ᠳᠤ ᠭᠦᠨᠵᠡᠭᠡᠢ ᠤᠷᠤᠯᠴᠠᠵᠤ᠂ ᠡᠯ᠎ᠠ ᠲᠠᠯ᠎ᠠ ᠶᠢᠨ ᠬᠢᠨ ᠲᠠᠢ ᠪᠤᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠭᠠᠵᠠᠷ ᠤᠷᠤᠨ ᠤ ᠬᠦᠭᠵᠢᠯ ᠴᠡᠴᠡᠭᠯᠡᠯ ᠳᠤ ᠰᠢᠨ᠎ᠠ ᠬᠤᠪᠢ ᠨᠡᠮᠡᠷᠢ ᠦᠵᠡᠭᠦᠯᠦᠨ᠎ᠠ︕ ᠭᠡᠵᠦ ᠴᠢᠬᠤᠯᠠᠴᠢᠯᠠᠪᠠ᠃      ᠬᠤᠷᠠᠯ ᠳᠤ ᠤᠷᠤᠯᠴᠠᠬᠰᠠᠨ ᠠᠵᠤ ᠠᠬᠤᠢ ᠶᠢᠨ ᠴᠤᠬᠴᠠ ᠶᠢᠨ ᠤᠳᠤᠷᠢᠳᠬᠤ ᠬᠦᠮᠦᠰ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠦᠭᠵᠢᠯᠲᠡ ᠶᠢᠨ ᠠᠯᠤᠰ ᠢᠷᠡᠭᠡᠳᠦᠢ ᠰᠠᠶᠢᠨ ᠰᠠᠶᠢᠬᠠᠨ ᠬᠠᠨᠳᠤᠰᠢ ᠲᠠᠢ᠂ ᠭᠡᠪᠡᠴᠦ ᠪᠠᠰᠠ ᠠᠷᠠᠯᠵᠢᠶᠠᠨ ᠤ ᠪᠠᠬᠢᠯᠡᠯᠲᠡ ᠪᠤᠯᠤᠨ ᠬᠠᠮᠠᠭᠠᠯᠠᠬᠤ ᠦᠵᠡᠯ ᠤᠨ ᠦᠷᠢᠰᠦᠯᠳᠦᠭᠡᠨ ᠳᠤ ᠤᠴᠠᠷᠠᠵᠤ ᠪᠠᠶᠢᠨ᠎ᠠ᠃ ᠤᠳᠤᠬᠠᠨ ᠤ ᠪᠠᠶᠢᠳᠠᠯ ᠳᠤᠤᠷ᠎ᠠ᠂ ᠡᠯ᠎ᠠ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠪᠤᠯᠤᠨ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠡᠷᠡᠰ ᠬᠠᠮᠠᠭᠠᠯᠠᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠠᠷᠠᠯᠵᠢᠶ᠎ᠠ ᠪᠤᠯᠤᠨ ᠪᠡᠯᠡ ᠤᠷᠤᠭᠤᠯᠤᠯᠲᠠ ᠶᠢᠨ ᠴᠢᠯᠦᠭᠡᠵᠢᠯᠲᠡ ᠳᠦᠭᠦᠮᠵᠢᠯᠲᠡ ᠶᠢ ᠠᠬᠢᠭᠤᠯᠬᠤ ᠵᠢᠴᠢ ᠲᠡᠩᠴᠡᠭᠦᠷᠢᠲᠡᠢ᠂ ᠰᠢᠨ᠎ᠠ ᠶᠢ ᠡᠭᠦᠳᠬᠦ᠂ ᠦᠷᠬᠦᠯᠵᠢᠯᠡᠬᠦ᠂ ᠪᠠᠭᠲᠠᠭᠠᠮᠵᠢᠲᠤ ᠨᠡᠮᠡᠭᠳᠡᠯ ᠤᠨ ᠲᠠᠯ᠎ᠠ ᠪᠠᠷ ᠦᠷᠬᠦᠯᠵᠢᠯᠡᠨ ᠴᠢᠬᠤᠯᠠ ᠦᠢᠯᠡᠳᠦᠯ ᠪᠠᠳᠠᠷᠠᠭᠤᠯᠬᠤ ᠶᠢ ᠳᠡᠮᠵᠢᠵᠦ᠂ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠴᠢᠯᠦᠭᠡᠲᠦ ᠠᠷᠠᠯᠵᠢᠶᠠᠨ ᠤ ᠤᠷᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠠᠷ ᠬᠤᠯᠪᠤᠨ ᠠᠮᠢᠵᠢᠷᠠᠯ ᠤᠨ ᠬᠦᠴᠦᠨ ᠲᠠᠢ᠂ ᠨᠡᠭᠡᠭᠡᠯᠲᠡᠲᠦ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠢ ᠬᠠᠮᠲᠤ ᠪᠠᠷ ᠪᠦᠳᠦᠭᠡᠨ ᠪᠠᠶᠢᠭᠤᠯᠪᠠᠯ ᠵᠤᠬᠢᠨ᠎ᠠ᠃ ᠡᠯ᠎ᠠ ᠲᠠᠯ᠎ᠠ ᠶᠢᠨ ᠬᠢᠨ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ 2020 ᠤᠨ ᠠᠴᠠ ᠬᠤᠶᠢᠰᠢᠬᠢ ᠬᠠᠮᠲᠤᠷᠠᠯᠴᠠᠭᠠᠨ ᠤ ᠠᠯᠤᠰ ᠤᠨ ᠲᠦᠯᠦᠪ ᠢ ᠱᠠᠯᠠᠪᠳᠠᠨ ᠲᠤᠬᠲᠠᠭᠠᠵᠤ᠂ ᠡᠯ᠎ᠠ ᠠᠵᠤ ᠠᠬᠤᠢ ᠶᠢᠨ ᠴᠤᠬᠴᠠ ᠳᠤ ᠲᠤᠭᠠᠴᠢᠯᠠᠯᠳᠠ ᠪᠠ ᠰᠢᠨ᠎ᠠ ᠡᠭᠦᠳᠦᠯᠲᠡ ᠶᠢᠨ ᠦᠷ᠎ᠠ ᠪᠦᠲᠦᠭᠡᠯ ᠢᠶᠠᠨ ᠲᠦᠭᠡᠮᠡᠯᠵᠢᠬᠦᠯᠪᠡᠯ ᠵᠤᠬᠢᠨ᠎ᠠ ᠭᠡᠵᠦ ᠢᠯᠡᠳᠭᠡᠵᠡᠭᠡᠪᠡ᠃      ᠲᠤᠰ ᠡᠳᠦᠷ ᠤᠨ ᠦᠳᠡ ᠶᠢᠨ ᠡᠮᠦᠨ᠎ᠠ᠂ ᠰᠢ ᠶᠢᠨ ᠫᠢᠩ ᠪᠠᠰᠠ ᠠᠽᠢᠶ᠎ᠠ ᠲᠢᠪ ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠠᠵᠤ ᠠᠬᠤᠢ ᠶᠢᠨ ᠴᠤᠬᠴᠠ ᠶᠢᠨ ᠤᠳᠤᠷᠢᠳᠬᠤ ᠬᠦᠮᠦᠰ ᠲᠠᠢ ᠬᠠᠮᠲᠤ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠠᠯᠪᠠᠨ ᠶᠤᠰᠤᠨ ᠤ ᠪᠤᠰᠤ ᠶᠠᠷᠢᠯᠴᠠᠭᠠᠨ ᠤ ᠬᠤᠷᠠᠯ ᠳᠤ ᠤᠷᠤᠯᠴᠠᠵᠤ᠂ ᠤᠯᠠᠨ ᠤᠯᠤᠰ ᠤᠨ ᠵᠤᠭᠤᠰᠤᠨ ᠤ ᠰᠠᠭᠤᠷᠢ ᠮᠦᠡᠭᠭᠦᠨ ᠤ ᠵᠤᠬᠢᠶᠠᠨ ᠪᠠᠶᠢᠭᠤᠯᠤᠯᠲᠠ ᠶᠢᠨ ᠪᠦᠭᠦᠳᠡ ᠶᠢ ᠵᠠᠬᠢᠷᠤᠬᠴᠢ ᠯᠠᠵᠢᠶᠠᠳᠧ ᠶᠢᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号