11 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠣᠷᠣᠯᠠᠭᠴᠢ ᠳᠠᠷᠤᠭ᠎ᠠ ᠵᠣᠣ ᠹᠧᠢ ᠯᠣ᠋ ᠴᠠᠩ ᠴᠢᠩ ᠴᠢᠯᠠᠭᠤᠨ | ᠳᠣᠰᠣᠨ ᠠᠢ ᠰᠠᠪᠠ ᠶᠢᠨ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠮᠢᠩ ᠯᠤ᠋᠂ ᠴᠠᠩ ᠴᠢᠩ ᠴᠢᠯᠠᠭᠤᠨ | ᠳᠣᠰᠣᠨ ᠠᠢ ᠰᠠᠪᠠ ᠶᠢᠨ ᠺᠤᠮᠫᠠᠨᠢ ᠶᠢᠨ ᠶᠡᠷᠦᠩᠭᠡᠢ ᠳᠠᠭᠠᠭᠠᠮᠠᠯ ᠤᠨ ᠲᠤᠰᠠᠯᠠᠭᠴᠢ ᠤᠮᠠᠷᠠᠲᠤ ᠱᠤᠭᠤᠮ ᠤᠨ | ᠵᠢᠯᠤᠭᠤᠳᠬᠤ ᠬᠡᠯᠲᠡᠰ ᠤᠨ ᠵᠢᠯᠤᠭᠤᠳᠤᠭᠴᠢ ᠯᠢ ᠸᠧᠨ ᠬᠤᠸᠠ᠂ ᠰᠣᠪᠣᠷᠭ᠎ᠠ ᠰᠢᠳᠠᠮᠠᠬᠠᠢ ᠬᠡᠢ ᠶᠢᠨ ᠠᠢ ᠰᠠᠪᠠ ᠶᠢᠨ | ᠨᠡᠭᠡᠭᠡᠯᠳᠡ ᠶᠢᠨ ᠬᠤᠪᠢᠶᠠᠷᠢ ᠺᠣᠮᠫᠠᠨᠢ ᠶᠢᠨ ᠵᠠᠬᠢᠷᠤᠯ ᠤᠮᠠᠷᠠᠲᠤ ᠱᠤᠭᠤᠮ ᠤᠨ ᠵᠢᠯᠤᠭᠤᠳᠬᠤ ᠬᠡᠯᠲᠡᠰ ᠤᠨ ᠪᠠᠶᠢᠩᠭᠤ | ᠶᠢᠨ ᠠᠵᠢᠯ ᠤᠨ ᠳᠡᠳ᠋ ᠵᠢᠯᠤᠭᠤᠳᠤᠭᠴᠢ ᠶᠠᠩ ᡁᠢ ᠯᠦᠨ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ᠂ ᠣᠷᠣᠨ | ᠨᠤᠲᠤᠭ ᠪᠣᠯᠣᠨ ᠠᠵᠤ ᠠᠬᠤᠶᠢᠯᠠᠯ ᠬᠠᠮᠳᠤᠷᠠᠨ ᠠᠵᠢᠯᠯᠠᠬᠤ ᠪᠠ ᠣᠳᠣᠬᠠᠨ ᠳᠤ ᠰᠢᠢᠳᠪᠦᠷᠢᠯᠠᠬᠦ ᠴᠢᠬᠤᠯᠠᠳᠠᠢ | ᠠᠰᠠᠭᠤᠳᠠᠯ ᠤᠨ ᠳᠣᠬᠠᠢ ᠵᠦᠪᠳᠡᠯᠴᠡᠪᠡ᠃ ᠬᠤᠰᠢᠭᠤ ᠨᠠᠮ ᠤ ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ | ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ | ᠬᠤᠰᠢᠭᠤ ᠳᠡᠳ᠋ ᠳᠠᠷᠤᠭ᠎ᠠ ᠴᠢᠶᠣᠣ ᠠᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ | ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ | ᠬᠠᠮᠢᠶᠠᠷᠣᠯᠳᠠ ᠶᠢᠨ ᠳᠣᠪᠴᠢᠶ᠎ᠠ᠂ ᠰᠣᠷᠭᠠᠨ ᠬᠦᠮᠦᠵᠢᠯ ᠤᠨ ᠳᠣᠪᠴᠢᠶ᠎ᠠ᠂ ᠶᠠᠳᠠᠭᠤ ᠶᠢ ᠳᠡᠳᠬᠦᠨ ᠨᠡᠬᠡᠬᠡᠯᠳᠡ ᠬᠢᠬᠦ | ᠲᠦᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠪᠠ ᠡᠯ᠎ᠡ ᠰᠣᠮᠣ ᠪᠠᠯᠭᠠᠰᠣᠨ ᠤ ᠬᠠᠷᠢᠭᠤᠴᠠᠯᠭᠠᠳᠠᠨ ᠬᠤᠷᠠᠯ ᠳᠤ | ᠣᠷᠣᠯᠴᠠᠪᠠ᠃ | | | | | ᠡᠷᠳᠡᠨᠢᠪᠢᠯᠢᠭ ᠢᠯᠡᠷᠬᠡᠶᠢᠯᠡᠬᠦ ᠳᠡᠭᠡᠨ᠂ ᠦᠦᠰᠢᠨ ᠬᠤᠰᠢᠭᠤ ᠪᠣᠯᠣᠨ ᠴᠠᠩ ᠴᠢᠩ ᠳᠣᠰᠣᠨ ᠠᠢ ᠰᠠᠪᠠ ᠬᠦᠨ | ᠵᠣᠵᠠᠭᠠᠨ ᠨᠦᠬᠦᠷᠯᠡᠯ ᠢ ᠪᠠᠶᠢᠭᠤᠯᠵᠤ ᠠᠵᠣ ᠠᠬᠤᠶᠢᠯᠠᠯ ᠪᠠ ᠣᠷᠣᠨ ᠨᠤᠲᠤᠭ ᠤᠨ ᠬᠠᠷᠢᠴᠠᠭ᠎ᠠ ᠡᠶ᠎ᠡ ᠨᠠᠶᠢᠷᠠᠮᠳᠠᠭᠤ | ᠪᠠᠶᠢᠵᠤ ᠰᠣᠪᠣᠷᠭ᠎ᠠ ᠪᠠᠶᠢᠭᠠᠯᠢ ᠶᠢᠨ ᠰᠢᠳᠠᠮᠠᠬᠠᠢ ᠬᠡᠢ ᠶᠢᠨ ᠠᠢ ᠰᠠᠪᠠ ᠶᠢᠨ ᠰᠢᠨᠵᠢᠯᠡᠬᠦ ᠣᠬᠠᠭᠠᠨᠴᠢ᠂ ᠳᠦᠷᠢᠮᠵᠢᠭᠰᠡᠨ | ᠂ ᠵᠠᠩᠬᠢᠴᠢᠯᠠᠭᠰᠠᠨ ᠬᠠᠮᠢᠶᠠᠷᠣᠯᠳᠠ ᠨᠢ ᠪᠢᠳᠠᠨ ᠤ ᠰᠣᠷᠣᠯᠴᠠᠭᠤᠰᠢᠳᠠᠢ ᠵᠥᠢᠯ ᠮᠦᠨ᠃ ᠦᠦᠰᠢᠨ ᠬᠤᠰᠢᠭᠤ ᠨᠢ | ᠪᠠᠶᠢᠭᠠᠯᠢ ᠶᠢᠨ ᠰᠢᠳᠠᠮᠠᠬᠠᠢ ᠬᠡᠢ ᠶᠢᠨ ᠨᠣᠳᠤᠭ ᠬᠡᠮᠡᠭᠳᠡᠵᠤ ᠰᠣᠪᠣᠷᠭ᠎ᠠ ᠪᠠᠶᠢᠭᠠᠯᠢ ᠶᠢᠨ ᠰᠢᠳᠠᠮᠠᠬᠠᠢ ᠬᠡᠢ ᠶᠢᠨ ᠠᠢ | ᠰᠠᠪᠠ ᠪᠣᠯ ᠦᠦᠰᠢᠨ ᠬᠤᠰᠢᠭᠤᠨ ᠤ ᠨᠡᠷ᠎ᠡ ᠶᠢᠨ ᠬᠠᠭᠤᠳᠠᠰᠣ ᠪᠣᠯᠬᠤ ᠶᠣᠮ᠃ ᠪᠢᠳᠡ ᠤᠯᠤᠰ ᠤᠨ ᠡᠬᠢ ᠪᠠᠶᠠᠯᠢᠭ | ᠤᠨ ᠠᠶᠣᠯᠬᠦᠢ ᠶᠢᠨ ᠵᠤᠭᠰᠤᠴᠠ ᠠᠴᠠ ᠠᠮᠤᠷ ᠲᠦᠪᠰᠢᠨ ᠤ ᠡᠯ᠎ᠡ ᠭᠤᠭᠴᠤᠭ᠎ᠠ ᠶᠢᠨ ᠳᠠᠷᠤᠯᠲᠠ ᠶᠢ ᠳᠠᠪᠠᠨ ᠭᠠᠷᠴᠤ | ᠡᠨᠧᠷᠬᠢ ᠶᠢᠨ ᠠᠮᠤᠷ ᠲᠦᠪᠰᠢᠨ᠂ ᠣᠯᠣᠰ ᠤᠨ ᠳᠦᠷᠦ ᠶᠢᠨ ᠪᠣᠳᠣᠯᠭ᠎ᠠ᠂ ᠣᠯᠣᠰ ᠳᠦᠷᠦ᠂ ᠠᠷᠠᠳ ᠤᠨ | ᠠᠮᠢᠳᠣᠷᠠᠯ ᠵᠡᠷᠭᠡ ᠳᠠᠯ᠎ᠠ ᠠᠴᠠ ᠰᠢᠳᠠᠮᠠᠬᠠᠢ ᠬᠡᠢ ᠶᠢᠨ ᠠᠢ ᠰᠠᠪᠠ ᠶᠢᠨ ᠬᠦᠭᠵᠢᠯᠲᠡ ᠳᠠᠬᠢ ᠦᠢᠯᠡᠴᠢᠯᠡᠭᠡ ᠪᠠᠨ | ᠪᠠᠳᠣᠯᠠᠵᠣ ᠬᠤᠶᠠᠷ ᠳᠠᠯ᠎ᠠ ᠶᠢᠨ ᠬᠠᠮᠵᠢᠯᠴᠠᠭ᠎ᠠ ᠶᠢᠨ ᠬᠠᠮᠲᠣ ᠶᠢᠨ ᠢᠯᠡᠯᠳᠡ ᠶᠢ ᠤᠯᠤᠨ ᠨᠣᠮᠢᠨ ᠳᠠᠩᠰᠤᠭ ᠦᠦᠰᠢᠨ | ᠤ ᠰᠢᠨ᠎ᠡ ᠴᠠᠭ ᠦᠶ᠎ᠡ ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠬᠢᠭᠤᠯᠣᠨ᠎ᠠ ᠬᠡᠪᠡ᠃ | | | | | ᠡᠷᠳᠡᠨᠢᠪᠢᠯᠢᠭ ᠵᠢᠭᠠᠬᠤ ᠳᠠᠭᠠᠨ᠂ ᠣᠳᠣᠬᠠᠨ ᠤ ᠣᠷᠴᠢᠨ ᠳᠣᠭᠤᠷᠢᠨ ᠤ ᠬᠠᠮᠠᠭᠠᠯᠠᠯᠲᠠ᠂ ᠭᠠᠶᠢᠯᠢ ᠳᠠᠳᠠᠪᠣᠷᠢ | ᠵᠡᠷᠭᠡ ᠠᠰᠠᠭᠤᠳᠠᠯ ᠤᠨ ᠳᠣᠬᠠᠢ ᠪᠢᠳᠡ ᠦᠷᠬᠦᠯᠵᠢᠯᠡᠨ ᠨᠦᠬᠦᠷᠰᠡᠭ ᠬᠠᠷᠢᠴᠠᠭ᠎ᠠ ᠪᠠᠨ ᠪᠠᠳᠣᠯᠠᠵᠣ ᠬᠠᠷᠢᠯᠴᠠᠨ | ᠬᠠᠮᠵᠢᠯᠴᠠᠨ᠂ ᠬᠠᠮᠳᠣᠪᠠᠷ ᠰᠢᠢᠳᠪᠦᠷᠢᠯᠡᠵᠤ ᠬᠠᠮᠲᠣ ᠶᠢᠨ ᠬᠦᠭᠵᠢᠯᠲᠡ ᠶᠢ ᠪᠡᠶᠡᠯᠡᠬᠦᠯᠦᠨ᠎ᠡ᠃ ᠠᠵᠣ ᠠᠬᠤᠶᠢᠯᠠᠯ | ᠦᠪᠡᠷ ᠢ ᠪᠠᠨ ᠬᠦᠴᠦᠷᠬᠡᠭᠵᠢᠬᠦᠯᠬᠦ ᠶᠢᠨ ᠬᠠᠮᠲᠣ ᠤᠷᠤᠨ ᠨᠣᠳᠤᠭ ᠤᠨ ᠠᠵᠣ ᠠᠬᠤᠶᠢᠯᠠᠯ ᠤᠨ ᠰᠢᠳᠠᠮᠠᠬᠠᠢ ᠬᠡᠢ | ᠬᠡᠷᠡᠭᠯᠡᠬᠦ ᠬᠡᠮᠵᠢᠶ᠎ᠡ ᠶᠢ ᠪᠠᠳᠣᠯᠠᠬᠤ ᠬᠡᠷᠡᠭᠲᠡᠢ᠃ ᠠᠵᠣ ᠠᠬᠤᠶᠢᠯᠠᠯ ᠬᠠᠣᠯᠢ ᠳᠦᠷᠢᠮ ᠢ ᠳᠠᠭᠠᠵᠣ ᠳᠡᠭᠡᠲᠦ ᠱᠠᠳᠣᠨ ᠤ | ᠱᠠᠭᠠᠷᠳᠠᠯᠭ᠎ᠠ ᠶᠣᠰᠣᠭᠠᠷ ᠴᠠᠭ ᠳᠣᠬᠠᠢ ᠳᠤᠨᠢ ᠭᠠᠷ ᠬᠦᠢᠴᠡᠳᠭᠡᠯ ᠢᠶᠠᠨ ᠬᠢᠬᠦ ᠬᠡᠷᠡᠭᠲᠡᠢ᠃ ᠠᠶᠣᠯᠬᠦᠢ | ᠦᠢᠯᠡᠳᠪᠦᠷᠢᠯᠡᠯ ᠪᠠ ᠣᠷᠴᠢᠨ ᠳᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠰᠠᠶᠢᠳᠣᠷ ᠲᠤᠭᠤᠰᠢᠯᠠᠭᠤᠯᠵᠤ ᠬᠦᠨᠳᠦ ᠶᠡᠭᠡ ᠬᠡᠨᠡᠳᠡᠯ ᠭᠠᠷᠬᠤ ᠶᠢ ᠬᠤᠷᠢᠭᠯᠠᠨ ᠵᠣᠭᠰᠣᠭᠠᠬᠤ ᠬᠡᠷᠡᠭᠲᠡᠢ᠃ ᠬᠢᠨᠠᠨ | ᠪᠠᠶᠢᠴᠠᠭᠠᠯᠳᠠ ᠪᠠᠷ ᠳᠣᠰᠬᠠᠭᠰᠠᠨ ᠠᠰᠠᠭᠤᠳᠠᠯ ᠢ ᠳᠠᠷᠣᠢ ᠳᠤᠨᠢ ᠵᠠᠯᠠᠷᠠᠭᠤᠯᠵᠣ ᠦᠢᠯᠡᠳᠪᠦᠷᠢᠯᠡᠯ ᠪᠣᠯᠣᠨ ᠠᠮᠢ ᠠᠬᠤᠢ | ᠶᠢᠨ ᠣᠷᠴᠢᠨ ᠳᠣᠭᠤᠷᠢᠨ ᠤ ᠬᠠᠮᠠᠭᠠᠯᠠᠯᠲᠠ ᠶᠢᠨ ᠬᠤᠣᠰ ᠢᠯᠡᠯᠳᠡ ᠶᠢ ᠣᠯᠬᠤ ᠪᠠᠷ ᠳᠡᠮᠡᠴᠡᠬᠦ ᠬᠡᠷᠡᠭᠲᠡᠢ᠃ ᠡᠬᠦᠨ ᠤ | ᠬᠠᠮᠲᠣ ᠠᠵᠣ ᠠᠬᠤᠶᠢᠯᠠᠯ ᠠᠴᠠ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠳᠣᠷ ᠬᠢᠵᠦ | ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠤᠨ ᠠᠷᠠᠳ ᠤᠨ ᠠᠮᠢᠳᠣᠷᠠᠯ ᠢ ᠰᠠᠶᠢᠵᠢᠷᠠᠭᠤᠯᠬᠤ | ᠳᠤ ᠢᠳᠡᠪᠬᠢᠲᠡᠢ ᠣᠷᠣᠯᠴᠠᠵᠣ ᠭᠠᠵᠠᠷ ᠣᠷᠣᠨ ᠪᠠ ᠠᠵᠣ ᠠᠬᠤᠶᠢᠯᠠᠯ ᠤᠨ ᠬᠠᠮᠲᠣ ᠶᠢᠨ ᠪᠦᠳᠦᠬᠡᠨ ᠪᠠᠶᠢᠭᠤᠯᠣᠯᠲᠠ | ᠪᠠ ᠡᠶ᠎ᠡ ᠨᠠᠶᠢᠷᠠᠮᠳᠠᠭᠤ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ᠃ ᠦᠦᠰᠢᠨ ᠬᠤᠰᠢᠭᠤᠨ ᠤ ᠡᠬᠢ ᠪᠠᠶᠠᠯᠢᠭ ᠡᠯᠪᠡᠭ᠂ | ᠬᠦᠭᠵᠢᠯᠲᠡ ᠶᠢᠨ ᠳᠠᠯᠳᠠ ᠬᠦᠴᠦᠨ ᠶᠡᠭᠡ᠂ ᠭᠠᠵᠠᠷ ᠣᠷᠣᠨ ᠪᠠ ᠠᠵᠣ ᠠᠬᠤᠶᠢᠯᠠᠯ ᠤᠨ ᠬᠠᠮᠲᠣ ᠶᠢᠨ ᠬᠦᠭᠵᠢᠯᠲᠡ | ᠨᠢ ᠤᠷᠤᠨ ᠨᠤᠲᠤᠭ ᠤᠨ ᠠᠵᠤ ᠦᠢᠯᠡᠳᠪᠦᠷᠢ ᠶᠢᠨ ᠬᠦᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠤ | ᠪᠦᠬᠦ ᠬᠤᠰᠢᠭᠤᠨ ᠤ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠪᠣᠯᠣᠨ᠎ᠠ ᠬᠡᠪᠡ᠃ | ᠬᠤᠷᠠᠯ ᠳᠡᠭᠡᠷ᠎ᠡ᠂ ᠶᠠᠩ ᡁᠢ ᠯᠦᠨ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠣᠷᠳᠦ ᠬᠤᠭᠤᠴᠠᠭᠠᠨ ᠤ ᠳᠣᠷᠰᠢᠬᠢ ᠳᠡᠮᠵᠢᠯᠬᠡ ᠳᠤ ᠳᠠᠯᠠᠷᠬᠠᠯ ᠳᠡᠪᠰᠢᠬᠦᠯᠬᠦ ᠶᠢᠨ ᠬᠠᠮᠲᠣ ᠰᠣᠪᠣᠷᠭ᠎ᠠ ᠪᠠᠶᠢᠭᠠᠯᠢ ᠶᠢᠨ | ᠰᠢᠳᠠᠮᠠᠬᠠᠢ ᠬᠡᠢ ᠶᠢᠨ ᠠᠢ ᠰᠠᠪᠠ ᠶᠢᠨ ᠦᠦᠰᠢᠨ ᠳᠠᠬᠢ ᠬᠦᠭᠵᠢᠯᠲᠡ ᠶᠢᠨ ᠪᠠᠶᠢᠳᠠᠯ᠂ ᠭᠠᠶᠢᠯᠢ ᠳᠠᠳᠠᠪᠣᠷᠢ | ᠳᠣᠰᠢᠶᠠᠭᠰᠠᠨ ᠪᠠᠶᠢᠳᠠᠯ ᠵᠢᠴᠢ ᠣᠷᠣᠨ ᠨᠤᠲᠤᠭ ᠤᠨ ᠠᠵᠣ ᠠᠬᠤᠢ ᠶᠢᠨ ᠪᠠᠶᠢᠭᠤᠯᠣᠯᠲᠠ ᠶᠢ ᠳᠡᠮᠵᠢᠭᠰᠡᠨ ᠪᠠᠶᠢᠳᠠᠯ | ᠤᠨ ᠳᠣᠬᠠᠢ ᠳᠠᠨᠢᠯᠴᠠᠭᠤᠯᠵᠣ ᠣᠷᠣᠰᠢᠵᠣ ᠪᠠᠶᠢᠭ᠎ᠠ ᠠᠰᠠᠭᠤᠳᠠᠯ ᠤᠨ ᠳᠣᠬᠠᠢ ᠵᠦᠪᠳᠡᠯᠴᠡᠭᠰᠡᠨ ᠪᠠᠶᠢᠨ᠎ᠠ᠃ | ᠵᠠᠩ ᠮᠢᠩ ᠯᠤ᠋ ᠵᠢᠭᠠᠬᠤ ᠳᠠᠭᠠᠨ᠂ ᠴᠠᠩ ᠴᠢᠩ ᠪᠣᠯᠣᠨ ᠦᠦᠰᠢᠨ ᠣᠷᠳᠣ ᠬᠤᠭᠤᠴᠠᠭᠠᠨ ᠤ ᠬᠠᠮᠲᠣ ᠶᠢᠨ | ᠬᠦᠭᠵᠢᠯᠲᠡ ᠶᠢᠨ ᠳᠣᠮᠳᠠ ᠨᠦᠬᠦᠷᠰᠡᠭ ᠬᠠᠷᠢᠴᠠᠭ᠎ᠠ ᠶᠢ ᠪᠠᠶᠢᠭᠤᠯᠵᠣ ᠣᠳᠣᠬᠢᠴᠢᠯᠠᠭᠰᠠᠨ ᠰᠢᠳᠠᠮᠠᠬᠠᠢ ᠬᠡᠢ ᠶᠢᠨ ᠠᠢ | ᠰᠠᠪᠠ ᠶᠢ ᠪᠠᠶᠢᠭᠤᠯᠣᠭᠰᠠᠨ ᠶᠣᠮ᠃ ᠴᠠᠩ ᠴᠢᠩ ᠴᠢᠯᠠᠭᠤᠨ ᠳᠣᠰᠣᠨ ᠤ ᠠᠢ ᠰᠠᠪᠠ ᠨᠢ ᠵᠠᠮ ᠤᠨ ᠪᠦᠲᠦᠬᠡᠨ | ᠪᠠᠶᠢᠭᠤᠯᠣᠯᠲᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠦᠢᠯᠡᠳᠪᠦᠷᠢ ᠶᠢᠨ ᠰᠢᠩᠬᠡᠨ ᠰᠢᠪᠡᠷ | ᠤᠨ ᠴᠦᠬᠦᠷᠦᠮ ᠢ ᠴᠡᠭᠴᠡᠯᠡᠨ ᠵᠠᠰᠠᠬᠤ᠂ ᠡᠬᠢ ᠪᠠᠶᠠᠯᠢᠭ ᠢ ᠠᠰᠢᠭᠯᠠᠬᠤ ᠵᠡᠷᠭᠡ ᠳᠠᠯ᠎ᠠ ᠪᠠᠷ ᠵᠦᠢ ᠶᠣᠰᠣᠨ ᠤ | ᠨᠤᠲᠠᠯᠠᠯᠲᠠ ᠬᠢᠵᠦ ᠣᠷᠣᠨ ᠨᠣᠳᠤᠭ ᠤᠨ ᠠᠵᠣ ᠠᠬᠤᠢ ᠶᠢᠨ ᠪᠦᠲᠦᠬᠡᠨ ᠪᠠᠶᠢᠭᠤᠯᠣᠯᠲᠠ ᠶᠢ ᠦᠷᠬᠦᠯᠵᠢᠯᠡᠨ | ᠳᠡᠮᠵᠢᠵᠦ ᠣᠷᠣᠨ ᠨᠣᠳᠤᠭ ᠤᠨ ᠠᠷᠠᠳ ᠤᠨ ᠠᠮᠢᠳᠣᠷᠠᠯ ᠳᠤ ᠬᠡᠷᠡᠭᠯᠡᠬᠦ ᠬᠡᠢ ᠶᠢ ᠪᠦᠬᠦ ᠬᠦᠴᠦᠨ ᠢᠶᠠᠷ ᠪᠠᠲᠤᠯᠠᠨ | ᠦᠦᠰᠢᠨ ᠬᠤᠰᠢᠭᠤᠨ ᠤ ᠣᠷᠣᠨ ᠨᠣᠳᠤᠭ ᠤᠨ ᠠᠵᠣ ᠠᠬᠤᠢ ᠶᠢᠨ ᠰᠢᠨ᠎ᠡ ᠨᠢᠬᠡᠨ ᠳᠡᠭᠳᠡᠷ ᠲᠤ ᠭᠠᠷᠬᠤ ᠶᠢ | ᠲᠦᠯᠬᠢᠨ ᠠᠬᠢᠭᠤᠯᠣᠨ᠎ᠠ ᠬᠡᠪᠡ᠃ | ᠬᠤᠷᠠᠯ ᠤᠨ ᠬᠤᠭᠤᠴᠠᠭᠠᠨ ᠳᠤ᠂ ᠡᠷᠳᠡᠨᠢᠪᠢᠯᠢᠭ᠂ ᠵᠣᠣ ᠹᠧᠢ ᠯᠣ᠋ ᠨᠠᠷ ᠴᠠᠩ ᠴᠢᠩ ᠴᠢᠯᠠᠭᠤᠨ ᠳᠣᠰᠣᠨ ᠠᠢ | ᠰᠠᠪᠠ ᠶᠢᠨ ᠰᠣᠪᠣᠷᠭ᠎ᠠ ᠰᠢᠳᠠᠮᠠᠬᠠᠢ ᠬᠡᠢ ᠶᠢᠨ ᠠᠢ ᠰᠠᠪᠠ ᠶᠢᠨ ᠦᠢᠯᠡᠳᠪᠦᠷᠢᠯᠡᠵᠦ ᠵᠢᠯᠣᠭᠤᠳᠬᠤ ᠲᠦᠪ ᠤᠨ | ᠳᠣᠭᠠᠴᠠᠯᠠᠭᠰᠠᠨ ᠳᠠᠪᠴᠠᠩ ᠳᠤ ᠬᠦᠷᠴᠦ ᠰᠣᠪᠣᠷᠭ᠎ᠠ ᠰᠢᠳᠠᠮᠠᠬᠠᠢ ᠬᠡᠢ ᠶᠢᠨ ᠠᠢ ᠰᠠᠪᠠ ᠶᠢᠨ ᠬᠠᠶᠢᠨ ᠰᠤᠳᠤᠯᠵᠤ | ᠨᠡᠬᠡᠬᠡᠯᠳᠡ ᠬᠢᠬᠦ᠂ ᠦᠢᠯᠡᠳᠪᠦᠷᠢᠯᠡᠵᠦ ᠠᠵᠢᠯᠯᠠᠬᠤ᠂ ᠠᠶᠣᠯᠬᠦᠢ ᠶᠢᠨ ᠬᠠᠮᠢᠶᠠᠷᠣᠯᠳᠠ ᠵᠡᠷᠭᠡ ᠶᠢ ᠨᠠᠷᠢᠨ | ᠣᠶᠢᠯᠠᠭᠠᠭᠰᠠᠨ ᠪᠠᠶᠢᠨ᠎ᠠ᠃ | |