| | | 11 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ | ᠲᠠᠷᠤᠭ᠎ᠠ ᠵᠤᠤ ᠹᠸᠢ ᠯᠤ᠋ ᠲᠠᠬᠢᠨᠲᠠ ᠰᠤᠪᠤᠷᠭ᠎ᠠ ᠠᠭᠤᠳᠠᠮ ᠲᠠᠯᠠᠪᠠᠢ ᠳᠤ ᠭᠥᠷᠴᠤ ᠪᠠᠶᠢᠴᠠᠭᠠᠨ ᠰᠤᠳᠤᠯᠤᠨ | ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠤ ᠥᠭᠡᠷᠡᠴᠢᠯᠠᠨ ᠰᠠᠶᠢᠵᠢᠷᠠᠭᠤᠯᠤᠭᠰᠠᠨ ᠪᠠᠶᠢᠳᠠᠯ | ᠤᠨ ᠲᠤᠬᠠᠢ ᠲᠠᠨᠢᠯᠴᠠᠭᠤᠯᠭ᠎ᠠ ᠶᠢ ᠰᠣᠨᠣᠰᠬᠤ ᠶᠢᠨ ᠬᠠᠮᠲᠤ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠭᠰᠡᠨ | ᠪᠠᠶᠢᠨ᠎ᠠ᠃ ᠬᠤᠰᠢᠭᠤ ᠭᠥᠭᠵᠢᠭᠦᠯᠥᠯᠳᠠ ᠥᠭᠡᠷᠡᠴᠢᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠤᠰ ᠤᠨ | ᠭᠠᠵᠠᠷ ᠰᠢᠷᠤᠢ᠂ ᠲᠥᠯᠥᠪᠵᠢᠭᠦᠯᠭᠡ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | | | | | | | ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠰᠤᠪᠤᠷᠭ᠎ᠠ ᠠᠭᠤᠳᠠᠮ ᠲᠠᠯᠠᠪᠠᠢ ᠶᠢ ᠥᠭᠡᠷᠡᠴᠢᠯᠠᠨ | ᠰᠠᠶᠢᠵᠢᠷᠠᠭᠤᠯᠬᠤ ᠢᠨᠵᠧᠨᠧᠷᠢᠩ ᠪᠤᠯ ᠨᠢᠭᠡ ᠲᠥᠷᠥᠯ ᠤᠨ ᠬᠤᠳᠠ ᠪᠠᠯᠭᠠᠰᠤᠨ ᠤ ᠰᠠᠭᠤᠷᠢ ᠲᠥᠭᠦᠭᠡᠷᠤᠮᠵᠢ ᠶᠢᠨ | ᠪᠥᠳᠥᠭᠡᠨ ᠪᠠᠶᠢᠭᠤᠯᠤᠯᠳᠠ ᠶᠢᠨ ᠰᠠᠶᠢᠵᠢᠷᠠᠭᠤᠯᠤᠯᠳᠠ ᠶᠢᠨ ᠢᠨᠵᠧᠨᠧᠷᠢᠩ᠂ ᠵᠠᠰᠠᠭ ᠤᠨ ᠤᠷᠳᠤᠨ ᠤ ᠨᠢᠭᠡ ᠲᠥᠷᠥᠯ | ᠤᠨ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠥᠨᠴᠤ ᠬᠤᠳᠠ ᠪᠠᠯᠭᠠᠰᠤᠨ ᠤ ᠴᠢᠳᠠᠪᠭᠢ ᠶᠢ ᠲᠡᠭᠡᠭᠰᠢᠯᠡᠭᠦᠯᠭᠦ | ᠵᠠᠩᠬᠢᠯᠠᠭ᠎ᠠ ᠶᠢᠨ ᠢᠨᠵᠧᠨᠧᠷᠢᠩ ᠪᠤᠯᠤᠨ᠎ᠠ᠃ ᠠᠷᠠᠳ ᠢ ᠬᠠᠷᠠᠭᠠᠯᠵᠠᠬᠤ ᠪᠤᠳᠠᠳᠤ ᠤᠴᠢᠷ ᠨᠢ ᠠᠵᠤ ᠠᠬᠤᠢ ᠨᠡᠶᠢᠭᠡᠮ | ᠤᠨ ᠭᠥᠭᠵᠢᠯᠳᠠ ᠲᠠᠢ ᠬᠤᠯᠪᠤᠭᠳᠠᠵᠤ ᠪᠠᠶᠢᠬᠤ ᠪᠠᠷ ᠪᠠᠷᠠᠬᠤ ᠥᠭᠡᠢ ᠥᠷᠭᠡᠨ ᠤᠯᠠᠨ ᠲᠥᠮᠡᠨ ᠤ ᠠᠮᠢᠳᠤᠷᠠᠯ ᠤᠨ | ᠴᠢᠨᠠᠷ ᠴᠢᠨᠰᠠᠭ᠎ᠠ ᠪᠤᠯᠤᠨ ᠨᠤᠮᠢᠨ ᠲᠠᠩᠰᠤᠭ ᠥᠥᠰᠢᠨ ᠤ ᠪᠥᠭᠦᠶᠢᠯᠠ ᠲᠥᠷᠢ ᠪᠠᠶᠢᠳᠠᠯ ᠲᠠᠢ ᠬᠤᠯᠪᠤᠭᠳᠠᠵᠤ ᠪᠠᠶᠢᠳᠠᠭ | ᠃ ᠬᠤᠯᠪᠤᠭᠳᠠᠯ ᠪᠥᠭᠦᠢ ᠰᠠᠯᠠᠭ᠎ᠠ ᠮᠥᠴᠢᠷ ᠨᠢ ᠰᠠᠭᠤᠭᠠᠯᠢ ᠠᠷᠠᠳ ᠤᠨ ᠰᠠᠯᠠᠭᠦᠴᠠᠵᠦ ᠠᠮᠠᠷᠠᠬᠤ᠂ ᠪᠠᠶ᠎ᠠ | ᠪᠤᠯᠪᠠᠰᠤᠷᠠᠬᠤ ᠳᠤ ᠲᠥᠭᠦᠮ ᠥᠢᠯᠡᠴᠢᠯᠡᠭᠡ ᠬᠠᠩᠭᠠᠬᠤ ᠠᠴᠠ ᠭᠠᠷᠳᠠᠨ ᠲᠡᠭᠦᠯᠳᠡᠷᠵᠢᠭᠡ ᠥᠭᠡᠢ ᠲᠥᠭᠦᠭᠡᠷᠤᠮᠵᠢ ᠶᠢ | ᠲᠥᠷᠭᠡᠨ ᠲᠠᠭᠦᠯᠳᠡᠷᠵᠢᠭᠦᠯᠵᠤ᠂ ᠥᠭᠡᠷᠡᠴᠢᠯᠡᠯᠲᠡ ᠶᠢᠨ ᠢᠨᠵᠧᠨᠧᠷᠢᠩ ᠢ ᠥᠳᠳᠡᠷ ᠲᠥᠷᠭᠡᠨ ᠲᠠᠭᠤᠰᠬᠠᠵᠤ᠂ | ᠰᠠᠭᠤᠭᠠᠯᠢ ᠠᠷᠠᠳ ᠲᠤ ᠨᠢᠭᠡᠨ ᠲᠤᠭᠢᠯᠢᠭ ᠰᠠᠶᠢᠬᠠᠨ᠂ ᠠᠭᠤᠳᠠᠮ ᠲᠠᠭᠠᠯᠠᠮᠵᠢᠳᠠᠢ᠂ ᠴᠡᠪᠠᠷ ᠠᠷᠢᠭᠤᠨ ᠰᠠᠯᠠᠭᠦᠴᠠᠬᠦ | ᠤᠷᠴᠢᠨ ᠢ ᠡᠭᠦᠳᠴᠤ ᠰᠠᠭᠤᠭᠠᠯᠢ ᠠᠷᠠᠳ ᠤᠨ ᠬᠠᠨᠤᠮᠵᠢ ᠶᠢᠨ ᠭᠡᠮᠵᠢᠶ᠎ᠠ ᠪᠤᠯᠤᠨ ᠵᠤᠯ ᠵᠢᠷᠭᠠᠯ ᠤᠨ ᠭᠡᠮᠵᠢᠶ᠎ᠠ ᠶᠢ | ᠤᠯᠠᠮ ᠨᠢᠭᠡ ᠠᠯᠬᠤᠮ ᠲᠡᠭᠡᠭᠰᠢᠯᠠᠭᠦᠯᠭᠦ ᠭᠡᠷᠡᠭᠳᠠᠢ ᠭᠡᠵᠡᠢ᠃ | | | | | |