ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠥᠳᠥᠭᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠪᠡ
ᠨᠡᠶᠢᠲᠡᠯᠡᠭᠰᠡᠨ ᠴᠠᠭ᠄
2018-11-22
     11 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ  ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠨᠠᠷ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠥᠳᠥᠭᠡᠨ ᠪᠠᠶᠢᠭᠤᠯᠤᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠭᠠᠯᠠᠭᠤᠳᠤ ᠪᠠᠯᠭᠠᠰᠤ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠥᠪ᠂ ᠰᠤᠨᠢᠨ ᠮᠡᠳᠡᠭᠡᠨ ᠤ ᠲᠥᠪ᠂ ᠷᠠᠳᠢᠤ᠋ ᠲᠧᠯᠸᠢᠰ ᠥᠢᠯᠡᠴᠢᠯᠡᠭᠡᠨ  ᠤ ᠲᠥᠪ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠡᠷᠳᠡᠨᠢᠪᠢᠯᠢᠭ ᠨᠠᠷ ᠤᠷᠢᠳ ᠬᠤᠵᠢᠳ ᠷᠠᠳᠢᠤ᠋ ᠲᠧᠯᠸᠢᠰ ᠥᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ  ᠤᠨ ᠥᠢᠯᠡᠴᠢᠯᠡᠭᠡᠨ ᠤ ᠲᠥᠪ ᠢᠶᠠᠷ ᠭᠥᠷᠴᠤ ᠰᠤᠨᠢᠨ ᠮᠡᠳᠡᠭᠡ ᠤᠬᠠᠭᠤᠯᠭ᠎ᠠ ᠶᠢᠨ ᠠᠵᠢᠯᠳᠠᠳ ᠢ ᠪᠤᠯᠭᠤᠭᠠᠨ ᠥᠵᠡᠭᠰᠠᠨ ᠪᠠᠶᠢᠨ᠎ᠠ᠃ ᠲᠠᠷᠠ ᠴᠢᠬᠤᠯᠠᠴᠢᠯᠠᠬᠤ ᠳᠤ ᠪᠠᠨ᠂ ᠵᠠᠭᠤᠴᠢᠯᠠᠭᠤᠷ ᠤᠨ ᠠᠭᠤᠰᠤᠯᠴᠠᠯ ᠢ ᠲᠦᠷᠭᠡᠳᠬᠡᠨ ᠠᠭᠢᠭᠤᠯᠵᠤ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠢ ᠬᠦᠴᠦᠯᠡᠨ ᠪᠠᠶᠢᠭᠤᠯᠬᠤ ᠭᠡᠷᠡᠭᠳᠠᠢ ᠭᠡᠵᠡᠢ᠃
     ᠬᠤᠰᠢᠭᠤ ᠷᠠᠳᠢᠤ᠋ ᠲᠧᠯᠸᠢᠰ ᠥᠢᠯᠡᠴᠢᠯᠡᠭᠡᠨ ᠤ ᠲᠥᠪ ᠲᠤ ᠡᠷᠳᠡᠨᠢᠪᠢᠯᠢᠭ ᠨᠠᠷ ᠰᠢᠩᠭᠡᠭᠡᠨ ᠥᠢᠯᠠᠳᠭᠦ ᠲᠠᠰᠤᠭ ᠂ ᠨᠠᠪᠳᠠᠷᠠᠭᠦᠯᠭᠡ ᠶᠢᠨ ᠲᠠᠰᠤᠭ ᠤᠨ ᠲᠥᠭᠦᠭᠡᠷᠤᠮᠵᠢ ᠶᠢ ᠪᠠᠶᠢᠴᠠᠭᠠᠨ ᠥᠵᠠᠵᠤ ︽ᠥᠥᠰᠢᠨ ᠰᠤᠨᠢᠨ ᠮᠡᠳᠡᠭᠡ︾᠂ ︽ᠰᠥᠯᠵᠢᠶᠠᠨ ᠲᠡᠭᠡᠷᠡᠭᠢ ᠭᠤᠷᠪᠠᠨ ᠲᠠᠷᠢᠶᠠᠯᠠᠩ︾ ᠵᠡᠷᠭᠡ ᠫᠷᠦᠭᠷᠡᠮ ᠤᠨ ᠰᠢᠩᠭᠡᠭᠡᠨ ᠥᠢᠯᠡᠳᠭᠦ᠂ ᠨᠠᠪᠳᠠᠷᠠᠭᠦᠯᠭᠦ ᠠᠵᠢᠯ  ᠤᠨ ᠪᠠᠶᠢᠳᠠᠯ ᠢ ᠨᠠᠷᠢᠨ ᠣᠶᠢᠯᠠᠭᠠᠭᠰᠠᠨ ᠪᠠᠶᠢᠨ᠎ᠠ᠃
     ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠥᠪ ᠲᠤ ᠡᠷᠳᠡᠨᠢᠪᠢᠯᠢᠭ ᠨᠠᠷ ᠮᠠᠨ ᠤ ᠬᠤᠰᠢᠭᠤᠨ ᠤ ᠲᠤᠮᠤ ᠳ᠋ᠠᠶᠢᠲ᠋ᠠ ᠶᠢᠨ ᠲᠥᠪ ᠤᠨ ᠡᠷᠭᠢᠯᠳᠠ ᠶᠢᠨ ᠪᠠᠶᠢᠳᠠᠯ ᠢ ᠣᠶᠢᠯᠠᠭᠠᠵᠤ ᠥᠥᠰᠢᠨ ᠬᠤᠰᠢᠭᠤᠨ ᠤ ᠠᠶᠤᠯᠭᠦᠢ ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠮᠡᠳᠡᠭᠡ ᠵᠠᠩᠭᠢ ᠶᠢᠨ ᠲᠥᠪ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠥᠪ ᠤᠨ ᠮᠠᠰᠢᠨ ᠲᠤᠨᠤᠭᠯᠠᠯ ᠤᠨ ᠭᠡᠷ᠂ ᠭᠠᠯᠠᠭᠤᠳᠤ ᠪᠠᠯᠭᠠᠰᠤᠨ ᠤ ᠰᠤᠶᠤᠯ ᠤᠨ ᠥᠷᠳᠡᠭᠡ ᠵᠡᠷᠭᠡ ᠶᠢ ᠪᠠᠶᠢᠴᠠᠭᠠᠨ ᠥᠵᠡᠭᠰᠠᠨ ᠪᠠᠶᠢᠨ᠎ᠠ᠃
     ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠠᠷᠤᠩᠭᠡᠢ ᠱᠥᠵᠢ ᠶᠢᠨ ᠪᠥᠭᠦ ᠤᠯᠤᠰ ᠤᠨ ᠰᠣᠷᠲᠠᠯ ᠤᠬᠠᠭᠤᠯᠭ᠎ᠠ ᠶᠢᠨ ᠠᠵᠢᠯ ᠤᠨ ᠬᠤᠷᠠᠯ ᠲᠡᠭᠡᠷᠡᠭᠢ ᠰᠢᠶᠠᠨ ᠤ ᠲᠠᠰ ᠤᠨ ᠬᠠᠮ ᠵᠠᠭᠤᠴᠢᠯᠠᠭᠤᠷ ᠤᠨ ᠲᠥᠪ  ᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠬᠤ ᠲᠤᠬᠠᠢ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠭᠢᠨᠠᠮᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠷᠢᠶ᠎ᠠ ᠭᠡᠯᠡᠯᠴᠡᠭᠡᠨ ᠤ ᠤᠳᠤᠷᠢᠳᠤᠮᠵᠢ ᠶᠢᠨ ᠭᠢᠷᠢ ᠲᠥᠪᠰᠢᠨ ᠢ ᠲᠠᠰᠤᠷᠠᠯᠲᠠ ᠥᠭᠡᠢ ᠲᠡᠭᠡᠭᠰᠢᠯᠡᠭᠦᠯᠭᠦ ᠭᠡᠷᠡᠭᠳᠠᠢ᠃ ᠪᠠᠭᠢᠯᠠᠯᠳᠠ ᠶᠢᠨ ᠭᠠᠵᠠᠷ ᠤᠨ ᠪᠥᠳᠥᠭᠡᠨ ᠪᠠᠶᠢᠭᠤᠯᠤᠯᠳᠠ ᠶᠢ ᠴᠢᠩᠭᠠᠳᠬᠠᠨ ᠰᠤᠨᠢᠨ ᠮᠡᠳᠡᠭᠡᠨ ᠤ ᠤᠬᠭᠤᠯᠭ᠎ᠠ᠂ ᠵᠠᠰᠠᠭ ᠤᠨ ᠶᠠᠪᠤᠳᠠᠯ ᠤᠨ ᠥᠢᠯᠡᠴᠢᠯᠡᠭᠡ᠂ ᠠᠮᠢᠳᠤᠷᠠᠯ ᠤᠨ ᠥᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠬᠠᠮ ᠵᠠᠭᠤᠴᠢᠯᠠᠭᠤᠷ ᠤᠨ ᠲᠠᠪᠴᠠᠩ ᠢ ᠪᠠᠶᠢᠭᠤᠯᠬᠤ ᠭᠡᠷᠡᠭᠳᠠᠢ᠃ ᠠᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠨ᠂ ᠢᠯᠠᠳᠭᠡᠭᠦ ᠠᠷᠭ᠎ᠠ ᠪᠠᠷᠢᠯ ᠢ ᠪᠠᠶᠠᠯᠢᠭᠵᠢᠭᠤᠯᠵᠦ ᠨᠡᠩ ᠰᠢᠯᠢᠳᠡᠭ ᠰᠠᠶᠢᠨ ᠰᠤᠨᠢᠨ ᠮᠡᠳᠡᠭᠡ ᠶᠢ ᠲᠠᠮᠵᠢᠭᠤᠯᠬᠤ ᠭᠡᠷᠡᠭᠳᠠᠢ᠃ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ ᠰᠤᠨᠢᠨ ᠮᠡᠳᠡᠭᠡᠨ ᠤ ᠠᠵᠢᠯᠳᠠᠳ ᠤᠨ ᠲᠤᠬᠠᠶᠢᠯᠠᠭᠰᠠᠨ ᠠᠵᠢᠯ ᠤᠨ ᠭᠡᠪ ᠴᠢᠨᠠᠷ ᠢ ᠲᠡᠭᠡᠭᠰᠢᠯᠠᠭᠦᠯᠤᠨ᠂ ᠥᠥᠰᠢᠨ ᠢᠶᠠᠨ ᠤᠬᠠᠭᠤᠯᠤᠨ ᠮᠡᠳᠡᠭᠡᠯᠠᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠳᠤ ᠰᠢᠨ᠎ᠠ ᠶᠠᠷᠢᠶ᠎ᠠ ᠭᠡᠯᠡᠯᠴᠡᠭᠡᠨ ᠤ ᠲᠤᠯᠭᠠᠭᠤᠷᠢᠯᠠᠯ ᠬᠠᠩᠭᠠᠬᠤ ᠭᠡᠷᠡᠭᠳᠠᠢ ᠭᠡᠵᠡᠢ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠲᠥᠯᠥᠪᠯᠡᠭᠡ ᠲᠥᠯᠥᠪᠵᠢᠭᠦᠯᠭᠡ ᠶᠢ ᠴᠢᠨᠠᠷᠯᠢᠭ ᠰᠠᠶᠢᠨ ᠭᠢᠵᠤ  ᠵᠠᠭᠤᠴᠢᠯᠠᠭᠤᠷ ᠤᠨ ᠠᠭᠤᠰᠤᠯᠴᠠᠯ ᠤᠨ ᠲᠥᠰᠥᠪ ᠢ ᠲᠥᠷᠭᠡᠨ ᠲᠤᠭᠳᠠᠭᠠᠨ ᠭᠠᠷᠭᠠᠬᠤ ᠭᠡᠷᠡᠭᠳᠠᠢ᠃ ᠬᠠᠮ ᠵᠠᠭᠤᠴᠢᠯᠠᠭᠤᠷ ᠤᠨ ᠡᠮᠤᠨ᠎ᠡ ᠬᠤᠭᠤᠴᠠᠭᠠᠨ ᠤ ᠪᠠᠶᠢᠷᠢᠰᠢᠯ ᠰᠤᠩᠭᠤᠬᠤ ᠠᠵᠢᠯ ᠢ ᠰᠠᠶᠢᠨ ᠭᠢᠵᠤ ᠤᠳᠤ ᠶᠢᠨ ᠪᠠᠶᠢᠭ᠎ᠠ ᠡᠭᠢ ᠪᠠᠶᠠᠯᠢᠭ ᠪᠤᠯᠤᠨ ᠲᠤᠭ᠎ᠠ ᠪᠠᠷᠢᠮᠳᠠ ᠶᠢᠨ ᠲᠠᠪᠴᠠᠩ ᠢ ᠨᠢᠭᠡᠳᠤᠭᠦᠯᠤᠨ ᠪᠠᠶᠢᠷᠢᠯᠠᠭᠤᠯᠤᠯᠳᠠ ᠲᠤᠭᠢᠷᠠᠭᠤᠯᠤᠯᠳᠠ ᠶᠢ ᠨᠢᠭᠡᠳᠤᠯᠳᠠᠢ ᠲᠥᠯᠥᠪᠵᠢᠭᠦᠯᠤᠨ ᠰᠠᠶᠢᠨ ᠭᠢᠵᠤ ᠵᠠᠭᠤᠴᠢᠯᠠᠭᠤᠷ ᠤᠨ ᠬᠠᠮᠳᠤ ᠶᠢᠨ ᠥᠢᠯᠡᠴᠢᠯᠡᠭᠡᠨ ᠤ ᠴᠢᠳᠠᠪᠭᠢ ᠶᠢ ᠨᠡᠮᠡᠭᠳᠡᠭᠦᠯᠤᠨ ᠵᠢᠯᠤᠭᠤᠳᠬᠤ ᠭᠥᠴᠤᠨ᠂ ᠨᠥᠯᠥᠭᠡᠯᠡᠭᠦ ᠭᠥᠴᠤᠨ ᠢ ᠨᠡᠮᠡᠭᠳᠡᠭᠦᠯᠵᠦ ᠤᠯᠠᠨ ᠲᠥᠮᠡᠨ ᠢ ᠭᠥᠳᠤᠯᠤᠨ ᠲᠠᠭᠠᠭᠤᠯᠤᠨ ᠤᠯᠠᠨ ᠲᠥᠮᠡᠨ ᠳᠤ ᠨᠡᠩ ᠰᠠᠶᠢᠨ ᠢᠶᠠᠷ ᠥᠢᠯᠡᠴᠢᠯᠠᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号