ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠶᠤᠯᠭᠦᠢ ᠤᠶᠢᠯᠡᠳᠪᠤᠷᠢᠯᠡᠯ ᠤᠷᠴᠢᠨ ᠲᠤᠭᠤᠷᠢᠨ  ᠤ ᠬᠠᠮᠠᠭᠠᠯᠠᠯᠲᠠ ᠪᠤᠯᠤᠨ ᠬᠦᠯᠤᠰᠤᠨ ᠠᠵᠢᠯᠴᠢᠨ ᠤ ᠴᠠᠯᠢᠩ ᠬᠦᠯᠦᠰᠦ ᠶᠢ ᠢᠯᠭᠠᠷᠠᠭᠤᠯᠬᠤ ᠠᠵᠢᠯ ᠳᠤ ᠬᠢᠨᠠᠨ ᠵᠢᠯᠤᠭᠤᠳᠤᠯᠭ᠎ᠠ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-11-21
     11 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠡᠰᠡᠭ ᠨᠡᠭᠦᠷᠡᠰᠤ ᠬᠢᠮᠢ ᠶᠢᠨ ᠠᠵᠦ ᠤᠶᠢᠯᠡᠳᠪᠤᠷᠢ ᠶᠢᠨ ᠺᠤᠮᠫᠠᠨᠢ ᠳᠤ ᠬᠦᠨᠵᠡᠭᠡᠶᠢᠷᠡᠨ ᠠᠶᠤᠯᠭᠦᠢ ᠤᠶᠢᠯᠡᠳᠪᠤᠷᠢᠯᠡᠯ᠂ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠬᠦᠯᠤᠰᠤᠨ ᠠᠵᠢᠯᠴᠢᠨ ᠤ ᠴᠠᠯᠢᠩ ᠬᠥᠯᠥᠰᠦ ᠶᠢ ᠢᠯᠭᠠᠷᠠᠭᠤᠯᠬᠤ ᠠᠵᠢᠯ ᠳᠤ ᠬᠢᠨᠠᠨ ᠵᠢᠯᠤᠭᠤᠳᠤᠯᠭ᠎ᠠ ᠪᠠᠶᠢᠴᠠᠭᠠᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠦ ᠶᠦᠩ ᠹᠧᠩ᠂ ᠰᠤᠪᠤᠷᠭ᠎ᠠ ᠠᠵᠦ ᠠᠬᠤᠢ  ᠶᠢᠨ ᠨᠡᠭᠡᠭᠡᠯᠲᠠ ᠶᠢᠨ ᠤᠷᠤᠨ ᠤ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠰᠢᠶᠤᠤ ᡁᠢ ᠺᠤᠸᠠᠨ᠂ ᠲᠤᠭ ᠪᠠᠯᠭᠠᠰᠤ᠂ ᠤᠯᠠᠭᠠᠠᠲᠤᠯᠤᠭᠠᠢ ᠪᠠᠯᠭᠠᠰᠤ ᠵᠢᠴᠢ ᠬᠦᠭᠵᠢᠭᠦᠯᠤᠯᠲᠠ ᠦᠭᠡᠷᠡᠴᠢᠯᠡᠯᠲᠠ ᠠᠵᠦ ᠠᠬᠤᠢ ᠠᠷᠠᠯᠵᠢᠶᠠᠨ ᠤ ᠶᠠᠪᠤᠳᠠᠯ ᠪᠤᠯᠤᠨ ᠴᠢᠮᠡᠭᠡ ᠵᠠᠩᠭᠢᠴᠢᠯᠠᠯᠲᠠ ᠶᠢᠨ ᠳᠤᠪᠴᠢᠶ᠎ᠠ᠂ ᠨᠡᠭᠦᠷᠡᠰᠤᠨ ᠤ ᠤᠶᠢᠯᠡᠰ ᠤᠨ ᠬᠠᠮᠢᠶᠠᠷᠤᠯᠲᠠ ᠶᠢᠨ ᠲᠤᠪᠴᠢᠶ᠎ᠠ᠂ ᠠᠶᠤᠯᠭᠦᠢ ᠤᠶᠢᠯᠡᠳᠪᠤᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃
     ᠡᠷᠳᠡᠨᠢᠪᠢᠯᠢᠭ ᠨᠠᠷ᠂ ᠶᠢᠨ ᠴᠧᠩ ᠲᠠᠢ ᠬᠢᠮᠢ ᠶᠢᠨ ᠠᠵᠦ ᠤᠶᠢᠯᠡᠳᠪᠤᠷᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠬᠤᠸᠠᠲᠤᠯᠤᠭᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠶᠠᠠᠭᠤᠤᠯ ᠳᠠᠬᠢ ᠨᠡᠭᠦᠷᠡᠰᠤᠨ ᠠᠭᠤᠷᠬᠠᠢ᠂ ᠱᠢ ᠯᠢᠨ ᠬᠢᠮᠢ ᠶᠢᠨ ᠠᠵᠦ ᠤᠶᠢᠯᠡᠳᠪᠤᠷᠢ ᠶᠢᠨ ᠺᠤᠮᠫᠠᠨᠢ ᠳᠤ ᠭᠦᠨᠵᠡᠭᠡᠶᠢᠷᠡᠨ ᠠᠵᠦ ᠠᠬᠤᠶᠢᠯᠠᠯ  ᠤᠨ ᠤᠶᠢᠯᠡᠳᠪᠤᠷᠢᠯᠡᠯ ᠡᠵᠡᠩᠨᠡᠯᠲᠠ᠂ ᠠᠶᠤᠯᠭᠦᠢ ᠤᠶᠢᠯᠡᠳᠪᠤᠷᠢᠯᠡᠯ᠂ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠬᠦᠯᠤᠰᠤᠨ ᠠᠵᠢᠯᠴᠢᠨ ᠤ ᠴᠠᠯᠢᠩ ᠬᠥᠯᠥᠰᠦ ᠶᠢ ᠢᠯᠭᠠᠷᠠᠭᠤᠯᠬᠤ ᠠᠵᠢᠯ ᠵᠡᠷᠭᠡ ᠶᠢ ᠲᠤᠭᠤᠰᠢᠯᠠᠭᠤᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢᠪᠢᠯᠢᠭ ᠬᠦᠷᠢᠶᠡᠯᠡᠩ ᠲᠤᠭᠤᠷᠢᠭ᠂ ᠠᠵᠦ ᠠᠬᠤᠶᠢᠯᠠᠯ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠵᠢᠯ ᠤᠨ ᠡᠴᠤᠰ ᠪᠤᠯ ᠡᠯ᠎ᠡ ᠲᠦᠷᠤᠯ ᠤᠨ ᠠᠵᠢᠯ ᠤᠨ ᠡᠭᠦᠷᠭᠡ ᠶᠢᠨ ᠰᠢᠪᠲᠤᠯᠤᠯᠲᠠ ᠶᠢᠨ ᠴᠠᠭ ᠬᠤᠭᠤᠴᠠᠭ᠎ᠠ ᠮᠦᠷᠲᠡᠭᠡᠨ ᠮᠦᠨ ᠴᠤ ᠡᠯ᠎ᠡ ᠵᠤᠶᠢᠯ ᠤᠨ ᠠᠰᠠᠭᠤᠳᠠᠯ ᠤᠯᠠᠨ ᠢᠯᠡᠷᠡᠬᠦ ᠬᠤᠭᠤᠴᠠᠭ᠎ᠠ ᠪᠤᠯᠤᠨ᠎ᠠ᠃ ᠪᠦᠭᠦᠳᠡᠭᠡᠷ ᠢᠶᠠᠨ ᠡᠷᠭᠡᠪᠰᠢ ᠠᠶᠤᠯᠭᠦᠢ ᠤᠶᠢᠯᠡᠳᠪᠤᠷᠢᠯᠡᠯ᠂ ᠤᠷᠴᠢᠨ ᠲᠤᠭᠤᠷᠢᠨ ᠤ ᠬᠠᠮᠠᠭᠠᠯᠠᠯᠲᠠ᠂ ᠬᠦᠯᠤᠰᠤᠨ ᠠᠵᠢᠯᠴᠢᠨ ᠤ ᠴᠠᠯᠢᠩ ᠬᠥᠯᠥᠰᠦ  ᠶᠢ ᠢᠯᠭᠠᠷᠠᠭᠤᠯᠬᠤ᠂ ᠨᠡᠶᠢᠬᠡᠮ ᠤᠨ ᠠᠮᠤᠷ ᠳᠦᠪᠰᠢᠨ ᠢ ᠶᠡᠷᠤᠩᠬᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠳᠡᠭᠡᠲᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠭᠢᠯᠭᠡ ᠪᠠᠷ ᠠᠮᠤᠷ ᠳᠤᠭᠳᠠᠭᠤᠨ ᠢ ᠬᠠᠮᠠᠭᠠᠯᠠᠨ ᠡᠶ᠎ᠡ ᠵᠤᠬᠢᠴᠠᠯ ᠢ ᠠᠬᠢᠭᠤᠯᠬᠤ ᠡᠯ᠎ᠡ ᠲᠦᠷᠤᠯ ᠤᠨ ᠡᠭᠦᠷᠭᠡ ᠪᠠᠨ ᠲᠤᠭᠤᠰᠢᠯᠠᠭᠤᠯᠵᠦ ᠠᠵᠦ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠠ ᠳᠤ ᠡᠶ᠎ᠡ ᠵᠤᠬᠢᠴᠠᠯᠲᠦ ᠠᠮᠤᠷ ᠲᠤᠭᠲᠠᠭᠤᠨ ᠨᠡᠶᠢᠬᠡᠮ ᠤᠨ ᠤᠷᠴᠢᠨ ᠲᠤᠭᠤᠷᠢᠨ ᠢ ᠡᠭᠦᠳᠬᠦ ᠶᠢᠨ ᠲᠦᠯᠤᠭᠡ ᠴᠢᠷᠮᠠᠶᠢᠬᠤ ᠬᠡᠷᠡᠭᠲᠠᠢ ᠭᠡᠪᠡ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠤᠷᠴᠢᠮ ᠤᠨ ᠬᠤᠭᠤᠴᠠᠭᠠᠨ ᠤ ᠡᠯ᠎ᠡ ᠭᠠᠵᠠᠷ ᠤᠨ ᠠᠶᠤᠯᠭᠦᠢ ᠤᠶᠢᠯᠡᠳᠪᠤᠷᠢᠯᠡᠯ ᠤᠨ ᠭᠡᠨᠡᠳᠡᠯ ᠠᠴᠠ ᠰᠤᠷᠭᠠᠮᠵᠢ ᠠᠪᠴᠤ ᠠᠵᠢᠯ ᠤᠨ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠨ ᠠᠮᠠᠷᠬᠠᠨ ᠭᠡᠨᠡᠳᠡᠯ ᠭᠠᠷᠳᠠᠭ ᠭᠤᠤᠯᠳᠠᠯᠭ᠎ᠠ ᠲᠠᠢ ᠭᠠᠵᠠᠷ ᠤᠷᠤᠨ᠂ ᠠᠵᠢᠯ ᠮᠡᠷᠭᠡᠵᠢᠯ ᠤᠨ ᠬᠦᠷᠢᠶ᠎ᠡ ᠬᠡᠪᠴᠢᠶ᠎ᠡ ᠪᠤᠯᠤᠨ ᠠᠵᠦ ᠠᠬᠤᠶᠢᠯᠠᠯ ᠢ ᠴᠢᠩᠭ᠎ᠠ ᠠᠩᠬᠠᠷᠴᠤ ᠡᠯ᠎ᠡ ᠲᠦᠷᠤᠯ ᠤᠨ ᠠᠶᠤᠯᠭᠦᠢ ᠤᠶᠢᠯᠡᠳᠪᠦᠷᠢᠯᠡᠯ ᠤᠨ ᠳᠠᠯᠳᠠ ᠬᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ ᠤᠨᠴᠠ ᠶᠡᠭᠡ ᠠᠶᠤᠯᠭᠦᠢ ᠤᠶᠢᠯᠡᠳᠪᠤᠷᠢᠯᠡᠯ ᠤᠨ ᠬᠡᠨᠡᠳᠡᠯ  ᠢ ᠡᠷᠡᠰ ᠰᠡᠷᠭᠡᠶᠢᠯᠡᠬᠦ ᠬᠡᠷᠡᠭᠲᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠡᠷᠬᠡᠪᠰᠢ ᠠᠶᠤᠯᠭᠦᠢ ᠤᠶᠢᠯᠡᠳᠪᠤᠷᠢᠯᠡᠯ ᠤᠨ ᠬᠠᠷᠢᠶᠠᠲᠤ ᠤᠷᠤᠨ ᠳᠠᠬᠢ ᠬᠠᠷᠢᠭᠤᠴᠠᠯᠭ᠎ᠠ ᠪᠤᠯᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠤᠭᠤᠰᠢᠯᠠᠭᠤᠯᠤᠨ ᠲᠤᠬᠠᠢ ᠶᠢᠨ ᠭᠠᠵᠠᠷ ᠲᠤᠨᠢ ᠪᠠᠶᠢᠩᠭᠤ ᠶᠢᠨ ᠴᠢᠨᠠᠷᠲᠠᠢ ᠪᠠᠷ ᠪᠠᠶᠢᠴᠠᠭᠠᠨ ᠰᠤᠳᠤᠯᠵᠤ ᠡᠯ᠎ᠡ ᠲᠦᠷᠤᠯ ᠤᠨ ᠠᠵᠢᠯ ᠢ ᠲᠤᠭᠤᠰᠢᠲᠠᠢ ᠨᠠᠶᠢᠲᠠᠪᠤᠷᠢᠵᠢᠭᠤᠯᠬᠤ ᠬᠡᠷᠡᠭᠲᠠᠢ᠃ ᠠᠵᠦ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠦ ᠠᠵᠢᠯᠲᠠᠳ ᠤᠨ ᠬᠦᠮᠦᠵᠢᠯ ᠪᠤᠯᠪᠠᠰᠤᠷᠠᠯ᠂ ᠦᠪᠡᠷ ᠤᠨ ᠪᠡᠶ᠎ᠡ ᠶᠢᠨ ᠪᠠᠶᠢᠴᠠᠭᠠᠯᠲᠠ᠂ ᠠᠰᠠᠭᠤᠳᠠᠯ ᠢᠶᠠᠨ ᠴᠡᠭᠴᠡᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠲᠠ ᠬᠢᠬᠦ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠤ ᠪᠦᠬᠦ ᠠᠵᠢᠯᠲᠠᠨ ᠤ ᠠᠶᠤᠯ ᠲᠦᠭᠰᠢᠭᠦᠷᠢ ᠶᠢ ᠡᠵᠡᠮᠲᠡᠨ ᠬᠤᠷᠢᠭᠯᠠᠬᠤ ᠴᠢᠳᠠᠪᠤᠷᠢ᠂ ᠳᠠᠯᠲᠠ ᠭᠡᠮ ᠢ ᠠᠷᠢᠯᠭᠠᠬᠤ ᠪᠠ ᠡᠬᠢᠨ ᠤ ᠬᠤᠭᠤᠴᠠᠭᠠᠨ ᠳᠠᠬᠢ ᠳᠦᠭᠰᠢᠭᠦᠷᠢᠲᠤ ᠪᠠᠶᠢᠳᠠᠯ ᠢ ᠰᠶᠢᠳᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠠᠢ ᠬᠡᠪᠡ᠃
     ᠡᠷᠳᠡᠨᠢᠪᠢᠯᠢᠭ ᠵᠢᠭᠠᠵᠦ ᠭᠠᠷᠭᠠᠬᠤ ᠳᠤ ᠪᠠᠨ᠂ ᠠᠮᠢ ᠠᠬᠤᠢ ᠶᠢᠨ ᠤᠷᠴᠢᠨ ᠲᠤᠭᠤᠷᠢᠨ ᠪᠤᠯ ᠨᠠᠮ ᠤᠨ ᠡᠭᠦᠷᠭᠡ ᠵᠤᠷᠢᠯᠲᠠ ᠲᠠᠢ ᠬᠤᠯᠪᠤᠭᠳᠠᠬᠤ ᠴᠢᠬᠤᠯᠠ ᠶᠡᠭᠡ ᠤᠯᠤᠰ ᠲᠦᠷᠤ ᠶᠢᠨ ᠠᠰᠠᠭᠤᠳᠠᠯ ᠮᠦᠷᠲᠡᠭᠡᠨ ᠠᠷᠠᠳ ᠲᠦᠮᠡᠨ ᠤ ᠠᠰᠢᠭ ᠲᠤᠰᠠ ᠳᠤ ᠬᠤᠯᠪᠤᠭᠳᠠᠭᠰᠡᠨ ᠬᠦᠨᠳᠤ ᠴᠢᠬᠤᠯᠠ ᠨᠡᠶᠢᠬᠡᠮ ᠤᠨ ᠠᠰᠠᠭᠤᠳᠠᠯ ᠪᠤᠯᠤᠨ᠎ᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠦ ᠤᠯᠤᠰ ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ  ᠤᠨ ᠢᠯᠡᠯᠲᠠ ᠶᠢ ᠤᠯᠬᠤ ᠬᠡᠷᠡᠭᠲᠠᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢ ᠶᠢᠨ ᠴᠢᠨᠠᠷᠲᠠᠢ ᠬᠢᠨᠠᠨ ᠪᠠᠶᠢᠴᠠᠭᠠᠵᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠬᠦᠭᠡᠷᠤᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠡᠯ᠎ᠡ ᠲᠦᠷᠦᠯ ᠤᠨ ᠠᠰᠠᠭᠤᠳᠠᠯ ᠤᠨ ᠴᠡᠭᠴᠡᠯᠡᠯᠲᠡ ᠶᠢ ᠰᠠᠶᠢᠲᠤᠷ ᠠᠳᠬᠤᠵᠦ ᠠᠮᠢ ᠠᠬᠤᠢ ᠤᠨ ᠬᠠᠮᠠᠭᠠᠯᠠᠲᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ ᠭᠡᠵᠡᠢ᠃     ᠡᠷᠳᠡᠨᠢᠪᠢᠯᠢᠭ ᠱᠠᠭᠠᠷᠳᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠡᠷᠬᠡ ᠠᠰᠢᠭ ᠶᠢᠨ ᠪᠠᠲᠤᠯᠠᠪᠤᠷᠢ ᠶᠢᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠦᠪ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠲᠦᠷᠤᠯ ᠤᠨ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠲᠤᠷᠠᠯᠴᠠᠭ᠎ᠠ ᠪᠠᠨ ᠴᠢᠩᠭᠠᠳᠬᠠᠵᠦ ᠱᠦᠭᠦᠷᠳᠡᠨ ᠬᠠᠶᠢᠬᠤ ᠠᠷᠭ᠎ᠠ ᠪᠠᠷ ︽ᠠᠷᠪᠠ ᠶᠢ ᠪᠦᠷᠬᠦᠭᠦᠯᠬᠦ ᠢᠨᠵᠧᠨᠧᠷᠢᠩ︾ ᠪᠠ ᠦᠷᠭᠡᠳᠭᠡᠭᠰᠡᠨ ᠢᠨᠵᠧᠨᠧᠷᠢᠩ᠂ ᠪᠦᠲᠤᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠤᠶᠢᠯᠡᠳᠪᠤᠷᠢᠯᠡᠯ ᠪᠠᠷᠢᠯᠭ᠎ᠠ ᠶᠢᠨ ᠴᠢᠨᠠᠷᠲᠠᠢ ᠠᠵᠦ ᠠᠬᠤᠶᠢᠯᠠᠯ ᠤᠨ ᠬᠦᠯᠤᠰᠤᠨ ᠠᠵᠢᠯᠴᠢᠨ ᠤ ᠴᠠᠯᠢᠩ ᠬᠥᠯᠥᠰᠦ ᠶᠢ ᠢᠯᠭᠠᠷᠠᠭᠤᠯᠤᠭᠰᠠᠨ ᠪᠠᠶᠢᠳᠠᠯ ᠢ ᠪᠠᠶᠢᠴᠠᠭᠠᠵᠤ ᠬᠦᠯᠤᠰᠤᠨ ᠠᠵᠢᠯᠴᠢᠨ ᠤ ᠡᠷᠬᠡ ᠠᠰᠢᠭ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠬᠡᠪᠡ᠃
    ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠦᠭᠡᠷᠡᠴᠢᠯᠡᠯᠲᠠ ᠬᠦᠭᠵᠢᠯᠲᠠ ᠶᠢᠨ ᠲᠤᠭᠲᠠᠭᠤᠨ ᠤ ᠡᠯ᠎ᠡ ᠲᠦᠷᠤᠯ  ᠤᠨ ᠠᠵᠢᠯ ᠢ ᠨᠢᠭᠡᠳᠤᠯᠲᠠᠢ ᠲᠦᠯᠦᠪᠵᠢᠭᠦᠯᠤᠨ ᠬᠢᠵᠦ ᠳᠠᠷᠠᠭ᠎ᠠ ᠵᠢᠯ ᠤᠨ ᠠᠵᠢᠯ ᠢᠶᠠᠨ ᠢᠳᠡᠪᠬᠢᠲᠠᠢ ᠲᠦᠯᠤᠪᠯᠡᠨ ︽ᠭᠤᠷᠪᠠᠨ ᠶᠡᠭᠡ  ᠪᠤᠭᠤᠮᠲᠠ ᠰᠢᠪᠲᠤᠯᠬᠤ ᠳᠠᠶᠢᠯᠠᠯᠲᠤᠭᠠᠨ︾ ᠢᠶᠠᠨ ᠡᠷᠡᠰ ᠪᠡᠶᠡᠯᠡᠭᠦᠯᠵᠤ ᠲᠦᠷᠤᠯ ᠵᠤᠶᠢᠯ ᠤᠨ ᠪᠦᠲᠤᠭᠡᠨ ᠪᠠᠶᠢᠭᠤᠯᠤᠯᠲᠠ ᠶᠢ ᠠᠬᠢᠭᠤᠯᠤᠨ ᠵᠦᠷᠢᠴᠡᠯ ᠮᠦᠷᠭᠦᠯᠳᠤᠭᠡᠨ ᠢ ᠪᠠᠶᠢᠴᠠᠭᠠᠵᠦ ᠰᠶᠢᠳᠪᠤᠷᠢᠯᠡᠬᠦ ᠬᠦᠴᠦᠯᠡᠴᠡ ᠪᠠᠨ ᠨᠡᠮᠡᠭᠳᠡᠭᠦᠯᠵᠦ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠦᠷᠭᠦᠯᠵᠢᠯᠡᠬᠦᠶᠢᠴᠡ ᠡᠷᠡᠭᠦᠯ ᠬᠦᠭᠵᠢᠯᠲᠠ ᠶᠢ ᠪᠠᠲᠤᠯᠠᠬᠤ ᠬᠡᠷᠡᠭᠲᠠᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号