11 ᠰᠠᠷ᠎ᠠ ᠶᠢᠨ 19 ᠤ ᠡᠳᠦᠷ᠂ ᠪᠦᠬᠦ ᠤᠷᠤᠨ ᠤ ᠭᠠᠴᠠᠭ᠎ᠠ ᠳᠤᠰᠬᠤᠨ ᠤ ︽ᠬᠤᠶᠠᠷ ᠵᠦᠪᠯᠡᠯ︾ ᠤᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠳ᠋ᠦᠩᠨᠡᠬᠦ ᠪᠡ ᠮᠠᠯᠵᠢᠬᠤ ᠳᠠᠷᠢᠶᠠᠯᠠᠬᠤ ᠤᠷᠤᠨ ᠤ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠠᠭᠢᠭᠤᠯᠬᠤ ᠳᠧᠯᠸᠢᠰ ᠤᠳᠠᠰᠤ ᠬᠤᠷᠠᠯ | ᠬᠦᠬᠡᠬᠤᠳᠠ ᠳᠤ ᠶᠠᠪᠤᠬᠳᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠽᠧᠩ ᠢ ᠴᠦᠨ ᠬᠤᠷᠠᠯ ᠳᠤ ᠤᠷᠤᠯᠴᠠᠵᠦ ᠶᠠᠷᠢᠶ᠎ᠠ ᠳᠠᠯᠪᠢᠬᠤ ᠳᠠᠭᠠᠨ᠂ | ᠡᠷᠬᠡᠪᠰᠢ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠳᠤᠳᠤᠷᠬᠠᠢ ᠤᠳᠤᠷᠢᠳᠤᠮᠵᠢ ᠶᠢ ᠪᠠᠳᠤ ᠪᠠᠬᠢ ᠪᠤᠢ | ᠪᠤᠯᠭᠠᠵᠦ᠂ ︽ᠤᠮᠠᠷᠠᠳᠤ ᠬᠢᠯᠢ ᠶᠢᠨ ᠬᠤᠰᠢᠭᠤᠴᠢ︾ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠨᠠᠮ ᠤᠨ | ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠠᠳᠤ ᠪᠠᠬᠢ ᠪᠠᠶᠢᠭᠤᠯᠵᠦ᠂ ᠮᠠᠯᠵᠢᠬᠤ ᠳᠠᠷᠢᠶᠠᠯᠠᠬᠤ ᠤᠷᠤᠨ ᠤ | ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠢ ᠴᠢᠨᠠᠬᠰᠢᠳᠠ ᠳᠡᠬᠡᠭᠰᠢᠯᠡᠬᠦᠯᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠳᠡᠮᠡᠴᠡᠨ ᠤᠯᠬᠤ᠂ | ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ᠂ ᠦᠨᠳᠦᠰᠦᠨ | ᠱᠠᠳᠤᠨ ᠤ ᠵᠠᠰᠠᠯᠳᠠ ᠶᠢ ᠴᠢᠩᠭᠠᠳᠬᠠᠬᠤ ᠳᠤ ᠪᠡᠳᠦ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ | ᠬᠡᠷᠡᠭᠳᠡᠢ ᠬᠡᠵᠦ ᠴᠢᠬᠤᠯᠠᠴᠢᠯᠠᠪᠠ᠃ | ᠽᠧᠩ ᠢ ᠴᠦᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠶᠢᠨ | ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠭᠠᠴᠠᠭ᠎ᠠ ᠳᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ | ᠰᠤᠯᠢᠬᠤ ᠠᠵᠢᠯ ᠳᠡᠬᠦᠰ ᠠᠮᠵᠢᠯᠳᠠ ᠲᠠᠢ ᠶᠠᠪᠤᠬᠳᠡᠵᠦ᠂ ︽ᠬᠤᠶᠠᠷ ᠵᠦᠪᠯᠡᠯ︾ ᠤᠨ ᠪᠦᠷᠢᠯᠳᠦᠬᠦᠨ ᠨᠠᠷ ᠤᠨ ᠶᠠᠰᠤ | ᠴᠢᠨᠠᠷ ᠤᠨ ᠪᠦᠳᠦᠴᠡ ᠰᠢᠯᠢᠳᠡᠭᠵᠢᠵᠦ᠂ ᠱᠦᠵᠢ᠂ ᠡᠷᠬᠢᠯᠡᠭᠴᠢ ᠶᠢᠨ ᠨᠢᠬᠡᠨ ᠮᠦᠷᠦ ᠪᠠᠷ ᠢᠶᠠᠨ ᠡᠬᠦᠷᠬᠡᠯᠡᠨ | ᠬᠠᠷᠢᠭᠤᠴᠠᠬᠤ ᠬᠠᠷᠢᠴᠠᠯ 40% ᠪᠤᠯᠤᠨ ᠳᠡᠬᠡᠭᠰᠢᠯᠡᠵᠦ᠂ ᠨᠢᠬᠳᠠᠷᠠᠯ ᠤᠨ ᠬᠦᠴᠦᠨ ᠪᠤᠯᠤᠨ ᠳᠠᠶᠢᠴᠢᠨ ᠬᠦᠴᠦᠨ | ᠴᠢᠨᠠᠬᠰᠢᠳᠠ ᠴᠢᠩᠭᠠᠷᠠᠵᠠᠢ᠃ ᠡᠷᠬᠡᠪᠰᠢ ᠳᠤᠷᠰᠢᠯᠭ᠎ᠠ ᠪᠠᠨ ᠨᠠᠷᠢᠨ ᠨᠢᠮᠪᠠᠢ ᠳ᠋ᠦᠩᠨᠡᠵᠦ᠂ ᠪᠤᠯᠪᠠᠰᠤᠷᠠᠭᠤᠯᠤᠨ | ᠬᠦᠮᠦᠵᠢᠬᠦᠯᠬᠦ ᠪᠠ ᠡᠬᠡᠯᠵᠢᠯᠡᠨ ᠪᠤᠯᠪᠠᠰᠤᠷᠠᠭᠤᠯᠬᠤ ᠠᠵᠢᠯ ᠢ ᠴᠢᠩᠭᠠᠳᠬᠠᠵᠦ᠂ ︽ᠬᠤᠶᠠᠷ ᠵᠦᠪᠯᠡᠯ︾ ᠤᠨ | ᠺᠠᠳ᠋ᠷ ᠤᠨ ᠬᠡᠪ ᠴᠢᠨᠠᠷ ᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠬᠦᠳᠦᠯᠦᠨ ᠳᠠᠭᠠᠭᠤᠯᠬᠤ ᠦᠢᠯᠡᠳᠦᠯ ᠢ ᠨᠡᠩ | ᠰᠠᠶᠢᠨ ᠪᠠᠳᠠᠷᠠᠭᠤᠯᠬᠤ ᠬᠡᠷᠡᠭᠳᠡᠢ ᠬᠡᠵᠦ ᠵᠢᠭᠠᠵᠦ ᠭᠠᠷᠭᠠᠪᠠ᠃ | ᠽᠧᠩ ᠢ ᠴᠦᠨ᠂ ᠡᠷᠬᠡᠪᠰᠢ ᠨᠠᠮ ᠤᠨ ᠪᠠᠶᠢᠭᠤᠯᠤᠯᠳᠠ ᠶᠢ ᠠᠳᠬᠤᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠳᠠᠶᠢᠯᠠᠯᠳᠤᠭᠠᠨ ᠢ ᠠᠬᠢᠭᠤᠯᠬᠤ ᠪᠡ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ | ᠳᠡᠬᠡᠷ᠎ᠠ ᠬᠦᠴᠦᠨ ᠢᠶᠠᠨ ᠳᠦᠪᠯᠡᠷᠡᠬᠦᠯᠵᠦ᠂ ︽ᠳᠠᠭᠠᠭᠤᠯᠤᠬᠴᠢ︾ ᠶᠢᠨ ᠡᠩᠨᠡᠭᠡ᠂ ᠨᠠᠮ ᠤᠨ ᠬᠡᠰᠢᠬᠦᠨ ᠤ ᠡᠩᠨᠡᠭᠡ᠂ | ᠨᠢᠬᠡᠳᠦᠬᠡᠷ ᠱᠦᠵᠢ ᠵᠡᠷᠬᠡ ᠦᠨᠳᠦᠰᠦᠨ ᠡᠩᠨᠡᠭᠡ ᠨᠦᠭᠦᠳ ᠢ ᠰᠠᠶᠢᠳᠤᠷ ᠠᠳᠬᠤᠵᠦ᠂ ᠦᠨᠳᠦᠰᠦᠨ ᠱᠠᠳᠤᠨ ᠤ | ᠭᠤᠤᠯ ᠬᠦᠴᠦᠨ ᠢ ᠳᠠᠪᠳᠠᠨ ᠪᠤᠯᠪᠠᠰᠤᠷᠠᠭᠤᠯᠬᠤ ᠬᠡᠷᠡᠭᠳᠡᠢ︔ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠳᠤᠰᠬᠠᠢ ᠳᠡᠮᠡᠴᠡᠯ ᠢ ᠰᠠᠶᠢᠳᠤᠷ ᠠᠳᠬᠤᠵᠦ᠂ ᠵᠦᠬᠡᠯᠡᠨ ᠪᠠᠭᠤᠷᠠᠢ ᠰᠤᠯᠠ ᠵᠠᠳᠠᠭᠠᠢ ᠨᠠᠮ ᠤᠨ ᠵᠤᠬᠢᠶᠠᠨ | ᠪᠠᠶᠢᠭᠤᠯᠤᠯᠳᠠ ᠳᠤ ᠴᠡᠭᠴᠡᠯᠡᠯᠳᠡ ᠬᠢᠵᠦ᠂ ᠦᠨᠳᠦᠰᠦ ᠰᠠᠭᠤᠷᠢ ᠶᠢ ᠪᠠᠬᠢᠵᠢᠬᠦᠯᠬᠦ ᠬᠦᠴᠦᠨ ᠴᠢᠳᠠᠯ ᠢᠶᠠᠷ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠡᠷᠡᠭᠳᠡᠢ︔ ᠭᠠᠴᠠᠭ᠎ᠠ ᠳᠤᠰᠬᠤᠨ ᠤ ᠬᠠᠮᠳᠤ ᠶᠢᠨ ᠠᠵᠦ ᠠᠬᠤᠢ ᠶᠢᠨ | ᠬᠦᠭᠵᠢᠯᠳᠡ ᠶᠢ ᠰᠠᠶᠢᠳᠤᠷ ᠠᠳᠬᠤᠵᠦ᠂ ᠳᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠤᠯᠠᠨ | ᠳᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠬᠡᠭᠰᠢᠯᠡᠬᠦᠯᠬᠦ ᠬᠡᠷᠡᠭᠳᠡᠢ︔ ᠬᠠᠮ ᠨᠠᠮ ᠤᠨ ᠪᠠᠶᠢᠭᠤᠯᠤᠯᠳᠠ ᠶᠢᠨ | ᠰᠢᠨ᠎ᠠ ᠶᠢ ᠡᠬᠦᠳᠬᠦ ᠠᠵᠢᠯ ᠢ ᠰᠠᠶᠢᠳᠤᠷ ᠠᠳᠬᠤᠵᠦ᠂ ᠬᠠᠮᠳᠤ ᠪᠠᠷ ᠪᠠᠶᠢᠭᠤᠯᠵᠦ ᠬᠠᠮᠳᠤ ᠪᠠᠷ ᠠᠭᠤᠰᠤᠯᠴᠠᠬᠤ᠂ | ᠬᠠᠮᠳᠤ ᠪᠠᠷ ᠡᠳ᠋ᠯᠡᠵᠦ ᠬᠠᠮᠳᠤ ᠪᠠᠷ ᠠᠰᠢᠬ ᠬᠦᠷᠳᠡᠬᠦ᠂ ᠳᠠᠪᠠᠭᠤᠯᠢᠬ ᠢᠶᠠᠨ ᠬᠠᠷᠢᠯᠴᠠᠨ ᠨᠦᠬᠦᠪᠦᠷᠢᠯᠡᠬᠦ᠂ ᠬᠠᠮᠳᠤ ᠪᠠᠷ | ᠳᠡᠬᠡᠭᠰᠢᠯᠡᠬᠦ ᠦᠨᠳᠦᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠰᠢᠨ᠎ᠠ ᠳᠦᠷᠰᠦ ᠪᠠᠶᠢᠳᠠᠯ ᠢ ᠴᠤᠬᠴᠠᠯᠠᠨ | ᠪᠠᠶᠢᠭᠤᠯᠬᠤ ᠬᠡᠷᠡᠭᠳᠡᠢ︔ ᠨᠠᠮ ᠤᠨ ᠡᠬᠦᠷ ᠢ ᠪᠠᠷᠢᠮᠵᠢᠶᠠᠵᠢᠭᠤᠯᠬᠤ᠂ ᠳᠦᠷᠢᠮᠵᠢᠬᠦᠯᠬᠦ ᠪᠠᠶᠢᠭᠤᠯᠤᠯᠳᠠ ᠶᠢ ᠰᠠᠶᠢᠳᠤᠷ | ᠠᠳᠬᠤᠵᠦ᠂ ᠮᠠᠯᠴᠢᠨ ᠳᠠᠷᠢᠶᠠᠴᠢᠨ ᠤ ᠵᠤᠬᠢᠶᠡᠨ ᠪᠠᠶᠢᠭᠤᠯᠤᠯᠴᠠᠬᠤ ᠬᠡᠮᠵᠢᠶ᠎ᠠ᠂ ᠦᠪᠡᠷ ᠢ ᠪᠠᠨ ᠬᠦᠭᠵᠢᠬᠦᠯᠬᠦ | ᠴᠢᠳᠠᠪᠤᠷᠢ ᠪᠤᠯᠤᠨ ᠶᠡᠷᠦᠩᠬᠡᠶᠢᠯᠡᠭᠰᠡᠨ ᠬᠡᠪ ᠴᠢᠨᠠᠷ ᠢ ᠨᠢ ᠦᠷᠬᠦᠯᠵᠢᠯᠡᠨ ᠬᠦᠮᠦᠵᠢᠬᠦᠯᠬᠦ ᠬᠡᠷᠡᠭᠳᠡᠢ᠃ ᠡᠯ᠎ᠠ ᠭᠠᠵᠠᠷ | ᠤᠷᠤᠨ ᠡᠯ᠎ᠠ ᠰᠠᠯᠠᠭ᠎ᠠ ᠮᠦᠴᠢᠷ ᠡᠷᠬᠡᠪᠰᠢ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ | ᠢᠳᠡᠪᠬᠢᠳᠡᠢ ᠪᠠᠷ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠦ᠂ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ | ᠪᠤᠳᠡᠳᠠᠢ ᠨᠠᠶᠢᠳᠠᠪᠤᠷᠢᠵᠢᠭᠤᠯᠵᠦ᠂ ᠡᠯ᠎ᠠ ᠳᠦᠷᠦᠯ ᠤᠨ ᠪᠠᠶᠢᠷᠢᠯᠠᠭᠤᠯᠤᠯᠳᠠ ᠶᠢ ᠦᠨᠡᠨ ᠬᠦ ᠨᠠᠶᠢᠳᠠᠪᠤᠷᠢᠵᠢᠭᠤᠯᠤᠨ | ᠦᠷ᠎ᠠ ᠪᠦᠳᠦᠮᠵᠢ ᠲᠠᠢ ᠪᠤᠯᠭᠠᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠴᠢᠬᠤᠯᠠᠴᠢᠯᠠᠪᠠ᠃ | ᠮᠠᠨ ᠤ ᠬᠤᠰᠢᠭᠤᠨ ᠤ ᠤᠳᠤᠷᠢᠳᠤᠯᠭ᠎ᠠ ᠡᠷᠳᠡᠨᠢᠪᠢᠯᠢᠭ᠂ ᠵᠤᠤ ᠹᠸᠢ ᠯᠤ᠋᠂ ᠸᠠᠩ ᠯᠢ ᠫᠢᠩ᠂ ᠴᠢᠶᠤᠤ ᠠᠢ | ᠫᠢᠩ᠂ ᠯᠠᠨ ᠲᠢᠶᠠᠨ᠂ ᠹᠧᠩ ᡁᠢ ᠮᠢᠩ᠂ ᠵᠤᠤ ᠶᠦᠩ ᠹᠧᠩ᠂ ᠠᠯᠲᠠᠨᠲᠤᠶᠠᠭ᠎ᠠ᠂ ᠯᠢ ᠰᠢᠦ ᠹᠧᠩ᠂ ᠸᠠᠩ ᠶᠦᠩ | ᠴᠢᠩ᠂ ᠾᠧ ᠤᠯᠠᠭᠠᠨ᠂ ᠭᠤᠤ ᠬᠤ᠋᠂ ᠪᠠᠶᠠᠠᠴᠡᠩᠭᠡᠯ᠂ ᠸᠠᠩ ᠭᠠᠩ᠂ ᠤᠶᠤᠨᠪᠢᠯᠢᠭ᠌ ᠵᠢᠴᠢ ᠬᠤᠰᠢᠭᠤ ᠬᠤᠯᠪᠤᠭᠳᠠᠯ | ᠪᠦᠬᠦᠢ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ | ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ |